ᠵᠤᠬᠢᠶᠠᠭᠴᠢ:
ᠴᠠᠭ:2022-08-05
ᠥᠵᠡᠭᠰᠡᠨ : ℃
ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾
ᠰᠢ ᠶᠢᠨ ᠫᠢᠩ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠳᠥᠴᠢᠨ ᠨᠢᠭᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷ᠎ᠡ ᠴᠢᠬᠤᠯᠠᠴᠢᠯᠠᠭᠰᠠᠨ ᠨᠢ᠄ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠢᠶᠠᠷ ᠴᠡᠷᠢᠭ ᠢ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠵᠦ ᠴᠡᠷᠢᠭ ᠢ ᠬᠦᠴᠦᠷᠬᠡᠭᠵᠢᠭᠦᠯᠬᠦ ᠦᠢᠯᠡᠰ ᠲᠠᠬᠢ ᠴᠢᠳᠠᠪᠤᠷᠢᠲᠠᠨ ᠤ ᠬᠦᠳᠦᠯᠦᠨ ᠳᠠᠭᠠᠭᠤᠯᠬᠤ ᠪᠠ ᠲᠤᠯᠭᠠᠭᠤᠷᠢᠯᠠᠬᠤ ᠦᠢᠯᠡᠳᠦᠯ ᠢ ᠨᠡᠩ ᠰᠠᠶᠢᠳᠤᠷ ᠪᠠᠳᠠᠷᠠᠭᠤᠯᠬᠤ ᠬᠡᠷᠡᠭᠲᠡᠢ
ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠪᠠᠶᠢᠭᠤᠯᠤᠭᠳᠠᠭᠰᠠᠨ 95 ᠵᠢᠯ ᠤᠨ ᠤᠢ ᠶᠢ ᠪᠡᠯᠭᠡᠯᠡᠬᠦ ᠲᠠᠰᠢᠷᠠᠮ ᠢᠶᠠᠷ᠂ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ 2022 7 ᠳ᠋ᠤᠭᠠᠷ ᠰᠠᠷ᠎ᠠ ᠶᠢᠨ 28 ᠤ ᠦᠳᠡ ᠶᠢᠨ ᠬᠤᠶᠢᠨ᠎ᠠ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠢᠶᠠᠷ ᠴᠡᠷᠢᠭ ᠢ ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠬᠦ ᠲᠤᠬᠠᠢ ᠳᠥᠴᠢᠨ ᠨᠢᠭᠡᠳᠦᠭᠡᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠪᠡ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠬᠢᠯᠡᠬᠦ ᠳᠡᠭᠡᠨ ᠴᠢᠬᠤᠯᠠ ᠶᠠᠷᠢᠶ᠎ᠠ ᠲᠠᠯᠪᠢᠵᠤ᠂ ᠨᠠᠮ ᠤᠨ ᠲᠥᠪ ᠬᠤᠷᠢᠶ᠎ᠠ ᠪᠣᠯᠤᠨ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠡᠮᠦᠨ᠎ᠡ ᠠᠴᠠ ᠠᠷᠠᠳ ᠤᠨ ᠴᠢᠯᠥᠭᠡᠯᠡᠬᠦ ᠴᠡᠷᠢᠭ ᠤᠨ ᠪᠦᠬᠦ ᠵᠢᠯᠤᠭᠤᠳᠤᠬᠴᠢ ᠪᠠᠶᠢᠯᠳᠤᠭᠴᠢ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢ᠂ ᠴᠡᠷᠢᠭ ᠠᠩᠬᠢ ᠶᠢᠨ ᠪᠢᠴᠢᠭ ᠤᠨ ᠲᠤᠰᠢᠶᠠᠯᠲᠠᠨ᠂ ᠡᠷᠦᠭᠡ ᠶᠢᠨ ᠴᠡᠷᠢᠭ ᠤᠨ ᠪᠡᠯᠡᠳᠭᠡᠯ ᠬᠥᠮᠦᠰ ᠲᠤ ᠪᠠᠶᠠᠷ ᠤᠨ ᠡᠳᠦᠷ ᠤᠨ ᠮᠡᠨᠳᠦᠴᠢᠯᠡᠯ ᠳᠡᠪᠰᠢᠭᠦᠯᠪᠡ᠃
ᠰᠢ ᠶᠢᠨ ᠫᠢᠩ᠂ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠢᠶᠠᠷ ᠴᠡᠷᠢᠭ ᠢ ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠦ᠂ ᠴᠡᠷᠢᠭ ᠤᠨ ᠶᠠᠪᠤᠳᠠᠯ ᠤᠨ ᠠᠵᠢᠯᠳᠠᠨ ᠤ ᠴᠢᠳᠠᠪᠤᠷᠢ ᠬᠡᠪ ᠪᠣᠯᠪᠠᠰᠤᠷᠠᠯ᠂ ᠪᠦᠲᠦᠴᠡ ᠶᠢᠨ ᠪᠠᠶᠢᠷᠢᠰᠢᠭᠤᠯᠤᠯᠲᠠ᠂ ᠨᠡᠭᠡᠭᠡᠨ ᠬᠥᠭᠵᠢᠭᠦᠯᠬᠦ ᠬᠠᠮᠢᠶᠠᠷᠤᠯᠲᠠ ᠶᠢᠨ ᠪᠦᠬᠦ ᠲᠠᠯ᠎ᠠ ᠪᠠᠷ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠵᠤ᠂ ᠮᠣᠷᠠᠯ ᠴᠢᠳᠠᠪᠤᠷᠢ ᠬᠤᠣᠰᠯᠠᠭᠰᠠᠨ ᠥᠨᠳᠥᠷ ᠬᠡᠪ ᠪᠣᠯᠪᠠᠰᠤᠷᠠᠯ ᠲᠠᠢ᠂ ᠲᠤᠰᠬᠠᠶᠢᠵᠢᠭᠰᠠᠨ ᠰᠢᠨ᠎ᠡ ᠮᠠᠶ᠋ᠢᠭ ᠤᠨ ᠴᠡᠷᠢᠭ ᠤᠨ ᠶᠠᠪᠤᠳᠠᠯ ᠤᠨ ᠴᠢᠳᠠᠪᠤᠷᠢᠲᠠᠨ ᠢ ᠳᠠᠪᠲᠠᠨ ᠪᠣᠯᠪᠠᠰᠤᠷᠠᠭᠤᠯᠬᠤ ᠨᠢ ᠨᠠᠮ ᠤᠨ ᠰᠢᠨ᠎ᠡ ᠴᠠᠭ ᠦᠶ᠎ᠡ ᠶᠢᠨ ᠴᠡᠷᠢᠭ ᠢ ᠬᠦᠴᠦᠷᠬᠡᠭᠵᠢᠭᠦᠯᠬᠦ ᠬᠠᠷᠠᠯᠲᠠ ᠶᠢ ᠪᠡᠶᠡᠯᠡᠭᠦᠯᠬᠦ᠂ ᠮᠠᠨ ᠤ ᠴᠡᠷᠢᠭ ᠢ ᠳᠡᠯᠡᠬᠡᠢ ᠶᠢᠨ ᠲᠡᠷᠢᠭᠦᠨ ᠵᠡᠷᠭᠡ ᠶᠢᠨ ᠴᠡᠷᠢᠭ ᠠᠩᠬᠢ ᠪᠣᠯᠭᠠᠨ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠲᠥᠪ ᠤᠨ ᠴᠢᠳᠠᠪᠤᠷᠢᠲᠠᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠴᠢᠳᠠᠪᠤᠷᠢᠲᠠᠨ ᠤ ᠠᠵᠢᠯ ᠤᠨ ᠬᠤᠷᠠᠯ ᠤᠨ ᠳᠠᠷᠠᠭᠠᠴᠢ ᠶᠢᠨ ᠠᠵᠢᠯ ᠢ ᠰᠠᠶᠢᠲᠤᠷ ᠬᠢᠵᠦ᠂ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠢᠶᠠᠷ ᠴᠡᠷᠢᠭ ᠢ ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠵᠦ᠂ ᠴᠡᠷᠢᠭ ᠢ ᠬᠦᠴᠦᠷᠬᠡᠭᠵᠢᠭᠦᠯᠬᠦ ᠦᠢᠯᠡᠰ ᠲᠠᠬᠢ ᠴᠢᠳᠠᠪᠤᠷᠢᠲᠠᠨ ᠤ ᠬᠦᠳᠦᠯᠦᠨ ᠳᠠᠭᠠᠭᠤᠯᠬᠤ ᠪᠠ ᠲᠤᠯᠭᠠᠭᠤᠷᠢᠯᠠᠬᠤ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠴᠡᠷᠢᠭ ᠤᠨ ᠶᠠᠪᠤᠳᠠᠯ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠴᠡᠷᠢᠭ ᠠᠩᠬᠢ ᠶᠢᠨ ᠤᠯᠤᠰ ᠲᠦᠷᠦ ᠶᠢᠨ ᠠᠵᠢᠯ ᠤᠨ ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠱᠧᠨ ᡁᠢ ᠬᠤᠸᠠ ᠨᠥᠬᠦᠷ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠢᠶᠠᠷ ᠴᠡᠷᠢᠭ ᠢ ᠬᠦᠴᠦᠷᠬᠡᠭᠵᠢᠭᠦᠯᠬᠦ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠬᠦ ᠲᠤᠬᠠᠢ ᠲᠠᠶᠢᠯᠤᠮᠵᠢ ᠬᠢᠭᠰᠡᠨ ᠪᠥᠭᠡᠳ ᠰᠠᠨᠠᠯ ᠰᠠᠨᠠᠭᠤᠯᠭ᠎ᠠ ᠪᠠᠨ ᠶᠠᠷᠢᠪᠠ᠃
ᠰᠢ ᠶᠢᠨ ᠫᠢᠩ ᠶᠠᠷᠢᠶᠠᠨ ᠳᠠᠭᠠᠨ᠂ ᠴᠡᠷᠢᠭ ᠢ ᠬᠦᠴᠦᠷᠬᠡᠭᠵᠢᠭᠦᠯᠬᠦ ᠳᠤ ᠴᠢᠳᠠᠪᠦᠷᠢᠲᠡᠨ ᠪᠤᠯ ᠵᠠᠩᠬᠢᠯᠠᠭ᠎ᠠ ᠪᠤᠯᠤᠨ᠎ᠠ᠃ ᠨᠠᠮ ᠤᠨ ᠠᠷᠪᠠᠨ ᠨᠠᠶᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠪᠠ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠰᠢᠨ᠎ᠡ ᠴᠠᠭ ᠦᠶ᠎ᠡ ᠶᠢᠨ ᠴᠢᠳᠠᠪᠤᠷᠢᠲᠠᠨ ᠢᠶᠠᠷ ᠴᠡᠷᠢᠭ ᠢ ᠬᠦᠴᠦᠷᠬᠡᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢ ᠴᠡᠷᠢᠭ ᠢ ᠬᠦᠴᠦᠷᠬᠡᠭᠵᠢᠭᠦᠯᠬᠦ ᠦᠶᠯᠡᠰ ᠤᠨ ᠬᠥᠭᠵᠢᠯᠲᠡ ᠶᠢᠨ ᠲᠣᠪᠣᠶᠢᠮ᠎ᠠ ᠪᠠᠶᠢᠷᠢᠨ ᠳᠤ ᠲᠠᠯᠪᠢᠵᠤ᠂ ᠨᠠᠮ ᠠᠴᠠ ᠴᠢᠳᠠᠪᠤᠷᠢᠲᠠᠨ ᠢ ᠬᠠᠮᠢᠶᠠᠷᠬᠤ ᠤᠯᠤᠰ ᠲᠥᠷᠥ ᠶᠢᠨ ᠶᠤᠰᠤ ᠲᠢᠭᠯᠢᠮ ᠢ ᠳᠠᠬᠢᠨ ᠮᠠᠨᠳᠤᠭᠤᠯᠬᠤ᠂ ᠲᠡᠶᠢᠨ ᠤ ᠲᠥᠯᠥᠭᠡ ᠬᠥᠮᠦᠨ ᠬᠥᠮᠦᠵᠢᠭᠦᠯᠬᠦ ᠢᠯᠡ ᠲᠣᠳᠣ ᠤᠳᠤᠷᠢᠳᠤᠮᠵᠢ ᠶᠢ ᠪᠣᠶ ᠪᠣᠯᠭᠠᠬᠤ᠂ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ᠂ ᠬᠥᠮᠦᠨ ᠤ ᠬᠦᠴᠦᠨ ᠤ ᠡᠬᠢ ᠪᠠᠶᠠᠯᠢᠭ ᠤᠨ ᠲᠥᠷᠥ ᠶᠢᠨ ᠪᠣᠳᠣᠯᠭ᠎ᠠ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠴᠢᠳᠠᠪᠤᠷᠢᠲᠠᠨ ᠤ ᠬᠦᠷᠢᠶᠡᠨ ᠤ ᠨᠡᠭᠡᠭᠡᠯᠲᠡ ᠬᠢᠵᠦ ᠠᠭᠤᠰᠤᠯᠴᠠᠬᠤ ᠶᠢ ᠠᠬᠢᠭᠤᠯᠬᠤ ᠵᠡᠷᠭᠡ ᠲᠠᠯ᠎ᠠ ᠪᠠᠷ ᠮᠠᠰᠢ ᠶᠡᠭᠡ ᠬᠦᠴᠦ ᠣᠷᠣᠭᠤᠯᠵᠤ᠂ ᠮᠠᠨ ᠤ ᠴᠡᠷᠢᠭ ᠤᠨ ᠴᠢᠳᠠᠪᠤᠷᠢᠲᠠᠨ ᠤ ᠠᠵᠢᠯ ᠲᠡᠦᠬᠡᠲᠦ ᠴᠢᠨᠠᠷᠲᠠᠶ ᠠᠮᠵᠢᠯᠲᠠ ᠤᠯᠪᠠ ᠭᠡᠵᠦ ᠴᠢᠬᠤᠯᠠᠴᠢᠯᠠᠪᠠ᠃
ᠰᠢ ᠶᠢᠨ ᠫᠢᠩ᠂ ᠳᠡᠯᠡᠬᠡᠢ ᠳ᠋ᠠᠬᠢᠨ ᠰᠢᠨ᠎ᠡ ᠣᠷᠤᠭ᠎ᠠ ᠪᠤᠰᠬᠠᠭ᠎ᠠ ᠬᠤᠪᠢᠰᠤᠯᠲᠠ ᠶᠢᠨ ᠴᠠᠭ ᠦᠶ᠎ᠡ ᠳᠤ ᠣᠷᠣᠵᠤ᠂ ᠮᠠᠨ ᠤ ᠤᠯᠤᠰ ᠤᠨ ᠤᠯᠤᠰ ᠤᠨ ᠠᠮᠤᠷ ᠲᠦᠪᠰᠢᠨ ᠤ ᠪᠠᠶᠢᠳᠠᠯ ᠤᠨ ᠲᠣᠭᠲᠠᠭᠤᠨ ᠪᠤᠰᠤ ᠴᠢᠨᠠᠷ ᠲᠣᠭᠲᠠᠭᠠᠯᠲᠤ ᠪᠤᠰᠤ ᠴᠢᠨᠠᠷ ᠨᠡᠮᠡᠭᠳᠡᠵᠡᠢ᠃ ᠢᠷᠡᠭᠡᠳᠦᠢ ᠶᠢᠨ 5 ᠵᠢᠯ ᠳᠤ᠂ ᠮᠠᠨ ᠤ ᠴᠡᠷᠢᠭ ᠤᠨ ᠪᠦᠲᠦᠭᠡᠨ ᠪᠠᠶᠢᠭᠤᠯᠤᠯᠲᠠ ᠶᠢᠨ ᠭᠤᠣᠯ ᠡᠭᠦᠷᠭᠡ ᠪᠣᠯ ᠳᠠᠷᠤᠢ ᠴᠡᠷᠢᠭ ᠪᠠᠶᠢᠭᠤᠯᠤᠭᠳᠠᠭᠰᠠᠨ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ ᠶᠠᠪᠤᠳᠠᠯ ᠪᠣᠯᠤᠨ᠎ᠠ᠃ ᠰᠠᠨᠠᠭᠠᠰᠢᠷᠠᠬᠤ ᠤᠬᠠᠮᠰᠠᠷ᠂ ᠬᠠᠷᠢᠭᠤᠴᠠᠯᠭᠠᠲᠤ ᠤᠬᠠᠮᠰᠠᠷ᠂ ᠤᠷᠤᠭᠰᠢᠯᠠᠨ ᠳᠠᠪᠰᠢᠬᠤ ᠤᠬᠠᠮᠰᠠᠷ ᠢᠶᠠᠨ ᠴᠢᠩᠭᠠᠳᠬᠠᠵᠤ᠂ ᠮᠠᠨ ᠤ ᠴᠡᠷᠢᠭ ᠤᠨ ᠴᠢᠳᠠᠪᠤᠷᠢᠲᠠᠨ ᠤ ᠠᠵᠢᠯ ᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠰᠢ ᠶᠢᠨ ᠫᠢᠩ᠂ ᠴᠡᠷᠢᠭ ᠤᠨ ᠶᠠᠪᠤᠳᠠᠯ ᠤᠨ ᠲᠤᠬᠠᠶᠢᠯᠠᠭᠰᠠᠨ ᠠᠵᠢᠯ ᠤᠨ ᠣᠨᠴᠠᠯᠢᠭ ᠪᠣᠯᠤᠨ ᠴᠡᠷᠢᠭ ᠤᠨ ᠶᠠᠪᠤᠳᠠᠯ ᠤᠨ ᠴᠢᠳᠠᠪᠤᠷᠢᠲᠠᠨ ᠤ ᠬᠥᠭᠵᠢᠯᠲᠡ ᠶᠢᠨ ᠵᠢᠮ᠎ᠡ ᠶᠣᠰᠣ ᠶᠢ ᠡᠵᠡᠮᠳᠡᠵᠦ᠂ ᠴᠢᠳᠠᠪᠤᠷᠢᠲᠠᠨ ᠤ ᠠᠵᠢᠯ ᠤᠨ ᠬᠠᠨᠳᠤᠯᠭᠠᠳᠤ ᠴᠢᠨᠠᠷ ᠪᠣᠯᠤᠨ ᠪᠣᠳᠠᠲᠤ ᠦᠷ᠎ᠡ ᠪᠦᠳᠦᠮᠵᠢᠳᠦ ᠴᠢᠨᠠᠷ ᠢ ᠳᠡᠭᠡᠭᠰᠢᠯᠡᠭᠦᠯᠵᠦ᠂ ᠬᠥᠮᠦᠵᠢᠭᠦᠯᠦᠭᠰᠡᠨ ᠴᠢᠳᠠᠪᠤᠷᠢᠲᠠᠨ ᠤ ᠴᠡᠷᠢᠭ ᠢ ᠬᠦᠴᠦᠷᠬᠡᠭᠵᠢᠭᠦᠯᠬᠦ ᠦᠢᠯᠡᠰ ᠤᠨ ᠬᠡᠷᠡᠭᠴᠡᠭᠡ ᠳᠤ ᠨᠡᠶᠢᠴᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠤᠯᠤᠰ ᠲᠦᠷᠦ ᠶᠢᠨ ᠲᠠᠯ᠎ᠠ ᠪᠠᠷ ᠴᠢᠳᠠᠪᠤᠷᠢᠲᠠᠨ ᠢ ᠬᠥᠮᠦᠵᠢᠭᠦᠯᠬᠦ᠂ ᠰᠢᠯᠭᠠᠨ ᠪᠠᠶᠢᠴᠠᠭᠠᠬᠤ᠂ ᠬᠡᠷᠡᠭᠯᠡᠬᠦ ᠶᠢ ᠪᠠᠷᠢᠮᠲᠠᠯᠠᠵᠤ᠂ ᠴᠡᠷᠢᠭ ᠠᠩᠭᠢ ᠳᠠᠬᠢ ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢ ᠴᠢᠳᠠᠪᠤᠷᠢᠲᠠᠨ ᠤ ᠠᠵᠢᠯ ᠤᠨ ᠡᠯ᠎ᠡ ᠲᠠᠯ᠎ᠠ ᠪᠠ ᠪᠦᠬᠦ ᠶᠠᠪᠤᠴᠠ ᠳᠤ ᠂ ᠵᠡᠪᠰᠡᠭ ᠢ ᠢᠮᠠᠭᠲᠠ ᠨᠠᠮ ᠳᠠᠭᠠᠨ ᠦᠨᠡᠨᠴᠢ ᠰᠢᠳᠤᠷᠭᠤ ᠨᠠᠶᠢᠳᠠᠪᠤᠷᠢᠲᠠᠢ ᠬᠥᠮᠦᠰ ᠤᠨ ᠭᠠᠷ ᠲᠤ ᠶᠢ ᠦᠨᠡᠨ ᠬᠦ ᠪᠠᠲᠤᠯᠠᠬᠤ ᠬᠡᠷᠡᠭᠲᠡᠢ᠃ ᠳᠠᠶᠢᠨ ᠬᠢᠵᠦ ᠴᠢᠳᠠᠬᠤ᠂ ᠳᠠᠶᠢᠨ ᠶᠢ ᠴᠢᠳᠠᠪᠤᠷᠢᠲᠠᠨ ᠤ ᠠᠵᠢᠯ ᠤᠨ ᠵᠤᠷᠢᠯᠳᠠ ᠪᠠ ᠲᠤᠰᠤᠯᠳᠠ ᠪᠣᠯᠭᠠᠵᠤ᠂ ᠳᠠᠶᠢᠨ ᠤ ᠬᠡᠯᠪᠡᠷᠢ ᠶᠢᠨ ᠬᠤᠪᠢᠷᠠᠯᠲᠠ ᠶᠢᠨ ᠬᠠᠨᠳᠤᠰᠢ ᠶᠢ ᠴᠢᠩᠭ᠎ᠠ ᠳᠠᠭᠠᠵᠤ᠂ ᠳᠠᠶᠢᠨ ᠳᠤ ᠪᠡᠯᠡᠳᠭᠡᠵᠦ ᠳᠠᠶᠢᠨ ᠬᠢᠬᠦ ᠴᠢᠳᠠᠪᠤᠷᠢᠲᠠᠨ ᠤ ᠬᠠᠩᠭᠠᠯᠭ᠎ᠠ ᠶᠢᠨ ᠴᠢᠳᠠᠪᠤᠷᠢ ᠪᠠ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠤᠳᠤ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠢᠯᠠᠩᠭᠤᠶ᠎ᠠ ᠴᠡᠷᠢᠭ ᠤᠨ ᠶᠠᠪᠤᠳᠠᠯ ᠤᠨ ᠳᠡᠭᠡᠳᠦ ᠮᠡᠷᠭᠡᠵᠢᠯ ᠤᠨ ᠮᠡᠳᠡᠯᠭᠡ ᠶᠢᠨ ᠰᠤᠷᠤᠯᠴᠠᠯᠭ᠎ᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠲᠠᠨᠢᠨ ᠮᠡᠳᠡᠬᠦ ᠴᠢᠳᠠᠪᠤᠷᠢ᠂ ᠰᠢᠨ᠎ᠡ ᠶᠢ ᠡᠭᠦᠳᠬᠦ ᠴᠢᠳᠠᠪᠤᠷᠢ᠂ ᠬᠡᠷᠡᠭᠯᠡᠭᠡᠨ ᠤ ᠴᠢᠳᠠᠪᠤᠷᠢ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠪᠠᠷ ᠴᠢᠳᠠᠪᠤᠷᠢ ᠬᠡᠪ ᠴᠢᠨᠠᠷ ᠤᠨ ᠳᠡᠰ ᠳᠡᠪᠰᠢᠬᠦ ᠶᠢ ᠠᠬᠢᠭᠤᠯᠬᠤ ᠬᠡᠷᠡᠭᠲᠡᠢ ᠬᠡᠵᠤ ᠴᠢᠬᠤᠯᠠᠴᠢᠯᠠᠪᠠ᠃
ᠰᠢ ᠶᠢᠨ ᠫᠢᠩ᠂ ᠮᠠᠨ ᠤ ᠴᠡᠷᠢᠭ ᠤᠨ ᠴᠢᠳᠠᠪᠤᠷᠢᠲᠠᠨ ᠤ ᠠᠵᠢᠯ ᠢ ᠬᠢᠵᠠᠭᠠᠷᠯᠠᠵᠤ ᠪᠠᠶᠢᠭ᠎ᠠ ᠲᠤᠪᠤᠶᠢᠮ᠎ᠠ ᠵᠥᠷᠢᠴᠡᠯ ᠪᠣᠯᠤᠨ ᠠᠰᠠᠭᠤᠳᠠᠯ ᠢ ᠭᠦᠨᠵᠡᠭᠡᠢ ᠰᠢᠢᠳᠪᠦᠷᠢᠯᠡᠵᠦ᠂ ᠴᠢᠳᠠᠪᠤᠷᠢᠲᠠᠨ ᠢ ᠲᠠᠨᠢᠬᠤ᠂ ᠴᠢᠳᠠᠪᠤᠷᠢᠲᠠᠨ ᠢ ᠴᠤᠭᠯᠠᠷᠠᠭᠤᠯᠬᠤ᠂ ᠴᠢᠳᠠᠪᠤᠷᠢᠲᠠᠨ ᠢ ᠬᠥᠮᠦᠵᠢᠭᠦᠯᠬᠦ᠂ ᠴᠢᠳᠠᠪᠤᠷᠢᠲᠠᠨ ᠢ ᠬᠡᠷᠡᠭᠯᠡᠬᠦ ᠵᠡᠷᠭᠡ ᠡᠯ᠎ᠡ ᠲᠠᠯ᠎ᠠ ᠶᠢᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠴᠢᠳᠠᠪᠤᠷᠢᠲᠠᠨ ᠢ ᠪᠡᠶ᠎ᠡ ᠪᠠᠨ ᠳᠠᠭᠠᠭᠠᠵᠤ ᠬᠥᠮᠦᠵᠢᠭᠦᠯᠬᠦ ᠵᠠᠮ ᠢᠶᠠᠷ ᠰᠠᠶᠢᠲᠤᠷ ᠵᠠᠮᠨᠠᠬᠤ ᠶᠢ ᠪᠠᠷᠢᠮᠲᠠᠯᠠᠵᠤ᠂ ᠬᠥᠮᠦᠵᠢᠭᠦᠯᠬᠦ ᠠᠷᠭ᠎ᠠ ᠵᠠᠮ ᠢ ᠥᠷᠭᠡᠳᠭᠡᠵᠦ᠂ ᠬᠥᠮᠦᠵᠢᠭᠦᠯᠬᠦ ᠵᠠᠭᠪᠤᠷ ᠤᠨ ᠲᠠᠯ᠎ᠠ ᠪᠠᠷ ᠰᠢᠨ᠎ᠡ ᠶᠢ ᠡᠭᠦᠳᠬᠦ ᠬᠡᠷᠡᠭᠲᠡᠢ᠃ ᠰᠢᠨ᠎ᠡ ᠴᠠᠭ ᠦᠶ᠎ᠡ ᠶᠢᠨ ᠴᠡᠷᠢᠭ ᠤᠨ ᠶᠠᠪᠤᠳᠠᠯ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠂ ᠶᠡᠭᠡ ᠳᠡᠭᠡᠳᠦ ᠰᠤᠷᠭᠠᠭᠤᠯᠢ ᠳᠤ ᠤᠷᠢᠳ ᠢᠶᠠᠷ ᠬᠥᠭᠵᠢᠭᠦᠯᠬᠦ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠵᠤ᠂ ᠮᠠᠨ ᠤ ᠴᠡᠷᠢᠭ ᠤᠨ ᠶᠡᠭᠡ ᠳᠡᠭᠡᠳᠦ ᠰᠤᠷᠭᠠᠭᠤᠯᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠡᠢ᠃ ᠴᠢᠬᠤᠯᠠ ᠶᠡᠭᠡ ᠡᠭᠦᠷᠭᠡ ᠪᠠ ᠲᠡᠮᠡᠴᠡᠯ ᠤᠨ ᠡᠮᠤᠨ᠎ᠠ ᠹᠷᠣᠨᠲ ᠲᠤ ᠴᠢᠳᠠᠪᠤᠷᠢᠲᠠᠨ ᠢ ᠬᠥᠮᠦᠵᠢᠭᠦᠯᠵᠦ ᠢᠯᠡᠷᠡᠭᠦᠯᠬᠦ ᠶᠢ ᠪᠠᠷᠢᠮᠲᠠᠯᠠᠬᠤ ᠬᠡᠷᠡᠭᠲᠡᠢ᠃ ᠴᠡᠷᠢᠭ ᠤᠨ ᠶᠠᠪᠤᠳᠠᠯ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠰᠢᠨ᠎ᠡ ᠶᠢ ᠡᠭᠦᠳᠴᠦ᠂ ᠡᠯ᠎ᠡ ᠲᠦᠷᠦᠯ ᠤᠨ ᠬᠥᠮᠦᠰ ᠤᠨ ᠲᠤᠬᠠᠶᠢᠯᠠᠬᠰᠠᠨ ᠠᠵᠢᠯ ᠤᠨ ᠬᠥᠭᠵᠢᠯᠲᠡ ᠶᠢᠨ ᠠᠷᠭ᠎ᠠ ᠵᠠᠮ ᠢ ᠰᠢᠰᠲ᠋ᠧᠮ ᠲᠠᠢ ᠲᠥᠯᠥᠪᠵᠢᠭᠦᠯᠵᠦ᠂ ᠨᠠᠷᠢᠯᠢᠭ ᠤᠨᠤᠪᠴᠢᠲᠠᠢ ᠲᠤᠬᠢᠷᠠᠭᠤᠯᠤᠨ ᠵᠤᠬᠢᠴᠠᠭᠤᠯᠬᠤ ᠶᠢ ᠬᠡᠷᠡᠭᠵᠢᠭᠦᠯᠵᠦ᠂ ᠪᠠᠶᠢᠩᠭᠤᠵᠢᠭᠤᠯᠤᠭᠰᠠᠨ ᠡᠮᠬᠢ ᠵᠢᠷᠤᠮ ᠲᠠᠢ ᠰᠣᠯᠢᠯᠴᠠᠭ᠎ᠠ ᠶᠢ ᠠᠬᠢᠭᠤᠯᠬᠤ ᠬᠡᠷᠡᠭᠲᠡᠢ᠃ ᠴᠢᠳᠠᠪᠤᠷᠢᠲᠠᠨ ᠳᠤ ᠦᠢᠯᠡᠴᠢᠯᠡᠬᠦ ᠤᠢᠢᠯᠠᠭᠠᠭᠳᠠᠬᠤᠨ ᠢ ᠴᠢᠩᠭᠠᠳᠬᠠᠵᠤ᠂ ᠰᠢᠨᠵᠢᠯᠡᠬᠦ ᠤᠬᠠᠭᠠᠨᠴᠢ ᠪᠠᠷ ᠦᠨᠡᠯᠡᠬᠦ᠂ ᠵᠥᠪ ᠴᠢᠭᠯᠡᠯ ᠢᠶᠠᠷ ᠤᠷᠮᠠᠰᠢᠭᠤᠯᠬᠤ᠂ ᠲᠡᠳᠬᠦᠨ ᠪᠠᠲᠤᠯᠠᠬᠤ ᠵᠡᠷᠭᠡ ᠲᠠᠯ᠎ᠠ ᠪᠠᠷ ᠶᠡᠷᠦᠩᠬᠡᠶᠢᠯᠡᠭᠰᠡᠨ ᠠᠷᠭ᠎ᠠ ᠪᠤᠳᠤᠯᠭ᠎ᠠ ᠬᠡᠷᠡᠭᠵᠢᠭᠦᠯᠬᠦ ᠬᠡᠷᠡᠭᠲᠡᠢ᠃ ᠴᠡᠷᠢᠭ ᠤᠨ ᠶᠠᠪᠤᠳᠠᠯ ᠤᠨ ᠲᠤᠬᠠᠶᠢᠯᠠᠬᠰᠠᠨ ᠠᠵᠢᠯ ᠤᠨ ᠬᠠᠷᠢᠴᠠᠭᠤᠯᠤᠭᠰᠠᠨ ᠳᠠᠪᠠᠭᠤᠯᠢᠭ ᠲᠠᠢ ᠴᠢᠳᠠᠪᠤᠷᠢᠲᠠᠨ ᠤ ᠲᠦᠷᠢᠮ ᠤᠨ ᠪᠦᠷᠢᠯᠳᠦᠭᠦᠯᠵᠦ᠂ ᠲᠦᠷᠦ ᠶᠢᠨ ᠪᠤᠳᠤᠯᠭ᠎ᠠ ᠲᠦᠷᠢᠮ ᠤᠨ ᠢᠵᠢ ᠪᠦᠷᠢᠳᠦᠬᠦᠯᠦᠭᠰᠡᠨ ᠪᠠᠶᠢᠭᠤᠯᠤᠯᠲᠠ ᠶᠢ ᠴᠢᠩᠭᠠᠳᠬᠠᠵᠤ᠂ ᠰᠢᠨ᠎ᠡ ᠬᠠᠭᠤᠴᠢᠨ ᠲᠦᠷᠦ ᠶᠢᠨ ᠪᠤᠳᠤᠯᠭ᠎ᠠ ᠲᠦᠷᠢᠮ ᠤᠨ ᠰᠣᠯᠢᠭᠳᠠᠯ ᠵᠣᠯᠭᠠᠯᠴᠠᠭ᠎ᠠ ᠶᠢ ᠰᠠᠶᠢᠲᠤᠷ ᠠᠳᠬᠤᠬᠤ ᠬᠡᠷᠡᠭᠲᠡᠢ ᠬᠡᠵᠤ ᠵᠢᠭᠠᠵᠤ ᠭᠠᠷᠭᠠᠪᠠ᠃
ᠰᠢ ᠶᠢᠨ ᠫᠢᠩ᠂ ᠮᠠᠨ ᠤ ᠴᠡᠷᠢᠭ ᠤᠨ ᠴᠢᠳᠠᠪᠤᠷᠢᠲᠠᠨ ᠤ ᠠᠵᠢᠯ ᠢ ᠰᠠᠶᠢᠲᠤᠷ ᠬᠢᠬᠦ ᠳᠤ ᠪᠦᠬᠦ ᠨᠠᠮ ᠪᠦᠬᠦ ᠤᠯᠤᠰ ᠡᠯ᠎ᠡ ᠲᠠᠯ᠎ᠠ ᠶᠢᠨ ᠬᠦᠴᠦᠲᠡᠢ ᠳᠡᠮᠵᠢᠯᠭᠡ ᠠᠴᠠ ᠰᠠᠯᠵᠤ ᠴᠢᠳᠠᠬᠤ ᠦᠭᠡᠢ ᠶᠤᠮ᠃ ᠴᠡᠷᠢᠭ ᠠᠩᠭᠢ ᠪᠠ ᠣᠷᠣᠨ ᠨᠤᠲᠤᠭ ᠤᠨ ᠤᠯᠤᠯᠴᠠᠭ᠎ᠠ ᠬᠠᠮᠵᠢᠯᠴᠠᠭ᠎ᠠ ᠶᠢ ᠴᠢᠩᠭᠠᠳᠬᠠᠵᠤ᠂ ᠴᠡᠷᠢᠭ ᠤᠨ ᠶᠠᠪᠤᠳᠠᠯ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠲᠥᠯᠥᠪᠵᠢᠭᠦᠯᠭᠡ ᠶᠢ ᠵᠣᠯᠭᠠᠭᠤᠯᠬᠤ᠂ ᠲᠦᠷᠦ ᠶᠢᠨ ᠪᠤᠳᠤᠯᠭ᠎ᠠ ᠶᠢ ᠵᠣᠯᠭᠠᠭᠤᠯᠬᠤ᠂ ᠠᠵᠢᠯ ᠢ ᠵᠣᠯᠭᠠᠭᠤᠯᠬᠤ ᠶᠢ ᠰᠠᠶᠢᠲᠤᠷ ᠬᠢᠵᠦ᠂ ᠴᠢᠳᠠᠪᠤᠷᠢᠲᠠᠨ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠠᠶᠢᠭᠤᠯᠤᠯᠲᠠ ᠳᠤ ᠮᠠᠨ ᠤ ᠴᠡᠷᠢᠭ ᠤᠨ ᠴᠢᠳᠠᠪᠤᠷᠢᠲᠠᠨ ᠤ ᠠᠵᠢᠯ ᠭᠦᠨᠵᠡᠭᠡᠢ ᠠᠭᠤᠰᠤᠯᠴᠠᠵᠤ ᠤᠷᠤᠬᠤ ᠶᠢ ᠠᠬᠢᠭᠤᠯᠬᠤ ᠬᠡᠷᠡᠭᠲᠡᠢ᠃ ᠲᠥᠪ ᠤᠨ ᠪᠠ ᠲᠦᠷᠦ ᠶᠢᠨ ᠪᠠᠶᠢᠭᠤᠯᠭ᠎ᠠ᠂ ᠣᠷᠣᠨ ᠨᠤᠲᠤᠭ ᠤᠨ ᠡᠯ᠎ᠡ ᠱᠠᠲᠤᠨ ᠤ ᠨᠠᠮ ᠤᠨ ᠬᠤᠷᠢᠶ᠎ᠠ ᠪᠠ ᠵᠠᠰᠠᠭ ᠤᠨ ᠣᠷᠳᠣᠨ ᠤ ᠬᠢᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠢᠶᠠᠨ ᠴᠢᠩᠭᠠᠳᠬᠠᠵᠤ᠂ ᠥᠩᠭᠡᠷᠡᠭᠰᠡᠨ ᠲᠠᠢ ᠪᠠᠨ ᠠᠳᠠᠯᠢ ᠪᠠᠷ ᠮᠠᠨ ᠤ ᠴᠡᠷᠢᠭ ᠤᠨ ᠴᠢᠳᠠᠪᠤᠷᠢᠲᠠᠨ ᠤ ᠠᠵᠢᠯ ᠢ ᠬᠠᠯᠠᠮᠵᠢᠯᠠᠵᠤ᠂ ᠬᠤᠯᠪᠣᠭᠳᠠᠯ ᠪᠦᠬᠦᠢ ᠲᠦᠷᠦ ᠶᠢᠨ ᠪᠤᠳᠤᠯᠭ᠎ᠠ ᠲᠣᠭᠲᠠᠭᠠᠬᠤ᠂ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠵᠡᠷᠭᠡ ᠲᠠᠯ᠎ᠠ ᠪᠠᠷ ᠲᠡᠮᠵᠢᠨ ᠬᠠᠮᠵᠢᠯᠴᠠᠵᠤ᠂ ᠴᠡᠷᠢᠭ ᠤᠨ ᠭᠡᠷ ᠪᠦᠯᠢ ᠶᠢᠨ ᠬᠢᠨ ᠤ ᠴᠡᠷᠢᠭ ᠢ ᠲᠠᠭᠠᠵᠤ ᠠᠵᠢᠯ ᠤᠯᠬᠤ᠂ ᠦᠷ᠎ᠡ ᠬᠡᠦᠬᠡᠳ ᠤᠨ ᠬᠢᠨᠢ ᠰᠤᠷᠭᠠᠭᠤᠯᠢ ᠳᠤ ᠣᠷᠣᠵᠤ ᠴᠡᠴᠡᠷᠯᠢᠭ ᠲᠤ ᠣᠷᠣᠬᠤ᠂ ᠬᠠᠷᠠᠭᠠᠯᠵᠠᠬᠤ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠪᠠ ᠴᠡᠷᠢᠭ ᠤᠨ ᠠᠴᠠ ᠪᠠᠭᠤᠬᠰᠠᠳ ᠤᠨ ᠪᠠᠲᠤᠯᠠᠭ᠎ᠠ ᠵᠡᠷᠭᠡ ᠲᠠᠯ᠎ᠠ ᠪᠠᠷ ᠬᠦᠴᠢᠷ ᠵᠣᠪᠠᠭᠤᠷᠢ ᠶᠢ ᠢᠳᠡᠪᠬᠢᠲᠡᠢ ᠰᠢᠢᠳᠪᠦᠷᠢᠯᠡᠵᠦ᠂ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ ᠮᠠᠨ ᠤ ᠴᠡᠷᠢᠭ ᠤᠨ ᠴᠢᠳᠠᠪᠤᠷᠢᠲᠠᠨ ᠤ ᠠᠵᠢᠯ ᠢ ᠨᠡᠩ ᠰᠠᠶᠢᠳᠤᠷ ᠬᠢᠵᠦ᠂ ᠴᠡᠷᠢᠭ ᠢ ᠬᠦᠴᠦᠷᠬᠡᠭᠵᠢᠭᠦᠯᠬᠦ ᠦᠢᠯᠡᠰ ᠢ ᠠᠬᠢᠭᠤᠯᠬᠤ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠬᠡᠵᠤ ᠴᠢᠬᠤᠯᠠᠴᠢᠯᠠᠪᠠ᠃