ᠵᠤᠬᠢᠶᠠᠭᠴᠢ: ᠴᠠᠭ:2022-11-11 ᠥᠵᠡᠭᠰᠡᠨ : ᠢᠷᠡᠯᠲᠡ:  ᠥᠪᠥᠷ ᠮᠣᠩᠭᠤᠯ ᠤᠨ     ᠵᠠᠰᠠᠭ ᠤᠨ ᠣᠷᠳᠣᠨ  
ᠯᠢ ᠺᠧ ᠴᠢᠶᠠᠩ ᠺᠠᠮᠪᠤᠵᠠ ᠶᠢᠨ ᠲᠡᠷᠢᠭᠦᠨ ᠰᠠᠶᠢᠳ ᠡᠾᠦ᠋ᠨᠰᠧᠨ ᠲᠠᠢ ᠬᠡᠯᠡᠯᠴᠡᠭᠡ ᠬᠢᠬᠦ ᠳᠤ ᠪᠠᠨ ᠤᠯᠠᠮᠵᠢᠯᠠᠯᠲᠤ ᠨᠥᠬᠦᠷᠯᠡᠯ ᠢᠶᠠᠨ ᠪᠠᠳᠠᠷᠠᠭᠤᠯᠵᠤ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠳᠤᠮᠳᠠᠳᠤ ᠺᠠᠮᠪᠤᠵᠠ ᠶᠢᠨ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ ᠬᠠᠷᠢᠴᠠᠭ᠎ᠠ ᠪᠠᠨ ᠨᠡᠩ ᠥᠨᠳᠥᠷ ᠲᠦᠪᠰᠢᠨ ᠳᠤ ᠬᠦᠷᠭᠡᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ

 

ᠰᠢᠨᠬᠤᠸᠠ ᠬᠤᠷᠢᠶᠠᠨ ᠤ ᠫᠨᠤᠮ ᠪᠧᠩ  2022  11 ᠳ᠋ᠦ᠋ᠭᠡᠷ ᠰᠠᠷ᠎ᠠ ᠶᠢᠨ 9 ᠤ ᠡᠳᠦᠷ ᠤᠨ ᠴᠠᠬᠢᠯᠭᠠᠨ ᠮᠡᠳᠡᠭᠡ  ᠲᠤᠬᠠᠢ ᠶᠢᠨ ᠭᠠᠵᠠᠷ ᠤᠨ ᠴᠠᠭ ᠢᠶᠠᠷ 11 ᠳ᠋ᠦ᠋ᠭᠡᠷ ᠰᠠᠷ᠎ᠠ ᠶᠢᠨ 9 ᠤ ᠡᠳᠦᠷ ᠤᠨ ᠦᠳᠡ ᠶᠢᠨ ᠬᠤᠶᠢᠨ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ ᠫᠨᠤᠮ ᠪᠧᠩ ᠤᠨ ᠨᠠᠶᠢᠷᠠᠮᠳᠠᠯ ᠲᠣᠮᠣ ᠠᠰᠠᠷ ᠲᠤ ᠺᠠᠮᠪᠤᠵᠠ ᠶᠢᠨ ᠲᠡᠷᠢᠭᠦᠨ ᠰᠠᠶᠢᠳ ᠡᠾᠦ᠋ᠨᠰᠧᠨ ᠲᠠᠢ ᠬᠡᠯᠡᠯᠴᠡᠭᠡ ᠬᠢᠪᠡ᠃

ᠯᠢ ᠺᠧ ᠴᠢᠶᠠᠩ ᠢᠯᠡᠷᠬᠡᠶᠢᠯᠡᠬᠦ ᠳᠤ ᠪᠠᠨ᠂ ᠳᠤᠮᠳᠠᠳᠤ ᠺᠠᠮᠪᠤᠵᠠ ᠭᠦᠨ ᠵᠤᠵᠠᠭᠠᠨ ᠤᠯᠠᠮᠵᠢᠯᠠᠯᠲᠤ ᠨᠥᠬᠦᠷᠯᠡᠯ ᠲᠠᠢ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠢᠲᠡᠭᠡᠯᠴᠡᠭᠡ ᠲᠠᠢ᠂ ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢᠨ ᠦᠷ᠎ᠡ ᠪᠦᠲᠦᠭᠡᠯ ᠲᠠᠢ ᠪᠠᠶᠢᠳᠠᠭ᠃ ᠲᠡᠷᠢᠭᠦᠯᠡᠭᠴᠢ ᠰᠢ ᠶᠢᠨ ᠫᠢᠩ 2016 ᠣᠨ ᠳᠤ ᠺᠠᠮᠪᠤᠵᠠ ᠳᠤ ᠠᠮᠵᠢᠯᠲᠠ ᠲᠠᠢ ᠠᠶᠢᠯᠴᠢᠯᠠᠯᠲᠠ ᠬᠢᠵᠦ᠂ 2020 ᠣᠨ ᠳᠤ ᠮᠦᠨᠢᠯᠢᠶᠧ ᠲᠠᠶᠢᠬᠡᠦ ᠳᠤ 《ᠨᠥᠬᠦᠷᠯᠡᠯ ᠤᠨ ᠭᠠᠪᠢᠶᠠᠨ ᠲᠡᠮᠳᠡᠭ》 ᠣᠯᠭᠤᠵᠤ᠂ ᠬᠤᠶᠠᠷ ᠤᠯᠤᠰ ᠤᠨ ᠨᠥᠬᠦᠷᠯᠡᠯ ᠤᠨ ᠰᠢᠨ᠎ᠡ ᠬᠠᠭᠤᠳᠠᠰᠤ ᠶᠢ ᠦᠷᠭᠦᠯᠵᠢᠯᠡᠨ ᠪᠢᠴᠢᠭᠯᠡᠪᠡ᠃ ᠲᠡᠷᠢᠭᠦᠨ ᠰᠠᠶᠢᠳ ᠠᠪᠤᠭᠠᠢ ᠪᠣᠯ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠭᠡᠨᠡᠳᠲᠡ ᠡᠭᠦᠰᠦᠭᠰᠡᠨ ᠦᠶ᠎ᠡ ᠳᠤ ᠳᠤᠮᠳᠠᠳᠤ ᠤᠯᠤᠰ ᠲᠤ ᠠᠶᠢᠯᠴᠢᠯᠠᠭᠰᠠᠨ ᠠᠩᠬᠠᠳᠠᠭᠴᠢ ᠭᠠᠳᠠᠭᠠᠳᠤ ᠤᠯᠤᠰ ᠤᠨ ᠤᠳᠤᠷᠢᠳᠬᠤ ᠬᠥᠮᠥᠨ ᠪᠠᠶᠢᠵᠤ᠂ ᠳᠤᠮᠳᠠᠳᠤ ᠤᠯᠤᠰ ᠤᠨ ᠠᠷᠠᠳ ᠲᠦᠮᠡᠨ ᠳᠤ ᠭᠦᠨ ᠰᠠᠭᠤᠭᠳᠠᠯ ᠦᠯᠡᠳᠡᠭᠡᠵᠡᠢ᠃ ᠬᠢᠵᠢᠭ ᠤᠨ ᠪᠠᠶᠢᠳᠠᠯ ᠡᠭᠦᠰᠦᠭᠰᠡᠨ ᠭᠤᠷᠪᠠᠨ ᠵᠢᠯ ᠰᠢᠬᠠᠮ ᠤᠨ ᠲᠤᠷᠰᠢ᠂ ᠪᠢ ᠠᠩᠬ᠎ᠠ ᠤᠳᠠᠭ᠎ᠠ ᠫᠨᠣᠮ ᠪᠧᠩ ᠳᠤ  ᠵᠡᠭᠦᠨ ᠠᠽᠢᠶ᠎ᠠ ᠶᠢᠨ ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ ᠰᠢᠷᠢᠰ ᠬᠤᠷᠠᠯ ᠳᠤ ᠣᠷᠣᠯᠴᠠᠭᠰᠠᠨ ᠤ ᠬᠠᠮᠲᠤ ᠺᠠᠮᠪᠤᠵᠠ ᠳᠤ ᠠᠯᠪᠠᠨ ᠶᠣᠰᠣᠨ ᠤ ᠠᠶᠢᠯᠴᠢᠯᠠᠯᠲᠠ ᠬᠢᠬᠦ ᠪᠣᠯᠤᠭᠰᠠᠨ ᠳᠤ ᠪᠠᠨ ᠮᠠᠰᠢ ᠪᠠᠶᠠᠷ ᠲᠠᠢ ᠪᠠᠶᠢᠨ᠎ᠠ᠃ ᠺᠠᠮᠪᠤᠵᠠ ᠶᠢᠨ ᠠᠵᠤ ᠠᠬᠤᠢ ᠨᠡᠶᠢᠭᠡᠮ ᠰᠢᠨ᠎ᠡ ᠬᠥᠭᠵᠢᠯᠲᠡ ᠲᠠᠢ ᠪᠣᠯᠤᠭᠰᠠᠨ ᠳᠤ ᠳᠤᠮᠳᠠᠳᠤ ᠤᠯᠤᠰ ᠪᠠᠶᠠᠷ ᠬᠦᠷᠭᠡᠵᠦ ᠪᠠᠶᠢᠨ᠎ᠠ᠃ ᠳᠤᠮᠳᠠᠳᠤ ᠶᠢᠨ ᠲᠠᠯ᠎ᠠ ᠶᠢᠨ ᠬᠢᠨ ᠶᠡᠷᠦ ᠠᠴᠠ ᠶᠡᠭᠡ ᠪᠠᠭ᠎ᠠ ᠤᠯᠤᠰ  ᠭᠡᠰᠡᠨ ᠦᠭᠡᠢ ᠴᠥᠮ ᠡᠷᠬᠡ ᠲᠡᠭᠰᠢ ᠪᠠᠶᠢᠬᠤ ᠶᠢ ᠪᠠᠷᠢᠮᠲᠠᠯᠠᠵᠤ᠂ ᠡᠯ᠎ᠡ ᠤᠯᠤᠰ ᠴᠦᠮ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠤᠨ ᠵᠣᠷᠢᠯᠲᠠ ᠵᠠᠷᠴᠢᠮ ᠢ ᠵᠢᠷᠤᠮᠯᠠᠵᠤ᠂ ᠺᠠᠮᠪᠤᠵᠠ ᠶᠢᠨ ᠲᠠᠯ᠎ᠠ ᠶᠢᠨ ᠬᠢᠨ ᠤ ᠲᠤᠰ ᠤᠯᠤᠰ ᠤᠨ ᠢᠶᠠᠨ ᠪᠠᠶᠢᠳᠠᠯ ᠳᠤ ᠨᠡᠶᠢᠴᠡᠭᠰᠡᠨ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠳᠡᠮᠵᠢᠵᠦ᠂ ᠺᠠᠮᠪᠤᠵᠠ ᠶᠢᠨ ᠳᠡᠯᠡᠬᠡᠢ ᠶᠢᠨ ᠪᠠ ᠭᠠᠵᠠᠷ ᠣᠷᠣᠨ ᠤ ᠲᠠᠪᠴᠠᠩ ᠳᠤ ᠨᠡᠩ ᠴᠢᠬᠤᠯᠠ ᠦᠢᠯᠡᠳᠦᠯ ᠦᠵᠡᠭᠦᠯᠬᠦ ᠶᠢ ᠳᠡᠮᠵᠢᠵᠦ᠂ ᠳᠤᠷᠠᠲᠠᠶ᠎ᠠ ᠺᠠᠮᠪᠤᠵᠠ ᠶᠢᠨ ᠲᠠᠯ᠎ᠠ ᠶᠢᠨ ᠬᠢᠨ ᠲᠠᠢ ᠳᠡᠭᠡᠳᠦ ᠳᠠᠪᠬᠤᠷᠭ᠎ᠠ ᠶᠢᠨ ᠶᠠᠪᠤᠯᠴᠠᠭ᠎ᠠ ᠣᠯᠣᠯᠴᠠᠭ᠎ᠠ ᠪᠠᠨ ᠨᠢᠭᠲᠠᠷᠠᠭᠤᠯᠵᠤ᠂ ᠲᠤᠰ ᠲᠤᠰ ᠤᠨ ᠢᠶᠠᠨ ᠭᠤᠣᠯᠯᠠᠭᠴᠢ ᠠᠰᠢᠭ ᠲᠤᠰᠠ ᠪᠠ ᠠᠩᠬᠠᠷᠴᠤ ᠪᠠᠶᠢᠭ᠎ᠠ ᠴᠢᠬᠤᠯᠠ ᠶᠡᠭᠡ ᠠᠰᠠᠭᠤᠳᠠᠯ ᠤᠨ ᠲᠠᠯ᠎ᠠ ᠪᠠᠷ ᠬᠠᠷᠢᠯᠴᠠᠨ ᠳᠡᠮᠵᠢᠯᠴᠡᠵᠦ᠂ ᠳᠤᠮᠳᠠᠳᠤ ᠺᠠᠮᠪᠤᠵᠠ ᠶᠢᠨ ᠪᠦᠬᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠨᠢᠲᠠᠨ ᠤ  ᠬᠠᠷᠢᠴᠠᠭ᠎ᠠ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠬᠤᠶᠠᠷ ᠤᠯᠤᠰ ᠤᠨ ᠠᠷᠠᠳ ᠲᠦᠮᠡᠨ ᠳᠤ ᠨᠡᠩ ᠰᠠᠶᠢᠨ ᠪᠤᠶᠠᠨ ᠦᠢᠯᠡᠳᠦᠨ᠎ᠡ ᠭᠡᠵᠡᠢ᠃

ᠯᠢ ᠺᠧ ᠴᠢᠶᠠᠩ ᠵᠢᠭᠠᠬᠤ ᠳᠤ ᠪᠠᠨ᠂ ᠳᠤᠮᠳᠠᠳᠤ ᠶᠢᠨ ᠲᠠᠯ᠎ᠠ ᠶᠢᠨ ᠬᠢᠨ ᠳᠤᠷᠠᠲᠠᠶ᠎ᠠ ᠺᠠᠮᠪᠤᠵᠠ ᠶᠢᠨ ᠲᠠᠯ᠎ᠠ ᠶᠢᠨ ᠬᠢᠨ ᠲᠠᠢ ᠢᠷᠡᠬᠦ ᠵᠢᠯ ᠤᠨ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 65 ᠵᠢᠯ ᠤᠨ ᠤᠢ ᠪᠠᠷ ᠠᠵᠠ ᠲᠣᠬᠢᠶᠠᠯ ᠪᠣᠯᠭᠠᠨ᠂ 《ᠳᠤᠮᠳᠠᠳᠤ ᠺᠠᠮᠪᠤᠵᠠ ᠶᠢᠨ ᠨᠥᠬᠦᠷᠯᠡᠯ ᠤᠨ ᠣᠨ》 ᠤ ᠰᠢᠷᠢᠰ ᠠᠵᠢᠯᠯᠠᠭ᠎ᠠ ᠶᠢ ᠰᠠᠶᠢᠲᠤᠷ ᠡᠷᠬᠢᠯᠡᠨ᠎ᠡ᠃ ᠺᠠᠮᠪᠤᠵᠠ ᠶᠢᠨ ᠲᠠᠷᠢᠶᠠᠯᠠᠩ ᠤᠨ ᠰᠢᠨᠵᠢᠯᠡᠬᠦ ᠤᠬᠠᠭᠠᠨᠴᠢᠯᠠᠯᠲᠠ᠂ ᠠᠵᠤ ᠦᠢᠯᠡᠰᠵᠢᠯᠲᠡ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠶᠢ ᠳᠡᠮᠵᠢᠵᠦ᠂ ᠺᠠᠮᠪᠤᠵᠠ ᠶᠢᠨ ᠳᠠᠪᠠᠭᠤᠯᠢᠭ ᠲᠠᠷᠢᠶᠠᠯᠠᠩ ᠤᠨ ᠪᠦᠲᠦᠭᠡᠭᠳᠡᠬᠦᠨ ᠢ ᠭᠠᠳᠠᠭᠠᠳᠤ ᠠᠴᠠ ᠣᠷᠣᠭᠤᠯᠬᠤ ᠶᠢ ᠥᠷᠭᠡᠳᠬᠡᠨ᠂ ᠲᠣᠮᠣ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠺᠠᠮᠪᠤᠵᠠ ᠶᠢᠨ ᠠᠵᠤ ᠦᠢᠯᠡᠳᠪᠦᠷᠢᠵᠢᠯᠲᠡ ᠶᠢ ᠲᠦᠷᠭᠡᠳᠬᠡᠨ ᠠᠬᠢᠭᠤᠯᠬᠤ ᠶᠢ ᠳᠡᠮᠵᠢᠨ᠎ᠡ᠃ ᠺᠠᠮᠪᠤᠵᠠ ᠶᠢ ᠬᠠᠪᠰᠤᠷᠤᠨ ᠮᠢᠨ᠎ᠠ ᠠᠷᠢᠯᠭᠠᠬᠤ ᠠᠵᠢᠯᠯᠠᠭ᠎ᠠ ᠶᠢ ᠥᠷᠨᠢᠭᠦᠯᠵᠦ᠂ ᠺᠠᠮᠪᠤᠵᠠ ᠶᠢ ᠲᠤᠰᠠᠯᠠᠬᠤ ᠵᠠᠮ᠂ ᠡᠮ ᠡᠮᠨᠡᠯᠭᠡ᠂ ᠤᠰᠤ ᠬᠠᠩᠭᠠᠬᠤ ᠵᠡᠷᠭᠡ ᠲᠦᠷᠦᠯ ᠵᠦᠢᠯ ᠢ ᠰᠠᠶᠢᠲᠤᠷ ᠨᠠᠶᠢᠳᠠᠪᠤᠷᠢᠵᠢᠭᠤᠯᠵᠤ  ᠂ ᠺᠠᠮᠪᠤᠵᠠ ᠶᠢᠨ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠴᠢᠳᠠᠯ ᠤᠨ ᠬᠢᠷᠢ ᠪᠠᠷ ᠢᠶᠠᠨ ᠬᠠᠪᠰᠤᠷᠤᠯᠭ᠎ᠠ ᠦᠵᠡᠭᠦᠯᠦᠨ᠎ᠡ᠃ ᠰᠢᠨᠵᠢᠯᠡᠬᠦ ᠤᠬᠠᠭᠠᠨ ᠮᠡᠷᠭᠡᠵᠢᠯ᠂ ᠰᠤᠷᠭᠠᠨ ᠬᠥᠮᠦᠵᠢᠯ᠂ ᠰᠣᠶᠣᠯ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠬᠤᠶᠠᠷ ᠤᠯᠤᠰ ᠤᠨ ᠰᠢᠭᠤᠳ ᠬᠦᠷᠬᠦ ᠡᠭᠡᠯᠵᠢ ᠶᠢᠨ ᠨᠢᠰᠬᠡᠯ ᠢ ᠨᠡᠮᠡᠭᠳᠡᠭᠦᠯᠵᠦ᠂ ᠺᠠᠮᠪᠤᠵᠠ ᠶᠢᠨ ᠰᠤᠷᠤᠭᠴᠢᠳ ᠤᠨ ᠳᠤᠮᠳᠠᠳᠤ ᠤᠯᠤᠰ ᠲᠤ ᠢᠷᠡᠵᠤ ᠰᠤᠷᠤᠯᠴᠠᠬᠤ ᠶᠢ ᠪᠠᠶᠠᠷᠯᠠᠨ ᠤᠭᠲᠤᠨ᠎ᠠ ᠭᠡᠵᠡᠢ᠃

