ᠵᠤᠬᠢᠶᠠᠭᠴᠢ:
ᠴᠠᠭ:2022-09-09
ᠥᠵᠡᠭᠰᠡᠨ : ℃
ᠢᠷᠡᠯᠲᠡ: 《ᠥᠪᠥᠷ ᠮᠣᠩᠭᠤᠯ ᠤᠨ ᠡᠳᠦᠷ ᠤᠨ ᠰᠣᠨᠢᠨ》
ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ︽ᠴᠢᠬᠡᠴᠢ ᠰᠣᠶᠣᠯ ᠤᠨ ᠤᠬᠠᠭᠤᠯᠭ᠎ᠠ ᠶᠢᠨ ᠰᠠᠷ᠎ᠠ︾ ᠶᠢᠨ ᠡᠬᠢᠯᠡᠯᠲᠡ ᠶᠢᠨ ᠶᠣᠰᠣᠯᠠᠯ ᠶᠠᠪᠤᠭᠳᠠᠪᠠ ᠵᠧᠩ ᠭᠤᠸᠠᠩ ᠵᠤᠤ ᠪᠠᠶᠠᠷ ᠤᠨ ᠦᠭᠡ ᠬᠡᠯᠡᠪᠡ
2022 9 ᠰᠠᠷ᠎ᠠ ᠶᠢᠨ 6 ᠤ ᠡᠳᠦᠷ᠂ ᠪᠥᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ 《ᠴᠢᠬᠡᠴᠢ ᠰᠣᠶᠣᠯ ᠤᠨ ᠤᠬᠠᠭᠤᠯᠭ᠎ᠠ ᠶᠢᠨ ᠰᠠᠷ᠎ᠠ》 ᠶᠢᠨ ᠡᠬᠢᠯᠡᠯᠲᠡ ᠶᠢᠨ ᠶᠣᠰᠣᠯᠠᠯ ᠵᠢᠴᠢ ᠳᠣᠲᠣᠭᠠᠳᠤ ᠶᠢ ᠬᠠᠮᠠᠭᠠᠯᠠᠬᠤ ᠴᠢᠬᠡᠴᠢ ᠵᠠᠰᠠᠭ ᠤᠨ ᠪᠢᠴᠢᠯ ᠺᠢᠨᠣ᠋ 《ᠴᠠᠭᠳᠠᠭ᠎ᠠ ᠶᠢᠨ ᠲᠠᠩᠭᠠᠷᠢᠭ》 ᠤᠨ ᠠᠩᠬᠠᠨ ᠤ ᠦᠵᠡᠭᠦᠯᠭᠡ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠥᠬᠡᠬᠤᠲᠠ ᠳᠤ ᠶᠠᠪᠤᠭᠳᠠᠵᠤ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠵᠧᠩ ᠭᠤᠸᠠᠩ ᠵᠤᠤ ᠬᠤᠷᠠᠯ ᠳᠤ ᠣᠷᠣᠯᠴᠠᠵᠤ ᠪᠠᠶᠠᠷ ᠤᠨ ᠦᠭᠡ ᠬᠡᠯᠡᠪᠡ᠃
ᠵᠧᠩ ᠭᠤᠸᠠᠩ ᠵᠤᠤ ᠪᠠᠶᠠᠷ ᠤᠨ ᠦᠭᠡ ᠳᠤ ᠪᠠᠨ᠂ ᠪᠦᠬᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠡᠨᠡ ᠤᠳᠠᠭ᠎ᠠ ᠶᠢᠨ 《ᠴᠢᠬᠡᠴᠢ ᠰᠣᠶᠣᠯ ᠤᠨ ᠤᠬᠠᠭᠤᠯᠭ᠎ᠠ ᠶᠢᠨ ᠰᠠᠷ᠎ᠠ》 ᠶᠢᠨ ᠠᠵᠢᠯᠯᠠᠭ᠎ᠠ ᠪᠠᠷ ᠲᠣᠬᠢᠶᠠᠯ ᠪᠣᠯᠭᠠᠵᠤ᠂ ᠴᠢᠬᠡᠴᠢ ᠰᠣᠶᠣᠯ ᠤᠨ ᠪᠠᠶᠢᠭᠤᠯᠤᠯᠲᠠ ᠶᠢ ᠬᠥᠮᠥᠰ ᠤᠨ ᠰᠡᠳᠬᠢᠯ ᠢ ᠪᠠᠶᠠᠰᠬᠠᠬᠤ ᠢᠨᠵᠧᠨᠧᠷᠢᠩ᠂ ᠰᠢᠰᠲ᠋ᠧᠮᠲᠦ ᠢᠨᠵᠧᠨᠧᠷᠢᠩ ᠪᠣᠯᠭᠠᠬᠤ ᠶᠢ ᠪᠠᠷᠢᠮᠲᠠᠯᠠᠵᠤ᠂ ᠢᠲᠡᠭᠡᠯ ᠵᠣᠷᠢᠭ ᠢᠶᠠᠨ ᠪᠠᠲᠤᠳᠬᠠᠨ᠂ ᠨᠠᠮ ᠤᠨ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ ᠲᠦᠷᠦ ᠶᠢᠨ ᠶᠣᠰᠣ ᠳᠦᠷᠢᠮ ᠢ ᠴᠢᠩᠭ᠎ᠠ ᠰᠠᠬᠢᠵᠤ᠂ ᠲᠥᠪ ᠭᠤᠣᠯᠴᠢ ᠠᠷᠢᠭᠤᠨ ᠴᠢᠬᠡᠴᠢ ᠦᠵᠡᠯ ᠰᠠᠨᠠᠭᠠᠨ ᠤ ᠰᠠᠭᠤᠷᠢ ᠪᠠᠨ ᠪᠠᠬᠢᠵᠢᠭᠦᠯᠵᠦ᠂ ᠠᠷᠢᠭᠤᠨ ᠴᠢᠬᠡᠴᠢ ᠪᠠᠷ ᠨᠡᠶᠢᠲᠡ ᠶᠢᠨ ᠲᠥᠯᠥᠭᠡ ᠵᠢᠳᠬᠦᠬᠦ ᠰᠣᠶᠣᠯ ᠤᠨ ᠰᠠᠭᠤᠷᠢ ᠶᠢ ᠵᠤᠵᠠᠭᠠᠳᠬᠠᠵᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠶᠣᠰᠣ ᠮᠣᠷᠠᠯ ᠬᠡᠪ ᠰᠤᠷᠲᠠᠯ ᠢ ᠬᠥᠮᠥᠵᠢᠭᠦᠯᠵᠦ᠂ ᠠᠷᠢᠭᠤᠨ ᠴᠢᠬᠡᠴᠢ ᠪᠠᠷ ᠢᠯᠵᠠᠷᠠᠯ ᠢ ᠡᠰᠡᠷᠭᠦᠴᠡᠬᠦ ᠨᠡᠶᠢᠭᠡᠮ ᠤᠨ ᠬᠡᠪ ᠰᠤᠷᠲᠠᠯ ᠢ ᠪᠠᠳᠠᠷᠠᠭᠤᠯᠬᠤ ᠬᠡᠷᠡᠭᠲᠡᠢ᠃ ᠡᠯ᠎ᠡ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠵᠦ᠂ ᠤᠯᠤᠰ ᠳᠦᠷᠦ ᠶᠢᠨ ᠬᠠᠷᠢᠭᠤᠴᠠᠯᠭ᠎ᠠ ᠪᠠᠨ ᠴᠢᠩᠭᠠᠳᠬᠠᠵᠤ᠂ ᠠᠵᠢᠯ ᠤᠨ ᠲᠣᠭᠲᠠᠴᠠ ᠪᠠᠨ ᠲᠡᠭᠦᠯᠳᠡᠷᠵᠢᠭᠦᠯᠵᠦ᠂ ᠠᠷᠢᠭᠤᠨ ᠴᠢᠬᠡᠴᠢ ᠰᠣᠶᠣᠯ ᠤᠨ ᠪᠠᠶᠢᠭᠤᠯᠤᠯᠲᠠ ᠪᠠᠨ ᠳᠠᠰᠤᠷᠠᠯᠳᠠ ᠦᠭᠡᠢ ᠴᠢᠩᠭᠠᠳᠬᠠᠵᠤ᠂ ᠳᠣᠲᠣᠭᠠᠳᠤ ᠶᠢ ᠬᠠᠮᠠᠭᠠᠯᠠᠬᠤ ᠠᠵᠢᠯ ᠳᠤ ᠰᠢᠨ᠎ᠡ ᠵᠢᠳᠬᠦᠯ ᠭᠠᠷᠭᠠᠬᠤ ᠪᠠᠷ ᠬᠦᠴᠦᠯᠡᠨ ᠴᠢᠷᠮᠠᠶᠢᠵᠤ᠂ ᠳᠣᠲᠣᠭᠠᠳᠤ ᠶᠢ ᠬᠠᠮᠠᠭᠠᠯᠠᠬᠤ ᠡᠩᠨᠡᠭᠡ ᠶᠢᠨ ᠰᠢᠨ᠎ᠡ ᠳᠦᠷᠰᠦ ᠪᠠᠶᠢᠳᠠᠯ ᠢ ᠢᠯᠡᠷᠡᠭᠦᠯᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠴᠢᠬᠤᠯᠠᠴᠢᠯᠠᠪᠠ᠃
《ᠴᠢᠬᠡᠴᠢ ᠰᠣᠶᠣᠯ ᠤᠨ ᠰᠠᠷ᠎ᠠ》 ᠶᠢᠨ ᠬᠤᠭᠤᠴᠠᠭᠠᠨ ᠳᠤ᠂ ᠥᠪᠡᠷᠲᠡᠭᠡᠨ ᠵᠠᠰᠠᠬᠤ ᠣᠷᠣᠨ ᠤ ᠳᠣᠲᠣᠭᠠᠳᠤ ᠶᠢ ᠬᠠᠮᠠᠭᠠᠯᠠᠬᠤ ᠲᠢᠩᠬᠢᠮ ᠠᠴᠠ ᠲᠥᠪᠯᠡᠷᠡᠭᠦᠯᠦᠨ ᠰᠤᠷᠤᠯᠴᠠᠬᠤ᠂ ᠲᠤᠰᠬᠠᠢ ᠰᠡᠳᠦᠪᠲᠦ ᠲᠠᠶᠢᠯᠤᠮᠵᠢ ᠬᠢᠬᠦ᠂ ᠤᠯᠤᠰ ᠲᠥᠷᠥ ᠶᠢᠨ ᠡᠭᠡᠯᠵᠢᠯᠡᠨ ᠪᠣᠯᠪᠠᠰᠤᠷᠠᠭᠤᠯᠬᠤ ᠵᠢᠱᠢᠶ᠎ᠡ ᠦᠵᠡᠭᠦᠯᠬᠦ ᠠᠩᠭᠢ ᠡᠷᠬᠢᠯᠡᠬᠦ᠂ ᠴᠢᠬᠡᠴᠢ ᠵᠠᠰᠠᠭ ᠤᠨ ᠬᠥᠮᠦᠵᠢᠯ ᠥᠷᠨᠢᠭᠦᠯᠬᠦ᠂ ᠶᠠᠷᠢᠶ᠎ᠠ ᠢᠯᠡᠳᠬᠡᠯ ᠤᠨ ᠤᠷᠤᠯᠳᠤᠭᠠᠨ ᠶᠠᠪᠤᠭᠤᠯᠬᠤ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠲᠤᠰ ᠤᠳᠠᠭ᠎ᠠ ᠶᠢᠨ ᠠᠵᠢᠯᠯᠠᠭ᠎ᠠ ᠳᠤ ᠠᠩᠬ᠎ᠠ ᠤᠳᠠᠭ᠎ᠠ ᠨᠡᠪᠲᠡᠷᠡᠭᠦᠯᠦᠭᠰᠡᠨ ᠪᠢᠴᠢᠯ ᠺᠢᠨᠣ᠋ 《ᠴᠠᠭᠳᠠᠭ᠎ᠠ ᠶᠢᠨ ᠲᠠᠩᠭᠠᠷᠢᠭ》 ᠨᠢ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ 《ᠠᠷᠢᠭᠤᠨ ᠴᠢᠬᠡᠴᠢ ᠳᠤᠮᠳᠠᠳᠤ ᠤᠯᠤᠰ》 ᠤᠨ ᠰᠢᠯᠢᠳᠡᠭ 《ᠭᠤᠷᠪᠠᠨ ᠪᠢᠴᠢᠯ》 ᠪᠦᠲᠦᠭᠡᠯ ᠢ ᠡᠯᠰᠡᠵᠦ ᠳᠡᠯᠭᠡᠨ ᠨᠡᠪᠲᠡᠷᠡᠭᠦᠯᠬᠦ ᠠᠵᠢᠯᠯᠠᠭ᠎ᠠ ᠳᠤ ᠣᠷᠣᠯᠴᠠᠭᠤᠯᠬᠤ ᠪᠠᠷ ᠰᠣᠩᠭᠤᠭᠳᠠᠵᠠᠢ᠃