ᠵᠤᠬᠢᠶᠠᠭᠴᠢ:
ᠴᠠᠭ:2022-11-11
ᠥᠵᠡᠭᠰᠡᠨ : ℃
ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾
ᠨᠠᠢᠮᠠᠨ ᠮᠤᠵᠢ ᠬᠤᠲᠠ ᠶᠢᠨ ᠬᠥᠬᠡᠬᠤᠲᠠ ᠶᠢ ᠲᠤᠰᠠᠯᠠᠭᠰᠠᠨ ᠡᠮᠴᠢᠯᠡᠭᠡᠨ ᠤ ᠠᠩᠭᠢ ᠪᠦᠬᠦᠨ ᠢᠶᠠᠷ ᠢᠶᠠᠨ ᠪᠣᠴᠠᠵᠠᠢ ᠸᠠᠩ ᠯᠢ ᠰᠢᠶᠠ ᠦᠳᠡᠨ ᠮᠣᠷᠳᠠᠭᠤᠯᠪᠠ
2022 11 ᠳ᠋ᠦ᠋ᠭᠡᠷ ᠰᠠᠷ᠎ᠠ ᠶᠢᠨ 10 ᠤ ᠡᠳᠦᠷ᠂ ᠸᠠᠩ ᠯᠢ ᠰᠢᠶᠠ ᠬᠥᠬᠡᠬᠤᠲᠠ ᠠᠴᠠ ᠠᠶᠠᠷᠯᠠᠬᠤ ᠪᠠᠷ ᠪᠠᠶᠢᠭ᠎ᠠ ᠭᠤᠸᠠᠩᠳᠦ᠋ᠩ ᠮᠤᠵᠢ᠂ ᠴᠦᠩᠴᠢᠩ ᠬᠤᠲᠠ ᠶᠢᠨ ᠬᠥᠬᠡᠬᠤᠲᠠ ᠶᠢ ᠲᠤᠰᠠᠯᠠᠭᠰᠠᠨ ᠡᠮᠴᠢᠯᠡᠭᠡᠨ ᠤ ᠠᠩᠭᠢ ᠶᠢ ᠦᠳᠡᠨ ᠮᠣᠷᠳᠠᠭᠤᠯᠪᠠ᠃ ᠣᠳᠣᠬᠠᠨ ᠪᠣᠯᠲᠠᠯ᠎ᠠ᠂ ᠵᠢᠶᠠᠩᠰᠤ᠂ ᠵᠧᠵᠢᠶᠠᠩ᠂ ᠲᠢᠶᠠᠨᠵᠢᠨ᠂ ᠾᠧᠪᠸᠢ᠂ ᠱᠠᠨᠰᠢ ᠂ ᠬᠠᠷᠠᠮᠦ᠋ᠷᠡᠨ᠂ ᠭᠤᠸᠠᠩᠳᠦ᠋ᠩ᠂ ᠴᠦᠩᠴᠢᠩ ᠵᠡᠷᠭᠡ ᠨᠠᠢᠮᠠᠨ ᠮᠤᠵᠢ ᠬᠤᠲᠠ ᠶᠢᠨ ᠬᠥᠬᠡᠬᠤᠲᠠ ᠶᠢ ᠲᠤᠰᠠᠯᠠᠭᠰᠠᠨ ᠡᠮᠴᠢᠯᠡᠭᠡᠨ ᠤ ᠠᠩᠭᠢ ᠶᠢᠨ 2000 ᠭᠠᠷᠤᠢ ᠡᠮᠴᠢ ᠰᠤᠪᠢᠯᠠᠭᠴᠢ ᠪᠦᠬᠦᠨ ᠢᠶᠠᠷ ᠢᠶᠠᠨ ᠪᠤᠴᠠᠬᠤ ᠵᠠᠮ ᠢᠶᠠᠨ ᠡᠯᠭᠦᠵᠦ᠂ ᠸᠠᠩ ᠯᠢ ᠰᠢᠶᠠ ᠡᠮᠴᠢᠯᠡᠭᠡᠨ ᠤ ᠠᠩᠭᠢ ᠶᠢᠨ ᠬᠢᠨ ᠢ ᠨᠢᠭᠡᠳ ᠨᠢᠭᠡ ᠪᠠᠷ ᠦᠳᠡᠨ ᠮᠣᠷᠳᠠᠭᠤᠯᠵᠤ ᠬᠡᠮᠡᠷᠯᠢᠭ ᠲᠤᠭ ᠭᠠᠷᠳᠠᠭᠤᠯᠪᠠ᠃
ᠬᠥᠬᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠤᠭ ᠤᠨ ᠲᠤᠯᠭᠠᠮ ᠬᠠᠮᠤᠭ ᠤᠨ ᠬᠦᠴᠢᠷᠳᠡᠯᠲᠡᠢ ᠵᠠᠩᠭᠢᠯᠠᠭ᠎ᠠ ᠶᠢᠨ ᠦᠶ᠎ᠡ ᠳᠤ᠂ ᠬᠥᠬᠡᠬᠤᠲᠠ ᠶᠢ ᠲᠤᠰᠠᠯᠠᠬᠤ ᠪᠠᠷ ᠢᠷᠡᠭᠰᠡᠨ ᠡᠮᠴᠢᠯᠡᠭᠡᠨ ᠤ ᠠᠩᠭᠢ ᠶᠢᠨ ᠬᠢᠨ ᠪᠣᠳᠠᠲᠤ ᠠᠵᠢᠯᠯᠠᠭ᠎ᠠ ᠪᠠᠷ ᠢᠶᠠᠨ ᠨᠢᠭᠡ ᠨᠢ ᠬᠦᠴᠢᠷᠳᠡᠪᠡᠯ ᠨᠡᠶᠢᠲᠡ ᠪᠠᠷ ᠲᠤᠰᠠᠯᠠᠬᠤ ᠬᠦᠮᠦᠨ ᠤ ᠶᠢᠷᠲᠢᠨᠴᠦ ᠶᠢᠨ ᠶᠡᠭᠡ ᠬᠠᠶᠢᠷ᠎ᠠ ᠶᠢ ᠪᠢᠴᠢᠭᠯᠡᠵᠦ᠂ ᠬᠥᠬᠡᠬᠤᠲᠠ ᠶᠢᠨ ᠠᠷᠠᠳ ᠲᠦᠮᠡᠨ ᠲᠠᠢ ᠮᠥᠷᠥ ᠵᠡᠷᠭᠡᠴᠡᠨ ᠪᠠᠶᠢᠯᠳᠤᠵᠤ᠂ ᠭᠠᠷ ᠬᠤᠯᠪᠣᠨ ᠬᠢᠵᠢᠭ ᠲᠠᠢ ᠲᠡᠮᠡᠴᠡᠪᠡ᠃ ᠥᠷᠭᠡᠨ ᠤᠯᠠᠨ ᠡᠮᠴᠢ ᠰᠤᠪᠢᠯᠠᠭᠴᠢᠳ ᠡᠳᠦᠷᠵᠢᠨ ᠰᠥᠨᠢᠵᠢᠨ ᠠᠵᠢᠯᠯᠠᠵᠤ᠂ ᠤᠨᠲᠠᠵᠤ ᠠᠮᠠᠷᠠᠬᠤ ᠪᠠᠨ ᠤᠮᠠᠷᠳᠠᠵᠤ᠂ ᠴᠠᠭ ᠮᠥᠴᠡ ᠲᠠᠢ ᠤᠷᠤᠯᠳᠤᠨ᠂ ᠸᠢᠷᠦ᠋ᠰ ᠲᠠᠢ ᠦᠵᠡᠯᠴᠡᠵᠦ᠂ ᠪᠡᠶ᠎ᠡ ᠰᠡᠳᠬᠢᠯ ᠤᠨ ᠶᠠᠳᠠᠷᠠᠭ᠎ᠠ ᠵᠦᠳᠡᠷᠡᠭᠡ ᠪᠠᠨ ᠢᠯᠠᠨ ᠳᠠᠪᠠᠵᠤ᠂ ᠲᠠᠮᠢᠷ ᠲᠡᠩᠬᠡᠭᠡ ᠶᠢᠨ ᠢᠶᠠᠨ ᠲᠤᠶᠢᠯ ᠳᠤᠨᠢ ᠲᠤᠯᠲᠠᠯ᠎ᠠ ᠴᠢᠷᠮᠠᠶᠢᠨ ᠠᠵᠢᠯᠯᠠᠵᠤ᠂ ᠨᠤᠭᠤᠷᠠᠰᠢ ᠦᠭᠡᠢ ᠬᠠᠳᠠᠨ ᠪᠠᠲᠤ ᠰᠥᠰᠥ ᠵᠣᠷᠢᠭ᠂ ᠶᠡᠭᠡ ᠬᠠᠶᠢᠷ᠎ᠠ ᠬᠢᠵᠠᠭᠠᠯᠠᠰᠢ ᠦᠭᠡᠢ ᠲᠡᠮᠡᠴᠡᠯ ᠤᠨ ᠵᠣᠷᠢᠭ ᠰᠠᠨᠠᠭ᠎ᠠ ᠶᠢ ᠢᠯᠡᠷᠡᠭᠦᠯᠵᠦ᠂ ᠬᠢᠵᠢᠭ ᠲᠠᠢ ᠲᠡᠮᠡᠴᠡᠬᠦ ᠪᠠᠴᠢᠮ ᠲᠤᠯᠭᠠᠮ ᠪᠠᠶᠢᠳᠠᠯ ᠢ ᠨᠠᠮᠳᠠᠭᠤᠯᠤᠭᠰᠠᠨ ᠢᠶᠠᠷ ᠪᠠᠷᠠᠬᠤ ᠦᠭᠡᠢ᠂ ᠬᠢᠵᠢᠭ ᠲᠠᠢ ᠲᠡᠮᠡᠴᠡᠵᠦ ᠵᠠᠪᠠᠯ ᠢᠯᠠᠯᠲᠠ ᠣᠯᠬᠤ ᠢᠲᠡᠭᠡᠯ ᠵᠣᠷᠢᠭ ᠢ ᠨᠡᠩ ᠪᠠᠲᠤᠳᠬᠠᠪᠠ᠃ ᠬᠥᠬᠡᠬᠤᠲᠠ ᠶᠢᠨ ᠬᠦᠪᠡᠭᠦᠳ ᠥᠬᠢᠳ ᠡᠨᠡ ᠬᠦ ᠳᠠᠭᠠᠷᠠᠭᠰᠠᠨ ᠬᠥᠮᠥᠨ ᠳᠤ ᠳᠠᠬᠤ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠤᠭᠰᠠᠨ ᠭᠦᠨ ᠵᠤᠵᠠᠭᠠᠨ ᠨᠥᠬᠦᠷᠯᠡᠯ ᠢ ᠬᠡᠵᠢᠶ᠎ᠡ ᠡᠭᠦᠷᠢᠳᠡ ᠪᠠᠲᠤ ᠴᠡᠭᠡᠵᠢᠯᠡᠬᠦ ᠶᠤᠮ᠃
ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠥᠪᠥᠷ ᠮᠣᠩᠭᠤᠯ ᠤᠨ ᠠᠵᠢᠯᠯᠠᠬᠤ ᠳᠤᠭᠤᠶᠢᠯᠠᠩ ᠤᠨ ᠳᠠᠷᠤᠭ᠎ᠠ ᠰᠦᠨ ᠶᠠᠩ ᠵᠢᠴᠢ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠪᠣᠣ ᠭᠠᠩ᠂ ᠪᠣᠣ ᠰᠢᠶᠠᠨ ᠬᠤᠸᠠ ᠲᠤᠰ ᠲᠤᠰ ᠠᠵᠢᠯᠯᠠᠭ᠎ᠠ ᠳᠤ ᠣᠷᠣᠯᠴᠠᠪᠠ᠃