ᠵᠤᠬᠢᠶᠠᠭᠴᠢ:
ᠴᠠᠭ:2022-11-12
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠣᠨᠴᠠ ᠬᠦᠴᠢᠷᠳᠡᠯ ᠲᠠᠢ ᠣᠯᠠᠨ ᠲᠦᠮᠡᠨ ᠢ ᠠᠪᠤᠷᠠᠨ ᠲᠡᠩᠬᠡᠷᠡᠭᠦᠯᠬᠦ ᠰᠠᠭᠠᠳ ᠦᠭᠡᠢ ᠨᠡᠪᠲᠡᠷᠡᠬᠦ ᠵᠠᠮ ᠢ ᠨᠡᠭᠡᠭᠡᠪᠡ
ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠠᠴᠠ ᠣᠶᠢᠯᠠᠭᠠᠭᠰᠠᠨ ᠢᠶᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠠᠬᠢ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭᠠᠲᠤ ᠡᠷᠦᠬᠡ᠂ ᠣᠨᠴᠠ ᠬᠦᠴᠢᠷᠳᠡᠯ ᠲᠠᠢ ᠬᠥᠮᠥᠰ᠂ ᠬᠦᠴᠢᠷᠳᠡᠯ ᠲᠠᠢ ᠨᠠᠰᠤᠲᠠᠶᠢᠴᠤᠳ᠂ ᠭᠠᠭᠴᠠᠭᠠᠷ ᠰᠠᠭᠤᠭ᠎ᠠ ᠨᠠᠰᠤᠲᠠᠶᠢᠴᠤᠳ᠂ ᠵᠡᠮᠳᠡᠭᠴᠦᠳ ᠵᠡᠷᠭᠡ ᠣᠨᠴᠠ ᠬᠦᠴᠢᠷᠳᠡᠯ ᠲᠠᠢ ᠣᠯᠠᠨ ᠲᠦᠮᠡᠨ ᠳᠤ ᠴᠠᠭ ᠲᠤᠬᠠᠢ ᠳᠤ ᠨᠢ ᠲᠤᠰᠠᠯᠠᠮᠵᠢ ᠦᠵᠡᠭᠦᠯᠬᠦ ᠶᠢ ᠪᠠᠲᠤᠯᠠᠬᠤ ᠶᠢᠨ ᠲᠤᠰᠠᠳᠠ᠂ ᠣᠶᠢᠷ᠎ᠠ ᠳᠤ᠂ ᠮᠠᠨ ᠤ ᠣᠷᠣᠨ ᠤ ᠭᠤᠷᠪᠠᠨ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠰᠣᠨᠢᠨ ᠰᠡᠳᠬᠦᠯ᠂ ᠰᠦᠯᠵᠢᠶ᠎ᠡ᠂ ᠨᠡᠶᠢᠭᠡᠮ ᠲᠣᠭᠤᠷᠢᠭ ᠤᠨ ᠠᠯᠪᠠᠨ ᠵᠠᠷ ᠤᠨ ᠪᠤᠯᠤᠩ᠂ ᠬᠦᠴᠢᠷᠳᠡᠯ ᠲᠠᠢ ᠣᠯᠠᠨ ᠲᠦᠮᠡᠨ ᠤ ᠸᠢᠴᠠᠲ ᠤᠨ ᠬᠤᠯᠪᠤᠭ᠎ᠠ ᠵᠡᠷᠭᠡ ᠲᠠᠪᠴᠠᠩ ᠢᠶᠠᠷ ᠳᠡᠮᠵᠢᠨ᠂ ᠡᠯ᠎ᠡ ᠵᠦᠢᠯ ᠤᠨ ᠠᠪᠤᠷᠠᠨ ᠲᠡᠩᠬᠡᠷᠡᠭᠦᠯᠬᠦ ᠲᠥᠷᠥ ᠶᠢᠨ ᠪᠣᠳᠣᠯᠭ᠎ᠠ᠂ ᠲᠤᠰᠠᠯᠠᠮᠵᠢ ᠭᠤᠶᠤᠴᠢᠯᠠᠬᠤ ᠠᠷᠭ᠎ᠠ ᠵᠠᠮ ᠢ ᠢᠯᠡ ᠪᠠᠷ ᠨᠡᠶᠢᠲᠡᠯᠡᠵᠦ᠂ ᠠᠪᠤᠷᠠᠨ ᠲᠡᠩᠬᠡᠷᠡᠭᠦᠯᠬᠦ ᠰᠠᠯᠠᠭ᠎ᠠ ᠮᠥᠴᠢᠷ ᠤᠨ ᠠᠵᠢᠯᠲᠠᠨ ᠤ ᠭᠠᠷ ᠤᠲᠠᠰᠤᠨ ᠤ ᠨᠣᠮᠧᠷ ᠢ ᠲᠤᠰᠠᠯᠠᠮᠵᠢ ᠭᠤᠶᠤᠴᠢᠯᠠᠬᠤ ᠬᠠᠯᠠᠮᠰᠢᠯ ᠤᠲᠠᠰᠤ ᠪᠣᠯᠭᠠᠨ ᠨᠡᠮᠡᠨ ᠲᠣᠬᠢᠷᠠᠭᠤᠯᠪᠠ᠃
