ᠵᠤᠬᠢᠶᠠᠭᠴᠢ:
ᠴᠠᠭ:2022-08-05
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠬᠡᠷᠡᠭᠴᠡᠭᠡ ᠶᠢ ᠴᠢᠨᠠᠭᠰᠢᠳᠠ ᠥᠷᠭᠡᠳᠬᠡᠬᠦ ᠠᠷᠭ᠎ᠠ ᠬᠡᠮᠵᠢᠶ᠎ᠡ ᠶᠢ ᠪᠠᠶᠢᠷᠢᠯᠠᠭᠤᠯᠵᠤ᠂ ᠪᠦᠲᠦᠮᠵᠢᠲᠡᠶ ᠪᠡᠯᠡ ᠣᠷᠣᠭᠤᠯᠤᠯᠲᠠ ᠪᠠ ᠬᠡᠷᠡᠭᠯᠡᠭᠡ ᠶᠢᠨ ᠨᠡᠮᠡᠭᠳᠡᠯ ᠢ ᠠᠬᠢᠭᠤᠯᠪᠠ
ᠨᠠᠮᠤᠷ ᠤᠨ ᠠᠮᠤ ᠪᠤᠳᠠᠭᠠᠨ ᠤ ᠦᠢᠯᠡᠳᠪᠦᠷᠢᠯᠡᠯ ᠢ ᠥᠴᠥᠬᠡᠨ ᠴᠦ ᠰᠤᠯᠠᠷᠠᠭᠤᠯᠤᠯ ᠦᠭᠡᠢ ᠪᠠᠷ ᠰᠠᠶᠢᠲᠤᠷ ᠠᠳᠬᠤᠵᠤ᠂ ᠪᠦᠬᠦ ᠵᠢᠯ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠶᠢ ᠦᠨᠡᠨ ᠬᠦ ᠪᠠᠲᠤᠯᠠᠬᠤ ᠲᠤᠬᠠᠢ ᠪᠠᠶᠢᠷᠢᠯᠠᠭᠤᠯᠪᠠ
ᠦᠶᠡᠷ ᠢ ᠰᠡᠷᠭᠡᠶᠢᠯᠡᠨ ᠭᠠᠩ ᠪᠠ ᠪᠠᠶᠢᠭᠠᠯᠢ ᠶᠢᠨ ᠭᠠᠮᠰᠢᠭ ᠢ ᠠᠷᠭᠠᠴᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠲᠤᠬᠠᠢ ᠪᠠᠶᠢᠷᠢᠯᠠᠭᠤᠯᠪᠠ
ᠰᠢᠨᠬᠤᠸᠠ ᠬᠤᠷᠢᠶᠠᠨ ᠤ ᠪᠡᠭᠡᠵᠢᠩ ᠤᠨ 2022 7 ᠳ᠋ᠤᠭᠠᠷ ᠰᠠᠷ᠎ᠠ ᠶᠢᠨ 29 ᠤ ᠴᠠᠬᠢᠯᠭᠠᠨ ᠮᠡᠳᠡᠭᠡ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 7 ᠳ᠋ᠤᠭᠠᠷ ᠰᠠᠷ᠎ᠠ ᠶᠢᠨ 29 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠡᠷᠡᠭᠴᠡᠭᠡ ᠶᠢ ᠴᠢᠨᠠᠭᠰᠢᠳᠠ ᠥᠷᠭᠡᠳᠬᠡᠬᠦ ᠠᠷᠭ᠎ᠠ ᠬᠡᠮᠵᠢᠶ᠎ᠡ ᠶᠢ ᠪᠠᠶᠢᠷᠢᠯᠠᠭᠤᠯᠵᠤ᠂ ᠪᠦᠲᠦᠮᠵᠢᠲᠡᠢ ᠪᠡᠯᠡ ᠣᠷᠣᠭᠤᠯᠤᠯᠲᠠ ᠪᠠ ᠬᠡᠷᠡᠭᠯᠡᠭᠡ ᠶᠢᠨ ᠨᠡᠮᠡᠭᠳᠡᠯ ᠢ ᠠᠬᠢᠭᠤᠯᠪᠠ︔ ᠨᠠᠮᠤᠷ ᠤᠨ ᠠᠮᠤ ᠪᠤᠳᠠᠭᠠᠨ ᠤ ᠦᠢᠯᠡᠳᠪᠦᠷᠢᠯᠡᠯ ᠢ ᠥᠴᠥᠬᠡᠨ ᠴᠦ ᠰᠤᠯᠠᠷᠠᠭᠤᠯᠤᠯ ᠦᠭᠡᠢ ᠪᠠᠷ ᠰᠠᠶᠢᠲᠤᠷ ᠠᠳᠬᠤᠵᠤ᠂ ᠪᠦᠬᠦ ᠵᠢᠯ ᠤᠨ ᠠᠮᠤ ᠪᠤᠳᠠᠭᠠᠨ ᠤ ᠡᠯᠪᠡᠭ ᠬᠤᠷᠢᠶᠠᠯᠲᠠ ᠶᠢ ᠦᠨᠡᠨ ᠬᠦ ᠪᠠᠲᠤᠯᠠᠬᠤ ᠲᠤᠬᠠᠢ ᠪᠠᠶᠢᠷᠢᠯᠠᠭᠤᠯᠪᠠ︔ ᠦᠶᠡᠷ ᠢ ᠰᠡᠷᠭᠡᠶᠢᠯᠡᠨ ᠭᠠᠩ ᠪᠠ ᠪᠠᠶᠢᠭᠠᠯᠢ ᠶᠢᠨ ᠭᠠᠮᠰᠢᠭ ᠢ ᠠᠷᠭᠠᠴᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠠᠷᠠᠳ ᠲᠦᠮᠡᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠲᠤᠬᠠᠢ ᠪᠠᠶᠢᠷᠢᠯᠠᠭᠤᠯᠪᠠ᠃
ᠬᠤᠷᠠᠯ ᠠᠴᠠ ᠵᠢᠭᠠᠬᠤ ᠳᠤ ᠪᠠᠨ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠂ ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠢ ᠶᠢ ᠲᠣᠭᠲᠠᠪᠤᠷᠢᠵᠢᠭᠤᠯᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ ᠱᠠᠭᠠᠷᠳᠠᠯᠭ᠎ᠠ ᠶᠣᠰᠣᠭᠠᠷ᠂ ᠣᠳᠣᠬᠠᠨ ᠤ ᠴᠢᠬᠤᠯᠠ ᠵᠠᠩᠭᠢᠯᠠᠭ᠎ᠠ ᠶᠢᠨ ᠴᠡᠭ ᠢ ᠠᠳᠬᠤᠵᠤ᠂ ᠠᠵᠤ ᠠᠬᠤᠢ ᠶᠢᠨ ᠰᠡᠷᠭᠦᠯᠲᠡ ᠶᠢᠨ ᠰᠠᠭᠤᠷᠢ ᠶᠢ ᠪᠠᠬᠢᠵᠢᠭᠦᠯᠵᠦ᠂ ᠡᠨᠡ ᠵᠢᠯ ᠤᠨ ᠠᠵᠤ ᠠᠬᠤᠢ ᠶᠢᠨ ᠠᠵᠢᠯᠯᠠᠭᠠᠨ ᠢ ᠵᠣᠬᠢᠰᠲᠠᠢ ᠣᠷᠣᠨ ᠵᠠᠢ ᠳᠤ ᠪᠠᠶᠢᠯᠭᠠᠬᠤ ᠶᠢ ᠪᠠᠲᠤᠯᠠᠬᠤ ᠬᠡᠷᠡᠭᠲᠡᠢ᠃ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠪᠠᠷᠠᠭᠠᠨ ᠤ ᠦᠨ᠎ᠡ ᠶᠢ ᠲᠣᠭᠲᠠᠪᠤᠷᠢᠵᠢᠭᠤᠯᠬᠤ ᠪᠣᠯ ᠠᠵᠤ ᠠᠬᠤᠢ ᠶᠢ ᠲᠣᠭᠲᠠᠪᠤᠷᠢᠵᠢᠭᠤᠯᠬᠤ ᠶᠢᠨ ᠴᠢᠬᠤᠯᠠ ᠶᠠᠪᠤᠳᠠᠯ ᠪᠣᠯᠣᠨ᠎ᠠ᠃ ᠠᠷᠭ᠎ᠠ ᠪᠣᠳᠣᠯᠭ᠎ᠠ ᠶᠢ ᠶᠡᠷᠦᠩᠬᠡᠶᠢᠯᠡᠨ ᠬᠡᠷᠡᠭᠵᠢᠭᠦᠯᠵᠦ ᠪᠦᠲᠦᠮᠵᠢᠲᠡᠢ ᠬᠡᠷᠡᠭᠴᠡᠭᠡ ᠶᠢ ᠥᠷᠭᠡᠳᠬᠡᠬᠦ ᠬᠡᠷᠡᠭᠲᠡᠢ᠃ ᠨᠢᠭᠡ ᠳᠤ᠂ ᠠᠵᠤ ᠠᠬᠤᠢ ᠶᠢᠨ ᠰᠡᠷᠭᠦᠯᠲᠡ ᠬᠥᠭᠵᠢᠯᠲᠡ ᠳᠤ ᠦᠵᠡᠭᠦᠯᠬᠦ ᠪᠦᠲᠦᠮᠵᠢᠲᠡᠶ ᠪᠡᠯᠡ ᠣᠷᠣᠭᠤᠯᠤᠯᠲᠠ ᠶᠢᠨ ᠵᠠᠩᠭᠢᠯᠠᠭ᠎ᠠ ᠶᠢᠨ ᠴᠢᠨᠠᠷᠲᠠᠢ ᠦᠢᠯᠡᠳᠦᠯ ᠢ ᠪᠠᠳᠠᠷᠠᠭᠤᠯᠤᠨ᠎ᠠ᠃ ᠪᠡᠯᠡ ᠣᠷᠣᠭᠤᠯᠬᠤ ᠳᠤ ᠪᠠᠨ ᠪᠦᠲᠦᠮᠵᠢᠲᠦ ᠴᠢᠨᠠᠷ ᠢ ᠴᠢᠬᠤᠯᠠᠴᠢᠯᠠᠵᠤ᠂ ᠴᠠᠭ ᠲᠤᠬᠠᠢ ᠳᠤ ᠨᠢ ᠡᠷᠡᠰ ᠰᠢᠭᠤᠷᠬᠠᠢ ᠪᠠᠷ ᠰᠢᠢᠳᠪᠦᠷᠢᠲᠦ ᠪᠣᠳᠣᠯᠭ᠎ᠠ ᠶᠢ ᠬᠡᠷᠡᠭᠵᠢᠭᠦᠯᠵᠦ᠂ ᠴᠠᠭ ᠲᠣᠬᠢᠶᠠᠯ ᠢ ᠰᠠᠭᠠᠲᠠᠭᠠᠬᠤ ᠦᠭᠡᠢ ᠮᠥᠷᠲᠡᠭᠡᠨ ᠪᠠᠰᠠ ᠬᠡᠲᠦᠷᠡᠭᠦᠯᠬᠦ ᠦᠭᠡᠢ ᠪᠠᠶᠢᠬᠤ ᠬᠡᠷᠡᠭᠲᠡᠢ᠃ ᠲᠥᠪ ᠤᠨ ᠲᠥᠰᠥᠪ ᠤᠨ ᠳᠣᠲᠣᠷᠠᠬᠢ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠬᠡᠷᠡᠭᠵᠢᠭᠦᠯᠦᠯᠲᠡ ᠶᠢ ᠲᠦᠷᠭᠡᠳᠬᠡᠵᠦ᠂ ᠣᠷᠣᠨ ᠨᠤᠲᠤᠭ ᠢ ᠰᠢᠮᠳᠠᠭᠤᠯᠵᠤ ᠪᠠᠶᠢᠭᠠᠳ ᠲᠤᠰᠬᠠᠢ ᠵᠦᠢᠯ ᠤᠨ ᠵᠢᠭᠡᠯᠡᠯᠭᠡ ᠶᠢᠨ ᠬᠡᠷᠡᠭᠯᠡᠭᠡ ᠶᠢ ᠲᠥᠷᠭᠡᠳᠬᠡᠨ᠎ᠡ᠃ ᠵᠠᠬ᠎ᠠ ᠳᠡᠯᠭᠡᠭᠦᠷᠴᠢᠯᠡᠬᠦ ᠠᠷᠭ᠎ᠠ ᠮᠠᠶ᠋ᠢᠭ ᠢᠶᠠᠷ ᠲᠦᠷᠦ ᠶᠢᠨ ᠪᠣᠳᠣᠯᠭ᠎ᠠ ᠶᠢᠨ ᠴᠢᠨᠠᠷᠲᠠᠢ᠂ ᠨᠡᠭᠡᠭᠡᠨ ᠬᠥᠭᠵᠢᠭᠦᠯᠬᠦ ᠴᠢᠨᠠᠷᠲᠠᠢ ᠮᠥᠩᠭᠦᠨ ᠭᠦᠢᠯᠭᠡᠭᠡᠨ ᠤ ᠪᠠᠭᠠᠵᠢ ᠶᠢ ᠰᠠᠶᠢᠲᠤᠷ ᠬᠡᠷᠡᠭᠯᠡᠵᠦ᠂ ᠳᠡᠮᠵᠢᠯᠭᠡ ᠶᠢᠨ ᠲᠥᠷᠥᠯ ᠵᠦᠢᠯ ᠢ 《ᠠᠷᠪᠠᠨ ᠳᠥᠷᠪᠡᠳᠦᠭᠡᠷ ᠲᠠᠪᠤᠨ ᠵᠢᠯ》 ᠤᠨ ᠲᠥᠯᠦᠪᠵᠢᠭᠦᠯᠭᠡ ᠳᠤ ᠨᠡᠶᠢᠴᠡᠭᠦᠯᠵᠦ᠂ ᠣᠳᠣᠬᠠᠨ ᠳᠤ ᠠᠰᠢᠭᠲᠠᠢ ᠮᠥᠷᠲᠡᠭᠡᠨ ᠠᠯᠤᠰ ᠢᠷᠡᠭᠡᠳᠦᠢ ᠳᠤ ᠴᠦ ᠠᠰᠢᠭᠲᠠᠢ ᠪᠠᠶᠢᠯᠭᠠᠵᠤ᠂ ᠭᠤᠣᠯᠳᠠᠭᠤ ᠵᠠᠮ ᠬᠠᠷᠢᠯᠴᠠᠭ᠎ᠠ᠂ ᠡᠨᠧᠷᠭᠢ ᠂ ᠪᠠᠷᠠᠭᠠᠨ ᠤ ᠭᠦᠢᠯᠭᠡᠭᠡ᠂ ᠲᠠᠷᠢᠶᠠᠯᠠᠩ ᠬᠥᠳᠡᠭᠡ ᠲᠣᠰᠬᠤᠨ ᠵᠡᠷᠭᠡ ᠰᠠᠭᠤᠷᠢ ᠪᠡᠯᠡᠳᠬᠡᠮᠵᠢ ᠪᠠ ᠰᠢᠨ᠎ᠡ ᠬᠡᠯᠪᠡᠷᠢ ᠶᠢᠨ ᠰᠠᠭᠤᠷᠢ ᠪᠡᠯᠡᠳᠬᠡᠮᠵᠢ ᠳᠤ ᠣᠷᠣᠭᠤᠯᠬᠤ ᠬᠡᠷᠡᠭᠲᠡᠢ᠃ ᠭᠠᠵᠠᠷ ᠰᠢᠷᠣᠢ ᠶᠢ ᠨᠥᠭᠡᠴᠡᠯᠡᠬᠦ ᠪᠠ ᠣᠷᠣᠨ ᠨᠤᠲᠤᠭ ᠤᠨ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠳᠤᠲᠠᠭᠤᠳᠠᠯ ᠢ ᠨᠥᠬᠦᠪᠦᠷᠢᠯᠡᠬᠦ ᠵᠡᠷᠭᠡ ᠳᠤ ᠬᠡᠷᠡᠭᠯᠡᠵᠦ ᠪᠣᠯᠬᠤ ᠦᠭᠡᠢ᠃ ᠲᠦᠷᠦᠯ ᠵᠦᠢᠯ ᠳᠤ ᠨᠥᠬᠦᠴᠡᠯ ᠪᠦᠷᠢᠳᠦᠭᠦᠯᠵᠦ᠂ ᠦᠷ᠎ᠡ ᠠᠰᠢᠭ ᠲᠠᠢ ᠪᠠᠶᠢᠯᠭᠠᠵᠤ᠂ ᠠᠯᠢ ᠲᠦᠷᠭᠡᠨ ᠢᠶᠠᠷ ᠦᠢᠯᠡᠳᠦᠯ ᠢ ᠨᠢ ᠪᠠᠳᠠᠷᠠᠭᠤᠯᠵᠤ᠂ ᠥᠷᠢᠰᠦᠯᠳᠦᠭᠡᠨ ᠤ ᠴᠢᠨᠠᠷᠲᠠᠢ ᠠᠵᠤ ᠦᠢᠯᠡᠰ ᠢ ᠪᠦᠷᠢᠮᠦᠰᠦᠨ ᠵᠠᠬ᠎ᠠ ᠳᠡᠯᠭᠡᠭᠦᠷᠴᠢᠯᠡᠨ ᠬᠥᠭᠵᠢᠭᠦᠯᠬᠦ ᠳᠤ ᠲᠦᠰᠢᠭᠯᠡᠬᠦ ᠬᠡᠷᠡᠭᠲᠡᠢ᠃ ᠪᠦᠲᠦᠮᠵᠢᠲᠡᠶ ᠪᠡᠯᠡ ᠣᠷᠣᠭᠤᠯᠤᠯᠲᠠ ᠶᠢᠨ ᠴᠢᠬᠤᠯᠠ ᠲᠥᠷᠥᠯ ᠵᠦᠢᠯ ᠤᠨ ᠵᠣᠬᠢᠴᠠᠭᠤᠯᠬᠤ ᠲᠣᠭᠲᠠᠴᠠ ᠶᠢ ᠦᠷᠭᠦᠯᠵᠢᠯᠡᠨ ᠥᠨᠳᠥᠷ ᠪᠦᠲᠦᠮᠵᠢᠲᠡᠶ ᠪᠠᠷ ᠠᠵᠢᠯᠯᠠᠭᠤᠯᠵᠤ᠂ ᠰᠠᠭᠠᠳ ᠦᠭᠡᠢ ᠨᠡᠪᠲᠡᠷᠡᠬᠦ ᠵᠠᠮ ᠢ ᠨᠡᠭᠡᠭᠡᠨ᠂ ᠨᠡᠶᠢᠯᠡᠭᠦᠯᠦᠨ ᠬᠤᠯᠪᠣᠯᠳᠤᠭᠤᠯᠵᠤ ᠬᠢᠨᠠᠨ ᠵᠥᠪᠰᠢᠶᠡᠷᠡᠬᠦ ᠶᠢ ᠬᠡᠷᠡᠭᠵᠢᠭᠦᠯᠦᠨ᠂ ᠭᠠᠵᠠᠷ ᠬᠡᠷᠡᠭᠯᠡᠬᠦ ᠡᠨᠧᠷᠭᠢ ᠬᠡᠷᠡᠭᠯᠡᠬᠦ ᠣᠷᠴᠢᠨ ᠲᠣᠭᠤᠷᠢᠨ ᠨᠥᠯᠥᠭᠡᠯᠡᠯ ᠤᠨ ᠦᠨᠡᠯᠡᠯᠲᠡ ᠵᠡᠷᠭᠡ ᠭᠠᠷᠳᠠᠮ ᠢ ᠬᠠᠤᠯᠢ ᠲᠣᠭᠲᠠᠭᠠᠯ ᠶᠣᠰᠣᠭᠠᠷ ᠲᠦᠷᠭᠡᠳᠬᠡᠨ ᠭᠦᠢᠴᠡᠳᠬᠡᠵᠦ᠂ ᠢᠨᠵᠧᠨᠧᠷᠢᠩ ᠤᠨ ᠶᠠᠰᠤ ᠴᠢᠨᠠᠷ ᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ ᠭᠤᠷᠪᠠᠳᠤᠭᠠᠷ ᠤᠯᠠᠷᠢᠯ ᠳᠤ ᠨᠠᠩ ᠣᠯᠠᠨ ᠪᠣᠳᠠᠲᠤ ᠠᠵᠢᠯ ᠤᠨ ᠠᠷᠭ᠎ᠠ ᠬᠡᠮᠵᠢᠶ᠎ᠡ ᠶᠢ ᠲᠦᠷᠭᠡᠬᠡᠨ ᠪᠣᠶ ᠪᠣᠯᠭᠠᠬᠤ ᠬᠡᠷᠡᠭᠲᠡᠢ᠃ ᠬᠤᠶᠠᠷ ᠲᠤ᠂ ᠬᠡᠷᠡᠭᠯᠡᠭᠡ ᠶᠢ ᠦᠷᠭᠦᠯᠵᠢᠯᠡᠨ ᠠᠵᠤ ᠠᠬᠤᠢ ᠶᠢᠨ ᠭᠤᠣᠯ ᠬᠥᠳᠡᠯᠭᠡᠭᠴᠢ ᠬᠦᠴᠦᠨ ᠪᠣᠯᠭᠠᠬᠤ ᠶᠢ ᠠᠬᠢᠭᠤᠯᠤᠨ᠎ᠠ᠃ ᠣᠨᠴᠠ ᠵᠠᠷᠢᠮ ᠭᠠᠵᠠᠷ ᠣᠷᠣᠨ ᠢ ᠭᠠᠷᠭᠠᠪᠠᠯ᠂ ᠬᠤᠳᠠᠯᠳᠤᠨ ᠠᠪᠬᠤ ᠶᠢ ᠬᠢᠵᠠᠭᠠᠷᠯᠠᠭᠰᠠᠨ ᠭᠠᠵᠠᠷ ᠣᠷᠣᠨ ᠨᠤᠭᠤᠳ ᠮᠠᠰᠢᠨ ᠲᠡᠷᠭᠡ ᠶᠢ ᠨᠡᠮᠡᠭᠳᠡᠭᠦᠯᠬᠦ ᠭᠦᠢᠴᠡᠳᠬᠡᠯ ᠲᠤᠭ᠎ᠠ ᠶᠢᠨ ᠲᠤᠭ᠎ᠠ ᠬᠡᠮᠵᠢᠶ᠎ᠡ ᠶᠢ ᠠᠯᠬᠤᠮ ᠠᠯᠬᠤᠮ ᠢᠶᠠᠷ ᠨᠡᠮᠡᠭᠳᠡᠭᠦᠯᠵᠦ᠂ ᠮᠠᠰᠢᠨ ᠲᠡᠷᠭᠡ ᠬᠤᠳᠠᠯᠳᠤᠨ ᠠᠪᠬᠤ ᠬᠥᠮᠥᠰ ᠤᠨ ᠬᠢᠷᠢ ᠬᠡᠮ ᠤᠨ ᠬᠢᠵᠠᠭᠠᠷᠯᠠᠯ ᠢ ᠠᠭᠤᠵᠢᠭᠤ ᠲᠠᠯᠪᠢᠬᠤ ᠬᠡᠷᠡᠭᠲᠡᠢ᠃ ᠭᠠᠷ ᠳᠠᠮᠵᠢᠭᠰᠠᠨ ᠮᠠᠰᠢᠨ ᠲᠡᠷᠭᠡᠨ ᠤ ᠭᠦᠢᠯᠭᠡᠭᠡᠨ ᠤ ᠲᠦᠭᠵᠢᠷᠡᠯ ᠢ ᠨᠡᠪᠲᠡᠷᠡᠭᠦᠯᠦᠨ᠎ᠡ᠃ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ ᠭᠠᠶᠢᠯᠢ ᠬᠡᠯᠲᠦᠷᠢᠭᠦᠯᠬᠦ ᠲᠦᠷᠦ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ᠃ ᠣᠷᠣᠨ ᠰᠠᠭᠤᠴᠠ ᠶᠢᠨ ᠴᠢᠩᠭ᠎ᠠ ᠡᠵᠡᠮᠳᠡᠯ ᠪᠠ ᠰᠠᠶᠢᠵᠢᠷᠠᠭᠤᠯᠬᠤ ᠴᠢᠨᠠᠷᠲᠠᠢ ᠬᠡᠷᠡᠭᠴᠡᠭᠡ ᠶᠢ ᠲᠡᠮᠵᠢᠨ᠎ᠠ᠃ ᠣᠷᠣᠨ ᠨᠤᠲᠤᠭ ᠢ ᠵᠣᠷᠢᠭᠵᠢᠭᠤᠯᠵᠤ ᠪᠠᠶᠢᠭᠠᠳ ᠪᠣᠬᠢᠷᠳᠤᠯ ᠦᠭᠡᠢ ᠭᠡᠷ ᠤᠨ ᠴᠠᠬᠢᠯᠭᠠᠨ ᠬᠡᠷᠡᠭᠰᠡᠯ᠂ ᠪᠣᠬᠢᠷᠳᠤᠯ ᠦᠭᠡᠢ ᠪᠠᠷᠢᠯᠭ᠎ᠠ ᠶᠢᠨ ᠮᠠᠲ᠋ᠧᠷᠢᠶᠠᠯ ᠵᠡᠷᠭᠡ ᠳᠤ ᠵᠣᠬᠢᠬᠤ ᠬᠡᠮᠵᠢᠶᠡᠨ ᠤ ᠨᠥᠬᠦᠪᠦᠷᠢ ᠥᠭᠬᠦ ᠪᠤᠶᠤ ᠵᠢᠭᠡᠯᠡᠯᠭᠡ ᠶᠢᠨ ᠳᠠᠮ ᠬᠦᠦ ᠥᠭᠭᠦᠨ᠎ᠡ᠃ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠬᠡᠷᠡᠭᠯᠡᠭᠡ ᠶᠢᠨ ᠠᠭᠤᠰᠤᠯᠴᠠᠯ ᠢ ᠲᠦᠷᠭᠡᠳᠬᠡᠵᠦ᠂ ᠲᠣᠭᠠᠴᠢᠯᠠᠭᠰᠠᠨ ᠬᠡᠷᠡᠭᠯᠡᠭᠡ ᠶᠢ ᠢᠳᠡᠪᠬᠢᠲᠡᠢ ᠬᠥᠭᠵᠢᠭᠦᠯᠦᠨ᠎ᠡ᠃ ᠢᠳᠡᠭᠡᠨ ᠤᠮᠳᠠᠭᠠᠨ᠂ ᠵᠢᠵᠢᠭᠯᠡᠨ ᠬᠤᠳᠠᠯᠳᠤᠬᠤ᠂ ᠠᠶᠠᠯᠠᠯ ᠵᠢᠭᠤᠯᠴᠢᠯᠠᠯ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠬᠦᠴᠢᠷᠳᠡᠯ ᠲᠠᠢ ᠠᠵᠢᠯ ᠲᠦᠷᠦᠯ ᠢ ᠲᠡᠳᠬᠦᠨ ᠳᠡᠮᠵᠢᠬᠦ ᠲᠦᠷᠦ ᠶᠢᠨ ᠪᠣᠳᠣᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ᠂ ᠦᠢᠯᠡᠴᠢᠯᠡᠭᠡᠨ ᠤ ᠦᠢᠯᠡᠰ ᠤᠨ ᠦᠷᠳᠡᠭ ᠨᠡᠮᠡᠭᠳᠡᠯ ᠤᠨ ᠭᠠᠶᠢᠯᠢ ᠶᠢ ᠨᠡᠮᠡᠨ ᠪᠤᠳᠤᠵᠤ ᠰᠠᠭᠤᠳᠬᠠᠨ ᠬᠠᠰᠤᠬᠤ ᠶᠢ ᠪᠦᠬᠦ ᠲᠠᠯ᠎ᠠ ᠪᠠᠷ ᠦᠷᠭᠦᠯᠵᠢᠯᠡᠭᠦᠯᠵᠦ᠂ ᠬᠦᠷᠲᠡᠭᠡᠬᠦ ᠶᠣᠰᠣᠲᠠᠢ ᠶᠢ ᠨᠢ ᠪᠦᠬᠦᠨ ᠢ ᠬᠦᠷᠲᠡᠭᠡᠬᠦ ᠶᠢ ᠦᠨᠡᠨ ᠬᠦ ᠪᠠᠲᠤᠯᠠᠵᠤ᠂ ᠦᠢᠯᠡᠴᠢᠯᠡᠭᠡᠨ ᠤ ᠦᠢᠯᠡᠰ ᠤᠨ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠬᠠᠪᠰᠤᠷᠤᠨ ᠲᠡᠳᠬᠦᠵᠦ ᠪᠠᠶᠢᠭᠠᠳ ᠪᠡᠷᠬᠡ ᠪᠣᠭᠤᠮᠲᠠ ᠶᠢ ᠲᠤᠭᠤᠯᠵᠤ᠂ ᠬᠡᠷᠡᠭᠯᠡᠭᠡ ᠶᠢ ᠲᠤᠯᠭᠠᠭᠤᠷᠢᠯᠠᠬᠤ ᠬᠡᠷᠡᠭᠲᠡᠢ ᠭᠡᠵᠡᠢ᠃
ᠬᠤᠷᠠᠯ ᠠᠴᠠ ᠵᠢᠭᠠᠬᠤ ᠳᠤ ᠪᠠᠨ᠂ ᠣᠳᠣᠬᠠᠨ ᠳᠤ ᠮᠠᠨ ᠤ ᠤᠯᠤᠰ ᠤᠨ ᠪᠠᠷᠠᠭᠠᠨ ᠤ ᠦᠨ᠎ᠡ ᠶᠡᠷᠦᠩᠬᠡᠢ ᠳᠤ ᠪᠠᠨ ᠲᠣᠭᠲᠠᠭᠤᠨ ᠪᠤᠢ᠃ ᠡᠨᠡ ᠨᠢ ᠪᠦᠬᠦ ᠪᠥᠮᠪᠥᠷᠴᠡᠭ ᠤᠨ ᠨᠡᠶᠢᠳᠡᠮ ᠤᠨ ᠵᠣᠭᠤᠰ ᠮᠠᠭᠤᠳᠠᠬᠤ ᠪᠠᠶᠢᠳᠠᠯ ᠳᠣᠣᠷ᠎ᠠ ᠦᠨᠡᠬᠡᠷ ᠬᠢᠯᠪᠠᠷ ᠪᠤᠰᠤ ᠶᠤᠮ᠃ ᠠᠷᠠᠳ ᠢᠷᠭᠡᠳ ᠠᠮᠤ ᠪᠤᠳᠠᠭ᠎ᠠ ᠪᠠᠷ ᠠᠮᠢ ᠭᠤᠣᠯ ᠢᠶᠠᠨ ᠪᠣᠯᠭᠠᠮᠤᠢ᠂ ᠠᠮᠤ ᠪᠤᠳᠠᠭᠠᠨ ᠤ ᠦᠨ᠎ᠡ ᠬᠠᠩᠰᠢ ᠪᠣᠯ ᠪᠦᠭᠦᠳᠡ ᠦᠨ᠎ᠡ ᠬᠠᠩᠰᠢ ᠶᠢᠨ ᠰᠠᠭᠤᠷᠢ ᠮᠥᠨ᠃ ᠡᠨᠡ ᠵᠢᠯ ᠤᠨ ᠵᠣᠨ ᠤ ᠠᠮᠤ ᠪᠤᠳᠠᠭᠠᠨ ᠤ ᠤᠨᠠᠯᠲᠠ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠪᠡ᠃ ᠪᠠᠰᠠ ᠨᠠᠮᠤᠷ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠲᠣᠮᠣ ᠶᠠᠪᠤᠳᠠᠯ ᠢ ᠥᠴᠥᠬᠡᠨ ᠴᠦ ᠰᠤᠯᠠᠷᠠᠭᠤᠯᠤᠯ ᠦᠭᠡᠢ ᠪᠠᠷ ᠰᠠᠶᠢᠲᠤᠷ ᠠᠳᠬᠤᠵᠤ᠂ ᠪᠥᠬᠦ ᠵᠢᠯ ᠤᠨ ᠠᠮᠤ ᠪᠤᠳᠠᠭᠠᠨ ᠤ ᠤᠨᠠᠯᠲᠠ ᠶᠢ 1.3 ᠲᠦᠮᠡᠨ ᠳ᠋ᠦᠩᠰᠢᠭᠤᠷ ᠵᠢᠩ ᠠᠴᠠ ᠳᠡᠭᠡᠭᠰᠢ ᠪᠠᠶᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠣᠷᠣᠢ ᠶᠢᠨ ᠲᠤᠲᠤᠷᠭ᠎ᠠ ᠪᠣᠯᠣᠨ ᠨᠠᠮᠤᠷ ᠤᠨ ᠰᠡᠭᠦᠯᠴᠢ ᠶᠢᠨ ᠠᠮᠤ ᠪᠤᠳᠠᠭ᠎ᠠ ᠲᠠᠷᠢᠬᠤ ᠲᠠᠯᠠᠪᠠᠢ ᠶᠢ ᠰᠠᠭᠠᠲᠠᠭᠠᠬᠤ ᠦᠭᠡᠢ ᠪᠠᠷ ᠨᠠᠶᠢᠳᠠᠪᠤᠷᠢᠵᠢᠭᠤᠯᠬᠤ ᠬᠡᠷᠡᠭᠲᠡᠢ᠃ ᠬᠢᠮᠢ ᠶᠢᠨ ᠪᠣᠷᠳᠣᠭᠤᠷ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠩᠭᠠᠯᠭ᠎ᠠ ᠪᠠ ᠲᠠᠷᠢᠶᠠᠨ ᠠᠵᠢᠯ ᠤᠨ ᠬᠠᠮᠢᠶᠠᠷᠤᠯᠲᠠ ᠶᠢ ᠴᠢᠩᠭᠠᠳᠬᠠᠵᠤ᠂ ᠤᠰᠤᠲᠤᠯ᠂ ᠡᠪᠡᠳᠴᠢᠨ ᠬᠤᠷᠣᠬᠠᠢ ᠶᠢᠨ ᠭᠠᠮᠰᠢᠭ ᠵᠡᠷᠭᠡ ᠭᠠᠢ ᠭᠠᠮᠰᠢᠭ ᠢ ᠪᠦᠲᠦᠮᠵᠢᠲᠡᠶ ᠰᠡᠷᠭᠡᠶᠢᠯᠡᠬᠦ ᠬᠡᠷᠡᠭᠲᠡᠢ᠃ ᠡᠷᠲᠡ ᠶᠢᠨ ᠲᠤᠲᠤᠷᠭ᠎ᠠ ᠪᠠ ᠨᠠᠮᠤᠷ ᠤᠨ ᠠᠮᠤ ᠪᠤᠳᠠᠭ᠎ᠠ ᠶᠢᠨ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠨ ᠬᠥᠮᠥᠷᠭᠡ ᠳᠤ ᠣᠷᠣᠭᠤᠯᠵᠤ᠂ ᠤᠯᠠᠨ ᠡᠰᠢᠲᠦ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠵᠠᠬ᠎ᠠ ᠳᠡᠯᠭᠡᠭᠦᠷ ᠲᠤ ᠣᠷᠣᠵᠤ ᠬᠤᠳᠠᠯᠳᠤᠨ ᠠᠪᠬᠤ ᠶᠢ ᠵᠣᠷᠢᠭᠵᠢᠭᠤᠯᠤᠨ᠎ᠠ᠃ ᠲᠤᠲᠤᠷᠭ᠎ᠠ ᠬᠤᠳᠠᠯᠳᠤᠨ ᠠᠪᠬᠤ ᠨᠠᠭᠠᠲᠤ ᠵᠠᠬ᠎ᠠ ᠶᠢᠨ ᠪᠠᠲᠤᠯᠠᠭᠠᠲᠤ ᠦᠨ᠎ᠡ ᠶᠢ ᠴᠠᠭ ᠲᠤᠬᠠᠢ ᠳᠤ ᠨᠢ ᠡᠬᠢᠯᠡᠭᠦᠯᠵᠦ᠂ ᠠᠮᠤ ᠪᠤᠳᠠᠭ᠎ᠠ ᠲᠠᠷᠢᠬᠤ ᠲᠠᠷᠢᠶᠠᠴᠢᠳ ᠤᠨ ᠠᠰᠢᠭ ᠣᠷᠣᠯᠭ᠎ᠠ ᠶᠢ ᠪᠠᠲᠤᠯᠠᠬᠤ ᠬᠡᠷᠡᠭᠲᠡᠢ᠃ ᠡᠨᠡ ᠵᠤᠨ ᠲᠥᠪ ᠤᠨ ᠡᠳ᠋ ᠤᠨ ᠵᠠᠰᠠᠭ ᠠᠴᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠨᠥᠬᠦᠪᠦᠷᠢ ᠶᠢ ᠪᠠᠰᠠ ᠨᠢᠭᠡ ᠤᠳᠠᠭ᠎ᠠ ᠲᠠᠷᠬᠠᠭᠠᠵᠤ᠂ ᠣᠷᠣᠨ ᠨᠤᠲᠤᠭ ᠤᠨ ᠵᠠᠰᠠᠭ ᠤᠨ ᠣᠷᠳᠣᠨ ᠠᠴᠠ ᠢᠵᠢ ᠪᠦᠷᠢᠳᠦᠭᠦᠯᠦᠨ᠎ᠡ᠃ ᠲᠤᠲᠤᠷᠭ᠎ᠠ ᠶᠢᠨ ᠴᠢᠬᠢ ᠲᠥᠪᠯᠡᠷᠡᠭᠦᠯᠦᠨ ᠪᠣᠶᠢᠵᠢᠭᠤᠯᠬᠤ ᠲᠥᠪ ᠤᠨ ᠪᠦᠲᠦᠭᠡᠨ ᠪᠠᠶᠢᠭᠤᠯᠤᠯᠲᠠ ᠳᠤ ᠡᠳ᠋ ᠤᠨ ᠵᠠᠰᠠᠭ ᠮᠥᠩᠭᠦᠨ ᠭᠦᠢᠯᠭᠡᠭᠡᠨ ᠤ ᠳᠡᠮᠵᠢᠯᠭᠡ ᠦᠵᠡᠭᠦᠯᠵᠦ᠂ ᠬᠤᠶᠠᠷ ᠤᠯᠠᠷᠢᠯ ᠤᠨ ᠲᠤᠲᠤᠷᠭ᠎ᠠ ᠶᠢ ᠳᠡᠯᠭᠡᠷᠡᠭᠦᠯᠬᠦ ᠳᠤ ᠠᠰᠢᠭᠲᠠᠢ ᠪᠣᠯᠭᠠᠨ᠎ᠠ ᠭᠡᠵᠡᠢ᠃
