ᠵᠤᠬᠢᠶᠠᠭᠴᠢ:
ᠴᠠᠭ:2022-08-05
ᠥᠵᠡᠭᠰᠡᠨ : ℃
ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾
ᠸᠠᠩ ᠯᠢ ᠰᠢᠶᠠ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯ ᠢ ᠸᠢᠳᠢᠣ᠋ ᠪᠠᠷ ᠲᠣᠬᠢᠷᠠᠭᠤᠯᠪᠠ
2022 8 ᠳ᠋ᠤᠭᠠᠷ ᠰᠠᠷ᠎ᠠ ᠶᠢᠨ 3 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠤᠯᠠᠭᠠᠨᠴᠠᠪ ᠬᠤᠲᠠ᠂ ᠡᠷᠢᠶᠡᠨ ᠬᠤᠲᠠ ᠶᠢᠨ ᠬᠢᠵᠢᠭ ᠤᠨ ᠪᠠᠶᠢᠳᠠᠯ ᠢ ᠰᠢᠢᠳᠪᠦᠷᠢᠯᠡᠬᠦ ᠠᠵᠢᠯ ᠢ ᠸᠢᠳᠢᠣ᠋ ᠪᠠᠷ ᠲᠣᠬᠢᠷᠠᠭᠤᠯᠪᠠ᠃
ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ ᠸᠠᠩ ᠯᠢ ᠰᠢᠶᠠ᠂ ᠣᠳᠣᠬᠠᠨ ᠳᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠬᠦᠨᠳᠦ ᠬᠡᠴᠡᠭᠦᠦ ᠨᠠᠷᠢᠨ ᠪᠤᠳᠤᠯᠢᠶᠠᠨᠲᠠᠢ ᠪᠠᠶᠢᠨ᠎ᠠ᠃ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠬᠦᠴᠦᠨ ᠢᠶᠠᠨ ᠨᠡᠶᠢᠳᠬᠡᠵᠦ᠂ ᠪᠥᠭᠡᠮ ᠬᠦᠴᠢᠯ ᠤᠨ ᠪᠠᠶᠢᠴᠠᠭᠠᠯᠲᠠ᠂ ᠲᠠᠬᠤᠯ ᠡᠪᠡᠳᠴᠢᠨ ᠤ ᠪᠠᠶᠢᠴᠠᠭᠠᠯᠲᠠ ᠬᠢᠵᠦ ᠡᠬᠢ ᠡᠭᠦᠰᠦᠯ ᠢ ᠮᠥᠷᠳᠡᠬᠦ᠂ ᠲᠤᠰᠠᠭᠠᠷᠯᠠᠵᠤ ᠬᠠᠮᠢᠶᠠᠷᠤᠨ ᠡᠵᠡᠮᠳᠡᠬᠦ᠂ ᠡᠮᠴᠢᠯᠡᠭᠡᠨ ᠤ ᠠᠪᠤᠷᠠᠨ ᠵᠠᠰᠠᠬᠤ ᠴᠢᠳᠠᠪᠤᠷᠢ ᠪᠠᠨ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠲᠤᠰᠠᠭᠠᠷᠯᠠᠬᠤ ᠴᠡᠭ ᠤᠨ ᠰᠣᠯᠪᠢᠴᠠᠭᠰᠠᠨ ᠬᠠᠯᠳᠠᠪᠤᠷᠢᠯᠠᠯ ᠪᠠ ᠡᠮᠨᠡᠯᠭᠡ ᠶᠢᠨ ᠬᠤᠷᠢᠶᠠᠨ ᠤ ᠬᠠᠯᠳᠠᠪᠤᠷᠢᠯᠠᠯ ᠡᠭᠦᠰᠬᠦ ᠶᠢ ᠡᠷᠡᠰ ᠬᠤᠷᠢᠭᠯᠠᠵᠤ᠂ ᠬᠢᠵᠢᠭ ᠤᠨ ᠪᠠᠶᠢᠳᠠᠯ ᠭᠠᠳᠠᠭᠰᠢ ᠲᠠᠷᠬᠠᠨ ᠳᠡᠯᠭᠡᠷᠡᠬᠦ ᠠᠶᠤᠯ ᠲᠦᠭᠰᠢᠭᠦᠷᠢ ᠪᠠ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠣᠳᠠᠲᠠᠢ ᠨᠠᠶᠢᠳᠠᠪᠤᠷᠢᠵᠢᠭᠤᠯᠤᠭᠰᠠᠨ ᠦᠭᠡᠢ ᠠᠴᠠ ᠪᠣᠯᠣᠭᠰᠠᠨ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ᠨᠢᠭᠡ ᠲᠠᠯ᠎ᠠ ᠪᠠᠷ ᠡᠪᠡᠳᠴᠢᠨ ᠤ ᠵᠢᠱᠢᠶ᠎ᠡ ᠶᠢ ᠦᠭᠡᠢ ᠪᠣᠯᠭᠠᠬᠤ ᠠᠵᠢᠯ ᠢ ᠠᠳᠬᠤᠵᠤ᠂ ᠨᠥᠭᠦᠭᠡ ᠲᠠᠯ᠎ᠠ ᠪᠠᠷ ᠸᠢᠷᠦ᠋ᠰ ᠤᠨ ᠡᠬᠢ ᠡᠭᠦᠰᠦᠯ ᠢ ᠡᠷᠢᠬᠦ ᠠᠵᠢᠯ ᠢ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠭᠡᠳ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠭᠡᠳ ᠣᠯᠠᠨ ᠲᠦᠮᠡᠨ ᠤ ᠬᠡᠪ ᠤᠨ ᠡᠮ ᠬᠡᠷᠡᠭᠯᠡᠵᠦ ᠡᠪᠡᠳᠴᠢᠨ ᠦᠵᠡᠭᠦᠯᠬᠦ ᠬᠡᠷᠡᠭᠴᠡᠭᠡ ᠱᠠᠭᠠᠷᠳᠠᠯᠭ᠎ᠠ ᠶᠢ ᠨᠢᠭᠡᠳᠦᠯᠲᠡᠢ ᠲᠥᠯᠥᠪᠵᠢᠭᠦᠯᠵᠦ᠂ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠲᠡᠷᠡ ᠶᠣᠰᠣᠭᠠᠷ ᠨᠢ ᠪᠣᠳᠠᠲᠠᠢ ᠳᠤ ᠨᠠᠶᠢᠳᠠᠪᠤᠷᠢᠵᠢᠭᠤᠯᠵᠤ᠂ ᠬᠠᠮᠤᠭ ᠤᠨ ᠣᠬᠤᠷ ᠬᠤᠭᠤᠴᠠᠭ᠎ᠠ᠂ ᠬᠠᠮᠤᠭ ᠤᠨ ᠪᠠᠭ᠎ᠠ ᠦᠷᠡᠭᠳᠡᠯ ᠢᠶᠠᠷ ᠬᠢᠵᠢᠭ ᠤᠨ ᠪᠠᠶᠢᠳᠠᠯ ᠤᠨ ᠬᠤᠷᠢᠭᠯᠠᠯᠲᠠ ᠶᠢᠨ ᠳᠠᠶᠢᠯᠠᠯᠳᠤᠭᠠᠨ ᠤ ᠪᠥᠬᠦ ᠲᠠᠯ᠎ᠠ ᠶᠢᠨ ᠢᠯᠠᠯᠲᠠ ᠶᠢ ᠲᠡᠮᠡᠴᠡᠨ ᠣᠯᠬᠤ ᠬᠡᠷᠡᠭᠲᠡᠢ ᠭᠡᠵᠦ ᠴᠢᠬᠤᠯᠠᠴᠢᠯᠠᠪᠠ᠃
ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠤᠸᠠᠩ ᡁᠢ ᠴᠢᠶᠠᠩ᠂ ᠪᠣᠣ ᠰᠢᠶᠠᠨ ᠬᠤᠸᠠ᠂ ᠵᠧᠩ ᠭᠤᠸᠠᠩ ᠵᠤᠤ ᠲᠣᠰ ᠲᠣᠰ ᠬᠥᠬᠡᠬᠤᠲᠠ ᠪᠣᠯᠣᠨ ᠡᠷᠢᠶᠡᠨ ᠬᠤᠲᠠ ᠳᠤ ᠬᠤᠷᠠᠯ ᠳᠤ ᠣᠷᠣᠯᠴᠠᠪᠠ᠃