ᠵᠤᠬᠢᠶᠠᠭᠴᠢ:
ᠴᠠᠭ:2022-08-05
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠵᠧᠩ ᠭᠤᠸᠠᠩ ᠵᠤᠤ ᠬᠠᠤᠯᠢ ᠴᠠᠭᠠᠵᠠ ᠵᠠᠬᠢᠳᠠᠯ ᠰᠤᠷᠪᠤᠯᠵᠢᠯᠠᠯ ᠤᠨ ᠠᠵᠢᠯ ᠢ ᠪᠠᠶᠢᠴᠠᠭᠠᠨ ᠰᠤᠳᠤᠯᠬᠤ ᠳᠤ ᠪᠠᠨ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠭᠰᠡᠨ ᠪᠣᠳᠠᠲᠤ ᠦᠷ᠎ᠡ ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠴᠢᠬᠤᠯᠠᠴᠢᠯᠠᠪᠠ
2022 8 ᠳ᠋ᠤᠭᠠᠷ ᠰᠠᠷ᠎ᠠ ᠶᠢᠨ 2 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ᠂ ᠳᠣᠲᠣᠭᠠᠳᠤ ᠶᠢ ᠬᠠᠮᠠᠭᠠᠯᠠᠬᠤ ᠲᠢᠩᠬᠢᠮ ᠤᠨ ᠳᠠᠷᠤᠭ᠎ᠠ ᠵᠧᠩ ᠭᠤᠸᠠᠩ ᠵᠤᠤ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ᠂ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠳᠤ ᠬᠦᠷᠴᠦ᠂ ᠬᠠᠤᠯᠢ ᠴᠠᠭᠠᠵᠠ ᠶᠢᠨ ᠵᠠᠰᠠᠭ ᠵᠠᠬᠢᠷᠭ᠎ᠠ ᠪᠠ ᠵᠠᠬᠢᠳᠠᠯ ᠰᠤᠷᠪᠤᠯᠵᠢᠯᠠᠯ ᠤᠨ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃
ᠵᠧᠩ ᠭᠤᠸᠠᠩ ᠵᠤᠤ ᠨᠠᠷ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠥᠪᠥᠷ ᠮᠣᠩᠭᠤᠯ ᠤᠨ 《12348》 ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠬᠠᠯᠠᠮᠰᠢᠯ ᠤᠲᠠᠰᠤ᠂ ᠬᠠᠤᠯᠢᠵᠢᠯ ᠤᠨ ᠤᠬᠠᠭᠤᠯᠭ᠎ᠠ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠪᠣᠯᠣᠨ ᠵᠠᠬᠢᠳᠠᠯ ᠰᠤᠷᠪᠤᠯᠵᠢᠯᠠᠯ ᠤᠨ ᠸᠢᠳᠢᠤ᠋ ᠲᠣᠬᠢᠷᠠᠭᠤᠯᠤᠯᠲᠠ᠂ ᠰᠤᠷᠪᠤᠯᠵᠢᠯᠠᠯ ᠢ ᠭᠥᠯᠢᠶᠡᠨ ᠠᠪᠬᠤ᠂ ᠵᠠᠬᠢᠳᠠᠯ ᠰᠤᠷᠪᠤᠯᠵᠢᠯᠠᠯ ᠢ ᠰᠢᠢᠳᠪᠦᠷᠢᠯᠡᠬᠦ᠂ ᠰᠦᠯᠵᠢᠶᠡᠨ ᠤ ᠵᠠᠬᠢᠳᠠᠯ ᠰᠤᠷᠪᠤᠯᠵᠢᠯᠠᠯ ᠵᠡᠷᠭᠡ ᠠᠵᠢᠯ ᠢ ᠲᠤᠬᠠᠢ ᠶᠢᠨ ᠭᠠᠵᠠᠷ ᠲᠤ ᠨᠢ ᠪᠠᠶᠢᠴᠠᠭᠠᠨ ᠰᠤᠳᠤᠯᠵᠤ᠂ ᠶᠠᠷᠢᠯᠴᠠᠬᠤ ᠬᠤᠷᠠᠯ ᠬᠤᠷᠠᠯᠳᠤᠭᠤᠯᠵᠤ ᠤᠳᠤᠷᠢᠳᠬᠤ ᠪᠠᠭ ᠤᠨ ᠭᠡᠰᠢᠭᠦᠳ ᠪᠣᠯᠣᠨ ᠺᠠᠳ᠋ᠷᠴᠤᠳ ᠲᠠᠢ ᠶᠠᠷᠢᠯᠴᠠᠨ ᠰᠣᠯᠢᠯᠴᠠᠪᠠ᠃ ᠵᠧᠩ ᠭᠤᠸᠠᠩ ᠵᠤᠤ᠂ ᠤᠯᠤᠰ ᠲᠥᠷᠥ ᠶᠢᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠦᠨ ᠵᠣᠭᠰᠣᠴᠠ ᠪᠠᠨ ᠳᠡᠭᠡᠭᠰᠢᠯᠡᠭᠦᠯᠵᠦ᠂ ᠶᠡᠭᠡ ᠲᠠᠯ᠎ᠠ ᠳᠤ ᠦᠢᠯᠡᠴᠢᠯᠡᠵᠦ ᠰᠠᠨᠠᠭᠠᠴᠢᠯᠠᠭ᠎ᠠ ᠠᠴᠠ ᠪᠠᠨ ᠠᠵᠢᠯᠯᠠᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠰᠢᠨ᠎ᠡ ᠡᠭᠦᠳᠦᠯᠲᠡ ᠳᠤ ᠠᠩᠬᠠᠷᠤᠯ ᠢᠶᠠᠨ ᠲᠥᠪᠯᠡᠷᠡᠭᠦᠯᠦᠨ ᠬᠥᠭᠵᠢᠯᠲᠡ ᠶᠢ ᠠᠬᠢᠭᠤᠯᠵᠤ᠂ ᠭᠤᠣᠯᠳᠠᠯᠭ᠎ᠠ ᠶᠢᠨ ᠲᠣᠭᠤᠷᠢᠨ ᠳᠤ ᠭᠤᠣᠯ ᠬᠠᠷᠢᠭᠤᠴᠠᠯᠭ᠎ᠠ ᠭᠤᠣᠯ ᠠᠵᠢᠯ ᠢᠶᠠᠨ ᠡᠭᠦᠷᠭᠡᠯᠡᠵᠦ᠂ ᠲᠥᠪ ᠭᠤᠣᠯᠴᠢ ᠰᠢᠳᠤᠷᠭᠤ ᠶᠣᠰᠣ ᠶᠢ ᠪᠠᠲᠤ ᠰᠠᠬᠢᠵᠤ᠂ ᠣᠷᠣᠨ ᠢᠶᠠᠨ ᠪᠦᠬᠦ ᠲᠠᠯ᠎ᠠ ᠪᠠᠷ ᠬᠠᠤᠯᠢ ᠪᠠᠷ ᠵᠠᠰᠠᠬᠤ᠂ ᠬᠠᠤᠯᠢᠵᠢᠯ ᠤᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠤᠯᠠᠨ ᠨᠡᠶᠢᠲᠡ ᠶᠢᠨ ᠬᠠᠤᠯᠢ ᠴᠠᠭᠠᠵᠠ ᠶᠢᠨ ᠦᠢᠯᠡᠴᠢᠯᠡᠭᠡᠨ ᠤ ᠲᠣᠭᠲᠠᠯᠴᠠᠭ᠎ᠠ ᠶᠢᠨ ᠪᠠᠶᠢᠭᠤᠯᠤᠯᠲᠠ ᠵᠡᠷᠭᠡ ᠲᠠᠯ᠎ᠠ ᠪᠠᠷ ᠣᠯᠣᠭᠰᠠᠨ ᠰᠢᠨ᠎ᠡ ᠦᠷ᠎ᠡ ᠪᠦᠲᠦᠮᠵᠢ ᠪᠠᠷ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠴᠢᠨᠠᠷᠯᠢᠭ ᠬᠥᠭᠵᠢᠯᠲᠡ ᠳᠤ ᠪᠦᠬᠦ ᠬᠦᠴᠦᠨ ᠢᠶᠠᠷ ᠢᠶᠠᠨ ᠦᠢᠯᠡᠴᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃ ᠤᠯᠠᠨ ᠤ ᠲᠤᠰᠬᠠᠭᠰᠠᠨ ᠠᠰᠠᠭᠤᠳᠠᠯ ᠢ ᠦᠨᠡᠨ ᠰᠡᠳᠬᠢᠯ ᠠᠴᠠ ᠪᠠᠨ ᠬᠦᠴᠦᠯᠡᠨ ᠰᠢᠢᠳᠪᠦᠷᠢᠯᠡᠵᠦ᠂ ᠵᠥᠷᠢᠴᠡᠯ ᠵᠢᠭᠤᠷᠠᠯᠳᠤᠭᠠᠨ ᠢ ᠪᠦᠲᠦᠮᠵᠢᠲᠡᠶ ᠪᠠᠶᠢᠴᠠᠭᠠᠨ ᠰᠢᠢᠳᠪᠦᠷᠢᠯᠡᠵᠦ᠂ ᠬᠠᠷᠢᠶᠠᠲᠤ ᠭᠠᠵᠠᠷ ᠤᠨ ᠬᠠᠷᠢᠭᠤᠴᠠᠯᠭ᠎ᠠ ᠪᠠ ᠰᠠᠯᠠᠭ᠎ᠠ ᠮᠥᠴᠢᠷ ᠤᠨ ᠬᠠᠷᠢᠭᠤᠴᠠᠯᠭ᠎ᠠ ᠶᠢ ᠴᠢᠩᠭ᠎ᠠ ᠪᠣᠳᠠᠲᠠᠢ ᠡᠭᠦᠷᠭᠡᠯᠡᠭᠦᠯᠵᠦ᠂ ᠳᠤᠲᠠᠭᠤᠳᠠᠯ ᠢᠶᠠᠨ ᠨᠥᠬᠦᠪᠦᠷᠢᠯᠡᠵᠦ᠂ ᠰᠢᠨ᠎ᠡ ᠠᠷᠭ᠎ᠠ ᠬᠡᠮᠵᠢᠶ᠎ᠡ ᠪᠠᠷ ᠰᠢᠨ᠎ᠡ ᠪᠠᠶᠢᠳᠠᠯ ᠢ ᠠᠷᠭᠠᠴᠠᠵᠤ᠂ ᠵᠠᠬᠢᠳᠠᠯ ᠰᠤᠷᠪᠤᠯᠵᠢᠯᠠᠯ ᠪᠠ ᠠᠮᠤᠷ ᠲᠣᠭᠲᠠᠭᠤᠨ ᠢ ᠬᠠᠮᠠᠭᠠᠯᠠᠬᠤ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠵᠤ᠂ ᠰᠢᠯᠢᠳᠡᠭ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠴᠢᠬᠤᠯᠠᠴᠢᠯᠠᠪᠠ᠃