ᠵᠤᠬᠢᠶᠠᠭᠴᠢ:
ᠴᠠᠭ:2022-08-05
ᠥᠵᠡᠭᠰᠡᠨ : ℃
ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠲᠥᠪ ᠤᠨ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ ᠰᠦᠨ ᠱᠤᠤ ᠴᠧᠩ ᠬᠤᠷᠠᠯ ᠢ ᠡᠷᠬᠢᠯᠠᠵᠠᠢ
2022 8 ᠳ᠋ᠤᠭᠠᠷ ᠰᠠᠷ᠎ᠠ ᠶᠢᠨ 1 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠲᠥᠪ ᠤᠨ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠨᠠᠶᠢᠳᠠᠪᠤᠷᠢᠵᠢᠭᠤᠯᠬᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠬᠤᠷᠠᠯ ᠢ ᠡᠷᠬᠢᠯᠡᠪᠡ᠃
ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠲᠥᠪ ᠤᠨ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢ ᠮᠠᠰᠢ ᠴᠢᠩᠭ᠎ᠠ ᠤᠯᠤᠰ ᠲᠦᠷᠦ ᠶᠢᠨ ᠴᠢᠨᠠᠷ᠂ ᠦᠵᠡᠯ ᠰᠠᠨᠠᠭᠠᠳᠤ ᠴᠢᠨᠠᠷ᠂ ᠤᠨᠤᠯ ᠤᠨ ᠴᠢᠨᠠᠷ ᠲᠠᠢ ᠪᠠᠶᠢᠵᠤ᠂ ᠰᠢᠨ᠎ᠡ ᠦᠶ᠎ᠡ ᠶᠢᠨ ᠤᠯᠤᠰ ᠶᠢᠨ ᠬᠠᠶᠢᠷᠠᠯᠠᠬᠤ ᠨᠢᠭᠡᠳᠦᠮᠡᠯ ᠹᠷᠣᠨᠲ ᠤᠨ ᠬᠥᠭᠵᠢᠨ ᠪᠤᠵᠠᠭᠠᠶᠢᠷᠠᠬᠤ ᠳᠤ ᠤᠷᠤᠭᠰᠢᠯᠠᠯᠲᠠ ᠶᠢᠨ ᠴᠢᠭᠯᠡᠯ ᠢ ᠲᠣᠳᠤᠷᠬᠠᠢ ᠵᠢᠭᠠᠵᠤ᠂ ᠦᠨᠳᠦᠰᠦᠨ ᠵᠢᠷᠤᠮᠵᠢᠯ ᠬᠠᠩᠭᠠᠵᠠᠢ᠂ ᠪᠢᠳᠡ ᠨᠠᠷᠢᠨ ᠬᠢᠨᠠᠮᠠᠭᠠᠢ ᠰᠤᠷᠤᠯᠴᠠᠨ ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠭᠡᠬᠦ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠪᠦᠷᠢᠨ ᠪᠦᠲᠦᠨ᠂ ᠵᠦᠪ ᠣᠨᠣᠪᠴᠢᠲᠠᠢ᠂ ᠪᠦᠬᠦ ᠲᠠᠯ᠎ᠠ ᠪᠠᠷ ᠰᠤᠷᠤᠯᠴᠠᠨ ᠣᠶᠢᠯᠠᠭᠠᠬᠤ ᠪᠠ ᠨᠠᠶᠢᠳᠠᠪᠤᠷᠢᠵᠢᠭᠤᠯᠵᠤ᠂ ᠲᠡᠷᠡ ᠬᠡᠪ ᠢᠶᠠᠷ ᠨᠢ ᠰᠡᠳᠭᠢᠯ ᠰᠢᠮᠳᠠᠨ ᠰᠤᠳᠤᠯᠬᠤ ᠪᠠᠷ ᠪᠠᠷᠠᠬᠤ ᠦᠭᠡᠢ ᠪᠠᠰᠠ ᠲᠡᠭᠦᠨ ᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭᠠᠨ ᠤ ᠪᠦᠬᠦᠶᠢᠯᠡ ᠴᠤᠬᠴᠠ ᠶᠢᠨ ᠰᠢᠰᠲ᠋ᠧᠮ ᠳᠤ ᠲᠠᠯᠪᠢᠨ ᠤᠬᠠᠪᠦᠷᠢᠯᠠᠨ ᠣᠶᠢᠯᠠᠭᠠᠵᠤ᠂ ᠭᠤᠣᠯ ᠠᠭᠤᠯᠭ᠎ᠠ᠂ ᠵᠣᠷᠢᠭ ᠰᠠᠨᠠᠭᠠᠨ ᠤ ᠮᠥᠨ ᠴᠢᠨᠠᠷ᠂ ᠪᠠᠶᠠᠯᠢᠭ ᠠᠭᠤᠯᠤᠭᠳᠠᠬᠤᠨ ᠪᠠ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠡᠭᠦᠨ ᠢᠶᠠᠷ ᠨᠡᠩ ᠰᠠᠶᠢᠳᠤᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠬᠤᠷᠠᠯ ᠠᠴᠠ᠂ ᠰᠢᠨ᠎ᠡ ᠴᠠᠭ ᠦᠶ᠎ᠡ ᠶᠢᠨ ᠤᠯᠤᠰ ᠶᠢᠨ ᠬᠠᠶᠢᠷᠠᠯᠠᠬᠤ ᠨᠢᠭᠡᠳᠦᠮᠡᠯ ᠹᠷᠣᠨᠲ ᠤᠨ ᠲᠡᠦᠬᠡᠨ ᠣᠷᠣᠨ ᠪᠠᠶᠢᠷᠢ᠂ ᠴᠢᠬᠤᠯᠠ ᠡᠭᠦᠷᠭᠡ ᠬᠠᠷᠢᠭᠤᠴᠠᠯᠭ᠎ᠠ ᠪᠣᠯᠤᠨ ᠳᠤᠮᠳᠠᠳᠤ ᠶᠢᠨ ᠬᠥᠪᠡᠭᠦᠳ ᠥᠬᠢᠳ ᠤᠨ ᠶᠡᠭᠡ ᠪᠦᠯᠬᠦᠮᠳᠡᠯ ᠢ ᠠᠬᠢᠭᠤᠯᠬᠤ ᠳᠤ ᠰᠠᠶᠢᠲᠤᠷ ᠰᠢᠢᠳᠪᠦᠷᠢᠯᠡᠬᠦ ᠴᠢᠬᠤᠯᠠᠲᠠᠢ 《ᠲᠦᠷᠪᠡᠨ ᠬᠤᠣᠰ ᠬᠠᠷᠢᠴᠠᠭ᠎ᠠ》 ᠶᠢ ᠪᠠᠲᠤ ᠡᠵᠡᠮᠳᠡᠵᠦ᠂ ᠡᠭᠦᠷᠭᠡᠲᠦ ᠪᠤᠳᠤᠯ ᠪᠣᠯᠤᠨ ᠬᠠᠷᠢᠭᠤᠴᠠᠯᠭᠠᠲᠤ ᠰᠡᠳᠭᠢᠯᠭᠡ ᠪᠠᠨ ᠴᠢᠩᠭᠠᠳᠬᠠᠵᠤ᠂ ᠵᠢᠮ᠎ᠡ ᠶᠣᠰᠣ ᠶᠢ ᠵᠢᠷᠤᠮᠯᠠᠵᠤ᠂ ᠦᠨᠡᠨ ᠠᠴᠠ ᠵᠥᠪ ᠢ ᠡᠷᠢᠵᠦ᠂ ᠮᠠᠨ ᠤ ᠣᠷᠣᠨ ᠤ ᠨᠢᠭᠡᠳᠦᠮᠡᠯ ᠹᠷᠣᠨᠲ ᠤᠨ ᠠᠵᠢᠯ ᠢ ᠨᠡᠩ ᠰᠢᠨᠵᠢᠯᠡᠬᠦ ᠤᠬᠠᠭᠠᠨᠴᠢ᠂ ᠨᠠᠷᠢᠯᠢᠭ ᠣᠨᠣᠪᠴᠢᠲᠠᠢ᠂ ᠪᠦᠲᠦᠮᠵᠢᠲᠡᠢ ᠰᠠᠶᠢᠲᠤᠷ ᠬᠢᠬᠦ ᠬᠡᠷᠡᠭᠲᠡᠢ᠃ ᠰᠡᠳᠭᠢᠯ ᠨᠢᠭᠡᠳᠭᠡᠨ ᠬᠦᠴᠦ ᠬᠠᠮᠳᠤᠳᠬᠠᠬᠤ ᠠᠵᠢᠯ ᠢ ᠰᠡᠳᠭᠢᠯ ᠲᠠᠯᠪᠢᠨ᠂ ᠬᠦᠴᠦ ᠤᠷᠤᠭᠤᠯᠤᠨ ᠰᠠᠶᠢᠲᠤᠷ ᠬᠢᠵᠦ᠂ 《ᠬᠤᠶᠠᠷ ᠬᠠᠯᠬᠠᠪᠴᠢ》《ᠬᠤᠶᠠᠷ ᠰᠠᠭᠤᠷᠢᠨ 》《ᠨᠢᠭᠡ ᠪᠠᠬᠢᠯᠡᠯᠲᠡ》 ᠶᠢ ᠪᠦᠲᠦᠭᠡᠨ ᠪᠠᠶᠢᠭᠤᠯᠬᠤ ᠵᠡᠷᠭᠡ ᠴᠢᠬᠤᠯᠠ ᠶᠡᠭᠡ ᠡᠭᠦᠷᠭᠡ ᠳᠤ ᠠᠩᠬᠠᠷᠤᠯ ᠶᠢᠨ ᠲᠥᠪᠯᠡᠷᠡᠭᠦᠯᠵᠦ᠂ ᠦᠵᠡᠯ ᠰᠠᠨᠠᠭ᠎ᠠ ᠤᠯᠤᠰ ᠲᠦᠷᠦ ᠶᠢᠨ ᠬᠦᠲᠦᠯᠦᠨ ᠵᠢᠯᠤᠭᠤᠳᠤᠯᠭ᠎ᠠ ᠶᠢ ᠴᠢᠩᠭᠠᠳᠬᠠᠵᠤ᠂ ᠥᠪᠥᠷ ᠮᠣᠩᠭᠤᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠬᠤ ᠬᠦᠴᠦᠷᠬᠡᠭ ᠶᠡᠭᠡ ᠬᠠᠮᠲᠤᠷᠠᠯ ᠬᠦᠴᠦᠨ ᠢ ᠪᠦᠷᠢᠯᠳᠦᠭᠦᠯᠬᠦ ᠬᠡᠷᠡᠭᠲᠡᠢ᠃ ᠰᠢᠨ᠎ᠡ ᠴᠠᠭ ᠦᠶ᠎ᠡ ᠶᠢᠨ ᠨᠢᠭᠡᠳᠦᠮᠡᠯ ᠹᠷᠣᠨᠲ ᠤᠨ ᠠᠵᠢᠯ ᠢ ᠴᠢᠩᠭᠠᠳᠬᠠᠬᠤ ᠬᠠᠷᠠᠯᠲᠠ ᠱᠠᠭᠠᠷᠳᠠᠯᠭ᠎ᠠ ᠲᠠᠢ ᠬᠠᠷᠭᠤᠭᠤᠯᠵᠤ᠂ ᠳᠤᠲᠠᠭᠤᠳᠠᠯ ᠢ ᠨᠥᠬᠦᠪᠥᠷᠢᠯᠡᠬᠦ᠂ ᠪᠠᠭᠤᠷᠠᠶ ᠲᠠᠯ᠎ᠠ ᠶᠢ ᠬᠦᠴᠦᠷᠬᠡᠭᠵᠢᠭᠦᠯᠬᠦ ᠠᠵᠢᠯ ᠢ ᠰᠠᠶᠢᠳᠤᠷ ᠬᠢᠵᠤ᠂ ᠠᠷᠠᠳᠴᠢᠯᠠᠭᠰᠠᠨ ᠨᠠᠮ ᠪᠦᠯᠦᠭ ᠤᠨ ᠡᠭᠦᠷᠭᠡ ᠴᠢᠳᠠᠪᠬᠢ ᠪᠠᠨ ᠨᠠᠩ ᠰᠠᠶᠢᠲᠤᠷ ᠭᠦᠶᠴᠡᠳᠭᠡᠬᠦ ᠶᠢ ᠳᠡᠮᠵᠢᠬᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠨᠢᠳᠦᠨ ᠳᠤ ᠦᠵᠡᠭᠳᠡᠮᠠ ᠰᠡᠳᠬᠢᠯ ᠳᠤ ᠰᠠᠭᠤᠭᠳᠠᠮ᠎ᠠ ᠭᠠᠷ ᠲᠤ ᠪᠠᠷᠢᠭᠳᠠᠮ᠎ᠠ ᠪᠠᠳᠤ ᠴᠤᠭᠴᠠᠯᠠᠬᠤ᠂ ᠮᠠᠨ ᠤ ᠤᠯᠤᠰ ᠤᠨ ᠱᠠᠰᠢᠨ ᠰᠤᠷᠲᠠᠬᠤᠨ ᠢ ᠳᠤᠮᠳᠠᠳᠤ ᠤᠯᠤᠰᠴᠢᠯᠠᠬᠤ ᠶᠢ ᠭᠦᠨᠵᠡᠭᠡᠢ ᠠᠬᠢᠭᠤᠯᠬᠤ᠂ ᠵᠠᠰᠠᠭ ᠤᠨ ᠤᠷᠳᠤᠨ ᠪᠠ ᠬᠤᠳᠠᠯᠳᠤᠭᠠᠴᠢᠨ ᠤ ᠳᠤᠳᠤᠨᠤ ᠴᠢᠭᠡᠴᠢ ᠬᠠᠷᠢᠴᠠᠭ᠎ᠠ ᠶᠢ ᠪᠠᠶᠢᠭᠤᠯᠬᠤ᠂ ᠠᠷᠠᠳ ᠠᠵᠤ ᠠᠬᠤᠶ ᠶᠢ ᠶᠡᠭᠡ ᠪᠠᠷ ᠬᠥᠭᠵᠢᠭᠦᠯᠬᠦ᠂ ᠨᠠᠮ ᠤᠨ ᠭᠠᠳᠠᠨᠠᠬᠢ ᠰᠡᠬᠡᠭᠡᠲᠡᠨ ᠪᠣᠯᠤᠨ ᠨᠡᠶᠢᠭᠡᠮ ᠤᠨ ᠰᠢᠨ᠎ᠡ ᠠᠩᠭᠢ ᠳᠠᠪᠬᠤᠷᠭ᠎ᠠ ᠲᠠᠢ ᠬᠠᠷᠢᠯᠴᠠᠵᠤ ᠨᠡᠪᠲᠡᠷᠡᠯᠴᠡᠬᠦ ᠲᠣᠭᠲᠡᠴᠡ ᠶᠢ ᠪᠦᠷᠢᠨᠰᠢᠬᠦᠯᠬᠦ᠂ ᠨᠢᠭᠡᠳᠦᠮᠡᠯ ᠹᠷᠣᠨᠲ ᠤᠨ ᠡᠳᠡᠭᠡᠳ ᠢ ᠬᠦᠨᠳᠦᠳᠭᠡᠨ ᠬᠠᠶᠢᠷᠠᠯᠠᠬᠤ᠂ ᠰᠦᠯᠵᠢᠶᠡᠨ ᠤ ᠨᠢᠭᠡᠳᠦᠮᠡᠯ ᠹᠷᠣᠨᠲ ᠢ ᠴᠢᠩᠭᠠᠳᠬᠠᠬᠤ ᠵᠡᠷᠭᠡ ᠠᠵᠢᠯ ᠢ ᠭᠦᠨᠵᠡᠭᠡᠶ ᠵᠠᠳᠠᠯᠤᠨ ᠰᠤᠳᠤᠯᠵᠤ᠂ ᠪᠠᠶᠢᠳᠠᠯ ᠢ ᠪᠠᠶᠢᠴᠠᠭᠠᠨ ᠲᠣᠳᠣᠯᠠᠵᠤ᠂ ᠭᠡᠮ ᠠᠷᠬᠠᠭ ᠢ ᠤᠨᠤᠪᠴᠢᠳᠠᠢ ᠡᠷᠢᠵᠤ᠂ ᠠᠷᠭᠠᠴᠠᠬᠤ ᠠᠷᠭ᠎ᠠ ᠶᠢ ᠪᠣᠳᠠᠲᠠᠶ ᠲᠣᠭᠲᠠᠭᠠᠵᠤ᠂ ᠨᠢᠭᠡᠳᠦᠮᠡᠯ ᠹᠷᠣᠨᠲ ᠤᠨ ᠠᠵᠢᠯ ᠤᠨ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠳᠠᠢ ᠭᠡᠵᠤ ᠴᠢᠬᠤᠯᠠᠴᠢᠯᠠᠵᠠᠢ᠃
ᠬᠤᠷᠠᠯ ᠠᠴᠠ᠂ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠨᠢᠭᠡᠳᠦᠮᠡᠯ ᠹᠷᠣᠨᠲ ᠤᠨ ᠠᠵᠢᠯ ᠢ ᠡᠷᠬᠡᠪᠰᠢ ᠬᠢᠬᠦ ᠶᠤᠰᠤᠳᠠᠢ ᠠᠵᠢᠯ ᠪᠤᠯᠭᠠᠵᠦ᠂ ᠡᠷᠬᠡᠪᠰᠢ ᠰᠠᠶᠢᠲᠤᠷ ᠨᠠᠶᠢᠳᠠᠪᠦᠷᠢᠵᠢᠭᠤᠯᠬᠤ ᠬᠠᠷᠢᠭᠤᠴᠠᠯᠭ᠎ᠠ ᠪᠣᠯᠭᠠᠵᠤ᠂ ᠨᠢᠭᠡᠳᠦᠮᠡᠯ ᠹᠷᠣᠨᠲ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠲᠣᠭᠲᠠᠭᠠᠭᠰᠠᠨ ᠶᠠᠪᠤᠳᠠᠯ ᠢ ᠱᠠᠯᠠᠪᠳᠠᠨ ᠬᠡᠷᠡᠭᠵᠢᠭᠦᠯᠵᠦ᠂ ᠪᠠᠶᠢᠷᠢᠯᠠᠭᠤᠯᠤᠭᠰᠠᠨ ᠠᠵᠢᠯ ᠢ ᠡᠴᠦᠰ ᠲᠤᠨᠢ ᠲᠤᠯᠲᠠᠯ᠎ᠠ ᠠᠳᠬᠤᠬᠤ ᠬᠡᠷᠡᠭᠲᠡᠢ᠃ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠤᠳᠤᠷᠢᠳᠬᠤ ᠳᠤᠭᠤᠶᠢᠯᠠᠩ ᠲᠦᠷᠦᠭᠦᠯᠡᠨ ᠶᠡᠷᠦᠩᠬᠡᠶᠢᠯᠡᠨ ᠠᠳᠬᠤᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠰᠤᠳᠤᠯᠤᠨ ᠲᠥᠯᠥᠪᠵᠢᠭᠦᠯᠬᠦ ᠪᠠ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠪᠠᠨ ᠴᠢᠩᠭᠠᠳᠬᠠᠬᠤ ᠬᠡᠷᠡᠭᠲᠡᠢ᠃ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠶᠢᠨ ᠬᠢᠨ ᠴᠥᠮ ᠨᠢᠭᠡᠳᠦᠮᠡᠯ ᠹᠷᠣᠨᠲ ᠤᠨ ᠤᠬᠠᠮᠰᠠᠷ ᠢ ᠴᠢᠩᠭᠠᠳᠬᠠᠵᠤ᠂ 《ᠬᠥᠯᠭᠡ ᠰᠢᠳᠠᠷ᠎ᠠ 》ᠦᠵᠡᠯ ᠰᠠᠨᠠᠭ᠎ᠠ ᠶᠢ ᠪᠤᠢ ᠪᠣᠯᠭᠠᠵᠤ᠂ ᠠᠵᠢᠯ ᠬᠠᠮᠵᠢᠯᠴᠠᠬᠤ ᠶᠢ ᠰᠠᠶᠢᠲᠤᠷ ᠬᠢᠬᠦ ᠬᠡᠷᠡᠭᠲᠡᠢ᠃ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠨᠠᠮ ᠤᠨ ᠬᠤᠷᠢᠶ᠎ᠠ ᠳᠤ ᠢᠯᠡᠭᠦᠬᠡᠨ ᠠᠷᠭ᠎ᠠ ᠤᠬᠠᠭᠠᠨ ᠭᠠᠷᠭᠠᠨ ᠦᠭᠴᠤ᠂ ᠰᠠᠶᠢᠨ ᠠᠷᠭ᠎ᠠ ᠤᠬᠠᠭᠠᠨ ᠭᠠᠷᠭᠠᠨ ᠦᠭᠴᠤ᠂ ᠪᠣᠳᠠᠲᠤ ᠶᠠᠪᠤᠳᠠᠯ ᠢ ᠢᠯᠡᠭᠦᠬᠡᠨ ᠬᠢᠵᠦ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠬᠦ ᠬᠡᠷᠡᠭᠲᠡᠢ᠃ ᠥᠷᠭᠡᠨ ᠤᠯᠠᠨ ᠨᠢᠭᠡᠳᠦᠮᠡᠯ ᠹᠷᠣᠨᠲ ᠤᠨ ᠺᠠᠳ᠋ᠷ ᠲᠤᠰ ᠪᠡᠶ᠎ᠡ ᠶᠢᠨ ᠪᠠᠶᠢᠭᠤᠯᠤᠯᠲᠠ ᠪᠠᠨ ᠰᠠᠶᠢᠲᠤᠷ ᠠᠳᠬᠤᠵᠤ᠂ ᠠᠵᠢᠯ ᠢᠶᠠᠨ ᠰᠠᠶᠢᠲᠤᠷ ᠬᠢᠬᠦ ᠡᠷᠳᠡᠮ ᠴᠢᠳᠠᠪᠤᠷᠢ ᠪᠠᠨ ᠨᠡᠮᠡᠭᠳᠡᠭᠦᠯᠬᠦ ᠬᠡᠷᠡᠭᠲᠡᠢ ᠭᠡᠵᠤ ᠴᠢᠬᠤᠯᠠᠴᠢᠯᠠᠵᠠᠢ᠃