ᠬᠤᠷᠠᠯ ᠠᠴᠠ ᠵᠢᠭᠠᠬᠤ ᠳᠤ ᠪᠠᠨ᠂ ᠣᠳᠣᠬᠠᠨ ᠳᠤ ᠶᠠᠭ 《ᠳᠣᠯᠣᠭᠠᠨ ᠰᠠᠷ᠎ᠠ ᠶᠢᠨ ᠰᠡᠭᠦᠯᠴᠢ ᠨᠠᠢᠮᠠᠨ ᠰᠠᠷ᠎ᠠ ᠶᠢᠨ ᠡᠬᠢᠨ》 ᠤ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ ᠣᠷᠣᠰᠢᠵᠤ ᠪᠤᠢ᠂ ᠬᠡᠰᠡᠭ ᠭᠠᠵᠠᠷ ᠲᠤ ᠥᠨᠳᠥᠷ ᠳᠤᠯᠠᠭᠠᠨ ᠦᠷᠭᠦᠯᠵᠢᠯᠡᠵᠦ ᠪᠠᠶᠢᠨ᠎ᠠ᠃ ᠡᠶᠢᠮᠦ ᠠᠴᠠ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠦᠷᠭᠦᠯᠵᠢᠯᠡᠨ ᠪᠣᠳᠠᠲᠠᠢ ᠪᠠᠷ ᠠᠳᠬᠤᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠬᠡᠷᠡᠭᠲᠡᠢ᠃ ᠣᠷᠣᠨ ᠨᠤᠲᠤᠭ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠬᠢᠨᠠᠨ ᠰᠢᠨᠵᠢᠯᠡᠵᠦ ᠤᠷᠢᠳᠴᠢᠯᠠᠨ ᠰᠡᠷᠡᠮᠵᠢᠯᠡᠭᠦᠯᠬᠦ ᠪᠠ ᠵᠢᠵᠢᠭᠦᠷᠯᠡᠨ ᠰᠠᠬᠢᠬᠤ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠥᠯ ᠢ ᠴᠠᠭ ᠲᠤᠬᠠᠢ ᠳᠤ ᠨᠢ ᠡᠬᠢᠯᠡᠭᠦᠯᠬᠦ ᠬᠡᠷᠡᠭᠲᠡᠢ᠃ ᠶᠡᠭᠡ ᠭᠤᠣᠯ ᠮᠥᠷᠡᠨ᠂ ᠲᠣᠮᠣ ᠳᠤᠮᠳᠠ ᠬᠡᠯᠪᠡᠷᠢ ᠶᠢᠨ ᠤᠰᠤᠨ ᠴᠥᠭᠦᠷᠥᠮ ᠤᠨ ᠦᠶᠡᠷ ᠤᠨ ᠤᠰᠤ ᠶᠢ ᠰᠡᠷᠭᠡᠶᠢᠯᠡᠨ ᠬᠤᠷᠢᠭᠯᠠᠬᠤ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠳᠤᠮᠳᠠ ᠵᠢᠵᠢᠭ ᠭᠤᠣᠯ ᠮᠥᠷᠡᠨ ᠪᠠ ᠵᠢᠵᠢᠭ ᠬᠡᠯᠪᠡᠷᠢ ᠶᠢᠨ ᠤᠰᠤᠨ ᠴᠥᠭᠦᠷᠥᠮ ᠤᠨ ᠦᠶᠡᠷ ᠤᠨ ᠤᠰᠤ᠂ ᠬᠤᠳᠠ ᠶᠢᠨ ᠤᠰᠤᠲᠤᠯ᠂ ᠠᠭᠤᠯᠠᠨ ᠦᠶᠡᠷ ᠭᠸᠥᠯᠥᠬᠢ ᠶᠢᠨ ᠭᠠᠮᠰᠢᠭ ᠵᠡᠷᠭᠡ ᠶᠢᠨ ᠰᠡᠷᠭᠡᠶᠢᠯᠡᠯᠲᠡ ᠶᠢ ᠴᠢᠩᠭᠠᠳᠬᠠᠵᠤ᠂ ᠬᠥᠮᠥᠰ ᠢ ᠰᠢᠯᠵᠢᠭᠦᠯᠬᠦ ᠶᠣᠰᠣᠲᠠᠢ ᠶᠢ ᠨᠢ ᠰᠢᠯᠵᠢᠭᠦᠯᠬᠦ ᠬᠡᠷᠡᠭᠲᠡᠢ᠃ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠢ ᠰᠠᠶᠢᠲᠤᠷ ᠬᠢᠬᠦ ᠬᠡᠷᠡᠭᠲᠡᠢ᠃ ᠪᠡᠯᠡ ᠮᠥᠩᠭᠦ ᠶᠢ ᠴᠠᠭ ᠲᠤᠬᠠᠢ ᠳᠤ ᠨᠢ ᠳᠣᠷᠣᠭᠰᠢ ᠪᠠᠭᠤᠯᠭᠠᠵᠤ᠂ ᠭᠠᠮᠰᠢᠭᠳᠠᠭᠰᠠᠨ ᠤᠯᠠᠨ ᠲᠦᠮᠡᠨ ᠢ ᠲᠣᠬᠢᠲᠠᠢ ᠲᠦᠪᠬᠢᠨᠡᠭᠦᠯᠬᠦ ᠬᠡᠷᠡᠭᠲᠡᠢ ᠭᠡᠵᠡᠢ᠃