ᠯᠢ ᠺᠧ ᠴᠢᠶᠠᠩ ᠴᠢᠬᠤᠯᠠᠴᠢᠯᠠᠬᠤ ᠳᠤ ᠪᠠᠨ᠂ ᠲᠣᠭᠲᠠᠭᠤᠨ᠂ ᠬᠥᠭᠵᠢᠭᠰᠡᠨ᠂ ᠴᠡᠴᠡᠭᠯᠡᠭᠰᠡᠨ ᠺᠠᠮᠪᠤᠵᠠ ᠨᠢ ᠭᠠᠵᠠᠷ ᠣᠷᠣᠨ ᠤ ᠲᠣᠭᠲᠠᠭᠤᠨ ᠪᠠ ᠬᠥᠭᠵᠢᠯᠲᠡ ᠶᠢ ᠬᠠᠮᠠᠭᠠᠯᠠᠬᠤ᠂ ᠳᠤᠮᠳᠠᠳᠤ ᠤᠯᠤᠰ ᠪᠣᠯᠣᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠠᠷᠢᠯᠴᠠᠭ᠎ᠠ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠵᠢᠵᠢᠭᠦᠷ ᠲᠡᠷᠢᠭᠦᠯᠡᠭᠴᠢ ᠤᠯᠤᠰ ᠪᠣᠯᠤᠭᠰᠠᠨ ᠤ ᠬᠤᠪᠢ ᠳᠤ ᠺᠠᠮᠪᠤᠵᠠ ᠶᠢᠨ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠠᠮᠲᠤᠷᠠᠯᠴᠠᠭᠠᠨ ᠤ ᠤᠳᠤᠷᠢᠳᠬᠤ ᠬᠥᠮᠥᠰ ᠤᠨ ᠰᠢᠷᠢᠰ ᠬᠤᠷᠠᠯ ᠢ ᠰᠠᠶᠢᠲᠤᠷ ᠡᠷᠬᠢᠯᠡᠬᠦ ᠶᠢ ᠳᠤᠮᠳᠠᠳᠤ ᠤᠯᠤᠰ ᠪᠦᠬᠦ ᠬᠦᠴᠦᠨ ᠢᠶᠠᠷ ᠢᠶᠠᠨ ᠳᠡᠮᠵᠢᠵᠦ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠶᠢᠨ ᠪᠦᠯᠬᠦᠮᠳᠡᠯ ᠪᠠ  ᠭᠤᠣᠯᠯᠠᠬᠤ ᠪᠠᠶᠢᠷᠢ ᠰᠠᠭᠤᠷᠢ ᠶᠢ ᠡᠷᠡᠰ ᠳᠡᠮᠵᠢᠵᠦ᠂ ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭ᠎ᠠ ᠪᠠᠷ ᠭᠤᠣᠯ ᠤᠳᠤᠷᠢᠳᠤᠮᠵᠢ ᠪᠣᠯᠭᠠᠭᠰᠠᠨ ᠣᠷᠣᠨ ᠪᠦᠰᠡ ᠶᠢᠨ ᠬᠠᠮᠲᠤᠷᠠᠯᠴᠠᠭᠠᠨ ᠤ ᠪᠣᠷᠣ ᠲᠥᠰᠥᠪ ᠢ ᠳᠡᠮᠵᠢᠵᠦ᠂ ᠵᠡᠭᠦᠨ ᠡᠮᠦᠨᠡᠲᠦ ᠠᠽᠢᠶ᠎ᠠ ᠶᠢᠨ ᠣᠯᠠᠨ ᠤᠯᠤᠰ ᠤᠨ ᠭᠠᠵᠠᠷ ᠣᠷᠣᠨ ᠤ ᠡᠩᠬᠡ ᠲᠠᠶᠢᠪᠤᠩ ᠪᠠ ᠬᠥᠭᠵᠢᠯᠲᠡ ᠶᠢ ᠠᠬᠢᠭᠤᠯᠬᠤ ᠳᠤ ᠨᠡᠩ ᠶᠡᠭᠡ ᠦᠢᠯᠡᠳᠦᠯ ᠦᠵᠡᠭᠦᠯᠬᠦ ᠶᠢ ᠳᠡᠮᠵᠢᠨ᠎ᠡ ᠭᠡᠵᠡᠢ᠃

ᠡᠾᠦ᠋ᠨᠰᠧᠨ ᠢᠯᠡᠷᠬᠡᠶᠢᠯᠡᠬᠦ ᠳᠤ ᠪᠠᠨ᠂ ᠺᠠᠮᠪᠤᠵᠠ ᠪᠠ ᠳᠤᠮᠳᠠᠳᠤ ᠤᠯᠤᠰ ᠪᠣᠯ ᠳᠣᠲᠣᠨᠣᠰᠤᠭ ᠬᠠᠷᠢᠴᠠᠭ᠎ᠠ ᠲᠠᠢ ᠨᠠᠶᠢᠵᠠ ᠶᠤᠮ᠂ ᠺᠠᠮᠪᠤᠵᠠ ᠶᠢᠨ ᠠᠷᠠᠳ ᠲᠦᠮᠡᠨ ᠤ ᠺᠠᠮᠪᠤᠵᠠ ᠳᠤᠮᠳᠠᠳᠤ ᠶᠢᠨ ᠨᠥᠬᠦᠷᠯᠡᠯ  ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠳᠤ ᠮᠠᠰᠢ ᠶᠡᠭᠡ ᠬᠦᠰᠡᠯ ᠡᠷᠡᠮᠡᠯᠵᠡᠯ ᠲᠠᠢ ᠪᠠᠶᠢᠨ᠎ᠠ᠃ ᠺᠠᠮᠪᠤᠵᠠ ᠶᠢᠨ ᠲᠠᠯ᠎ᠠ ᠶᠢᠨ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠬᠡᠷᠡᠭᠵᠢᠭᠦᠯᠵᠦ᠂ ᠺᠠᠮᠪᠤᠵᠠ ᠳᠤᠮᠳᠠᠳᠤ ᠶᠢᠨ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠬᠠᠮᠲᠤ ᠪᠠᠷ ᠪᠠᠶᠢᠭᠤᠯᠬᠤ ᠶᠢ ᠳᠡᠮᠵᠢᠵᠦ᠂ ᠳᠤᠷᠠᠲᠠᠶ᠎ᠠ ᠳᠤᠮᠳᠠᠳᠤ ᠶᠢᠨ ᠲᠠᠯ᠎ᠠ ᠶᠢᠨ ᠬᠢᠨ ᠲᠠᠢ ᠬᠠᠮᠲᠤ ᠪᠠᠷ ᠢᠷᠡᠬᠦ ᠵᠢᠯ ᠤᠨ ᠬᠤᠶᠠᠷ ᠤᠯᠤᠰ ᠤᠨ ᠬᠠᠷᠢᠯᠴᠠᠭ᠎ᠠ ᠪᠠᠶᠢᠭᠤᠯᠤᠭᠰᠠᠨ 65 ᠵᠢᠯ ᠤᠨ ᠤᠢ ᠶᠢ ᠳᠤᠷᠠᠰᠬᠠᠬᠤ ᠠᠵᠢᠯᠯᠠᠭ᠎ᠠ ᠶᠢ ᠰᠠᠶᠢᠲᠤᠷ ᠡᠷᠬᠢᠯᠡᠵᠦ᠂ ᠠᠷᠠᠯᠵᠢᠶ᠎ᠠ᠂ ᠪᠡᠯᠡ ᠣᠷᠣᠭᠤᠯᠤᠯᠲᠠ᠂ ᠬᠥᠳᠡᠭᠡ ᠠᠵᠤ ᠠᠬᠤᠢ᠂ ᠡᠨᠧᠷᠭᠢ᠂ ᠰᠠᠭᠤᠷᠢ ᠪᠡᠯᠡᠳᠭᠡᠮᠵᠢ ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠰᠣᠶᠣᠯ ᠢᠷᠭᠡᠨᠰᠢᠯ ᠵᠡᠷᠭᠡ ᠬᠦᠷᠢᠶᠡᠨ ᠤ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠬᠤᠶᠠᠷ ᠤᠯᠤᠰ ᠤᠨ ᠬᠠᠷᠢᠯᠴᠠᠭ᠎ᠠ ᠪᠣᠯᠣᠨ ᠬᠠᠮᠲᠤᠷᠠᠯᠴᠠᠭ᠎ᠠ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠤᠨ᠎ᠠ᠃ ᠺᠠᠮᠪᠤᠵᠠ ᠶᠢᠨ ᠲᠠᠯ᠎ᠠ ᠶᠢᠨ ᠬᠢᠨ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠦᠨᠳᠦᠰᠦᠨ ᠳᠦᠷᠢᠮ ᠳᠠᠬᠢ ᠡᠯ᠎ᠡ ᠤᠯᠤᠰ ᠤᠨ ᠡᠷᠬᠡ ᠮᠡᠳᠡᠯ ᠪᠣᠯᠣᠨ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠬᠠᠮᠠᠭᠠᠯᠠᠬᠤ ᠵᠠᠷᠴᠢᠮ ᠢ ᠬᠦᠨᠳᠦᠳᠬᠡᠵᠦ᠂ ᠳᠤᠷᠠᠲᠠᠶ᠎ᠠ ᠳᠤᠮᠳᠠᠳᠤ ᠶᠢᠨ ᠲᠠᠯ᠎ᠠ ᠶᠢᠨ ᠬᠢᠨ ᠲᠠᠢ ᠤᠯᠠᠨ ᠲᠠᠯ᠎ᠠ ᠶᠢᠨ ᠪᠦᠳᠦᠭᠦᠪᠴᠢ ᠲᠥᠰᠥᠪ ᠤᠨ ᠳᠣᠣᠷ᠎ᠠ ᠨᠢᠭᠲᠠ ᠵᠣᠬᠢᠴᠠᠭᠤᠯᠤᠨ ᠬᠠᠮᠵᠢᠯᠴᠠᠵᠤ᠂ ᠭᠠᠵᠠᠷ ᠣᠷᠣᠨ ᠪᠣᠯᠣᠨ ᠳᠡᠯᠡᠬᠡᠢ ᠶᠢᠨ ᠡᠩᠬᠡ ᠲᠠᠶᠢᠪᠤᠩ ᠠᠮᠤᠷ ᠲᠣᠭᠲᠠᠭᠤᠨ ᠪᠠᠶᠢᠳᠠᠯ ᠪᠣᠯᠣᠨ ᠬᠥᠭᠵᠢᠯᠲᠡ ᠶᠢ ᠬᠠᠮᠲᠤ ᠪᠠᠷ ᠬᠠᠮᠠᠭᠠᠯᠠᠨ᠎ᠠ ᠭᠡᠵᠡᠢ᠃

ᠬᠤᠶᠠᠷ ᠲᠠᠯ᠎ᠠ ᠪᠠᠷ ᠢᠶᠠᠨ ᠪᠠᠰᠠ ᠬᠠᠮᠲᠤ ᠪᠠᠷ ᠠᠩᠬᠠᠷᠴᠤ ᠪᠠᠶᠢᠭ᠎ᠠ ᠳᠡᠯᠡᠬᠡᠢ ᠶᠢᠨ ᠪᠠ ᠭᠠᠵᠠᠷ ᠣᠷᠣᠨ ᠤ ᠠᠰᠠᠭᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠠᠢ᠃

ᠬᠡᠯᠡᠯᠴᠡᠭᠡ ᠲᠡᠭᠦᠰᠦᠭᠰᠡᠨ ᠤ ᠲᠠᠷᠠᠭ᠎ᠠ᠂ ᠯᠢ ᠺᠧ ᠴᠢᠶᠠᠩ ᠶᠡᠷᠦᠩᠬᠡᠢ ᠰᠠᠶᠢᠳ ᠪᠣᠯᠣᠨ ᠡᠾᠦ᠋ᠨᠰᠧᠨ ᠲᠡᠷᠢᠭᠦᠨ ᠰᠠᠶᠢᠳ ᠬᠠᠮᠲᠤ ᠪᠠᠷ ᠳᠤᠮᠳᠠᠳᠤ ᠺᠠᠮᠪᠤᠵᠠ ᠶᠢᠨ ᠬᠥᠳᠡᠭᠡ ᠠᠵᠤ ᠠᠬᠤᠢ᠂ ᠰᠠᠭᠤᠷᠢ ᠪᠡᠯᠡᠳᠭᠡᠮᠵᠢ ᠂ ᠰᠤᠷᠭᠠᠨ ᠬᠥᠮᠦᠵᠢᠯ᠂ ᠬᠢᠲᠠᠳ ᠡᠮ ᠡᠮᠨᠡᠯᠭᠡ᠂ ᠪᠣᠭᠤᠮᠲᠠ᠂ ᠰᠢᠨᠵᠢᠯᠡᠬᠦ ᠤᠬᠠᠭᠠᠨ ᠮᠡᠷᠭᠡᠵᠢᠯ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠬᠤ ᠵᠡᠷᠭᠡ ᠬᠦᠷᠢᠶᠡᠨ ᠳᠠᠬᠢ ᠬᠤᠶᠠᠷ ᠲᠠᠯ᠎ᠠ ᠶᠢᠨ ᠬᠢᠨ ᠤ ᠠᠷᠪᠠᠨ ᠬᠡᠳᠦᠨ ᠵᠦᠢᠯ ᠤᠨ ᠬᠠᠮᠲᠤᠷᠠᠯᠴᠠᠭᠠᠨ ᠤ ᠪᠢᠴᠢᠭ ᠮᠠᠲ᠋ᠧᠷᠢᠶᠠᠯ ᠳᠤ ᠭᠠᠷ ᠤᠨ ᠦᠰᠦᠭ ᠵᠢᠷᠤᠬᠤ ᠶᠢ ᠭᠡᠷᠡᠴᠢᠯᠡᠵᠦ᠂ ᠫᠨᠣᠮ ᠪᠧᠩ ᠠᠴᠠ ᠰᠢᠾᠠᠨᠦ᠋ᠺ ᠭᠠᠷᠠᠮ ᠬᠦᠷᠬᠦ ᠥᠨᠳᠥᠷ ᠬᠤᠷᠳᠤᠴᠠᠲᠤ ᠵᠠᠰᠠᠮᠠᠯ ᠵᠠᠮ ᠤᠨ ᠲᠡᠷᠭᠡ ᠨᠡᠪᠲᠡᠷᠡᠬᠦ ᠵᠢᠴᠢ ᠢᠵᠢ ᠪᠦᠷᠢᠳᠦᠭᠰᠡᠨ ᠠᠷᠠᠳ ᠤᠨ ᠠᠮᠢᠳᠤᠷᠠᠯ ᠤᠨ ᠢᠨᠵᠧᠨᠧᠷᠢᠩ ᠤᠨ ᠲᠦᠷᠦᠯ ᠵᠦᠢᠯ ᠢ ᠰᠢᠯᠵᠢᠭᠦᠯᠦᠨ ᠲᠤᠰᠢᠶᠠᠬᠤ ᠶᠣᠰᠣᠯᠠᠯ ᠳᠤ ᠣᠷᠣᠯᠴᠠᠪᠠ᠃ ᠳᠤᠮᠳᠠᠳᠤ ᠺᠠᠮᠪᠤᠵᠠ ᠬᠤᠶᠠᠷ ᠲᠠᠯ᠎ᠠ ᠪᠠᠷ ᠢᠶᠠᠨ ᠬᠠᠮᠲᠤᠷᠠᠭᠰᠠᠨ ᠠᠯᠪᠠᠨ ᠮᠡᠳᠡᠭᠡ ᠨᠡᠶᠢᠲᠡᠯᠡᠬᠦ ᠪᠣᠯᠣᠨ᠎ᠠ᠃

ᠬᠡᠯᠡᠯᠴᠡᠭᠡ ᠬᠢᠬᠦ ᠠᠴᠠ ᠡᠮᠦᠨ᠎ᠡ᠂ ᠡᠾᠦ᠋ᠨᠰᠧᠨ ᠨᠠᠶᠢᠷᠠᠮᠳᠠᠯ ᠲᠣᠮᠣ ᠠᠰᠠᠷ ᠲᠤ ᠯᠢ ᠺᠧ ᠴᠢᠶᠠᠩ ᠢ ᠤᠭᠲᠤᠬᠤ ᠦᠪᠡᠳᠡᠭᠰᠢ ᠶᠡᠭᠡ ᠶᠣᠰᠣᠯᠠᠯ ᠶᠠᠪᠤᠭᠤᠯᠪᠠ᠃ ᠯᠢ ᠺᠧ ᠴᠢᠶᠠᠩ ᠶᠡᠷᠦᠩᠬᠡᠢ ᠰᠠᠶᠢᠳ ᠪᠣᠯᠣᠨ ᠡᠾᠦ᠋ᠨᠰᠧᠨ ᠲᠡᠷᠢᠭᠦᠨ ᠰᠠᠶᠢᠳ ᠰᠢᠯᠭᠠᠨ ᠦᠵᠡᠬᠦ ᠲᠠᠶᠢᠰᠠᠨ ᠳᠤ ᠭᠠᠷᠴᠤ᠂ ᠴᠡᠷᠢᠭ ᠤᠨ ᠬᠥᠭᠵᠢᠮ ᠤᠨ ᠠᠩᠭᠢ ᠶᠢᠨ ᠬᠢᠨ ᠳᠤᠮᠳᠠᠳᠤ ᠺᠠᠮᠪᠤᠵᠠ ᠬᠤᠶᠠᠷ ᠤᠯᠤᠰ ᠤᠨ ᠰᠦᠯᠳᠡ ᠳᠠᠭᠤᠤ ᠶᠢ ᠬᠥᠭᠵᠢᠮᠳᠡᠪᠡ᠃ ᠯᠢ ᠺᠧ ᠴᠢᠶᠠᠩ ᠡᠾᠦ᠋ᠨᠰᠧᠨ ᠤ ᠪᠠᠷ᠎ᠠ ᠪᠤᠯᠤᠯᠭ᠎ᠠ ᠲᠠᠢ ᠪᠠᠷ ᠶᠣᠰᠣᠯᠠᠯ ᠤᠨ ᠠᠩᠭᠢ ᠶᠢ ᠰᠢᠯᠭᠠᠨ ᠦᠵᠡᠪᠡ᠃

ᠲᠤᠰ ᠡᠳᠦᠷ ᠤᠨ ᠦᠳᠡ ᠶᠢᠨ ᠬᠤᠶᠢᠨ᠎ᠠ ᠯᠢ ᠺᠧ ᠴᠢᠶᠠᠩ ᠺᠠᠮᠪᠤᠵᠠ ᠶᠢᠨ ᠲᠤᠰᠠᠭᠠᠷ ᠲᠣᠭᠲᠠᠨᠢᠯ ᠤᠨ ᠳᠤᠷᠠᠰᠬᠠᠯ ᠤᠨ ᠬᠥᠰᠢᠶ᠎ᠡ ᠪᠣᠯᠣᠨ ᠤᠯᠤᠰ ᠤᠨ ᠸᠠᠩ ᠰᠢᠾᠠᠨᠦ᠋ᠺ ᠤᠨ ᠱᠤᠭᠤᠮᠠᠯ ᠳᠤ ᠴᠠᠭᠠᠷᠢᠭᠲᠤ ᠴᠡᠴᠡᠭ ᠬᠦᠷᠭᠡᠪᠡ᠃

ᠰᠢᠶᠣᠣ ᠵᠢᠶᠧ ᠳᠡᠭᠡᠷᠡᠬᠢ ᠠᠵᠢᠯᠯᠠᠭ᠎ᠠ ᠳᠤ ᠣᠷᠣᠯᠴᠠᠪᠠ᠃

 

 


   :                    
   :           
备案序号:蒙ICP备05003250号 公安备案15010502000173