ᠣᠨᠴᠠ ᠬᠦᠴᠢᠷᠳᠡᠯ ᠲᠠᠢ ᠣᠯᠠᠨ ᠲᠦᠮᠡᠨ ᠪᠠᠶᠢᠭ᠎ᠠ ᠠᠶᠢᠮᠠᠭ ᠬᠤᠲᠠ ᠶᠢᠨ ᠢᠶᠠᠨ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ ᠠᠯᠪᠠᠨ ᠰᠦᠯᠵᠢᠶ᠎ᠡ ᠪᠠ ᠸᠢᠴᠠᠲ ᠤᠨ ᠨᠡᠶᠢᠲᠡ ᠶᠢᠨ ᠳ᠋ᠤᠭᠠᠷ ᠲᠤ ᠭᠠᠷᠴᠤ᠂ ᠲᠤᠬᠠᠢ ᠶᠢᠨ ᠭᠠᠵᠠᠷ ᠤᠨ ᠬᠠᠯᠠᠮᠰᠢᠯ ᠤᠲᠠᠰᠤ ᠶᠢ ᠪᠠᠶᠢᠴᠠᠭᠠᠨ ᠯᠠᠪᠯᠠᠬᠤ ᠶᠢᠨ ᠬᠠᠮᠲᠤ ᠤᠲᠠᠰᠤᠳᠠᠵᠤ ᠲᠤᠰᠠᠯᠠᠮᠵᠢ ᠭᠤᠶᠤᠴᠢᠯᠠᠵᠤ ᠪᠣᠯᠣᠨ᠎ᠠ᠃
ᠣᠶᠢᠯᠠᠭᠠᠭᠰᠠᠨ ᠢᠶᠠᠷ᠂ ᠳᠣᠣᠷᠠᠬᠢ ᠨᠥᠬᠦᠴᠡᠯ ᠳᠤ ᠨᠡᠶᠢᠴᠡᠬᠦ ᠣᠨᠴᠠ ᠬᠦᠴᠢᠷᠳᠡᠯ ᠲᠠᠢ ᠣᠯᠠᠨ ᠲᠦᠮᠡᠨ ᠴᠥᠮ ᠲᠤᠰᠠᠯᠠᠮᠵᠢ ᠬᠦᠷᠲᠡᠵᠦ ᠪᠣᠯᠣᠨ᠎ᠠ᠄ ᠨᠢᠭᠡ ᠳᠤ᠂ ᠭᠡᠷ ᠪᠦᠯᠢ ᠶᠢᠨ ᠬᠥᠮᠥᠨ ᠳᠤᠮᠳᠠᠴᠢ ᠣᠷᠣᠯᠭ᠎ᠠ ᠨᠢ ᠲᠤᠬᠠᠢ ᠶᠢᠨ ᠭᠠᠵᠠᠷ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠳᠣᠣᠷ᠎ᠠ ᠮᠥᠷᠲᠡᠭᠡᠨ ᠲᠤᠬᠠᠢ ᠶᠢᠨ ᠭᠠᠵᠠᠷ ᠤᠨ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠭᠡᠷ ᠪᠦᠯᠢ ᠶᠢᠨ ᠡᠳ᠋ ᠬᠥᠷᠥᠩᠭᠡ ᠶᠢᠨ ᠪᠠᠶᠢᠳᠠᠯ ᠤᠨ ᠲᠣᠭᠲᠠᠭᠠᠯ ᠳᠤ ᠨᠡᠶᠢᠴᠡᠵᠦ ᠪᠠᠶᠢᠪᠠᠯ᠂ ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠭ᠎ᠠ ᠭᠥᠷᠳᠡᠬᠦ ᠪᠠᠷ ᠭᠤᠶᠤᠴᠢᠯᠠᠵᠤ ᠪᠣᠯᠣᠨ᠎ᠠ᠃ ᠬᠤᠶᠠᠷ ᠲᠤ᠂ ᠬᠥᠳᠡᠯᠮᠦᠷᠢᠯᠡᠬᠦ ᠴᠢᠳᠠᠪᠤᠷᠢ ᠦᠭᠡᠢ᠂ ᠠᠮᠢᠳᠤᠷᠠᠯ ᠤᠨ ᠢᠷᠡᠯᠲᠡ ᠦᠭᠡᠢ ᠮᠥᠷᠲᠡᠭᠡᠨ ᠬᠠᠤᠯᠢ ᠪᠠᠷ ᠲᠣᠭᠲᠠᠭᠠᠭᠰᠠᠨ ᠠᠰᠠᠷᠠᠨ ᠲᠡᠵᠢᠭᠡᠬᠦ ᠡᠭᠦᠷᠭᠡᠲᠦ ᠬᠥᠮᠥᠨ ᠦᠭᠡᠢ᠂ ᠡᠰᠡᠬᠦᠯ᠎ᠡ ᠲᠡᠭᠦᠨ ᠤ ᠬᠠᠤᠯᠢ ᠪᠠᠷ ᠲᠣᠭᠲᠠᠭᠠᠭᠰᠠᠨ ᠡᠭᠦᠷᠭᠡᠲᠦ ᠬᠥᠮᠥᠨ ᠨᠢ ᠡᠭᠦᠷᠭᠡ ᠪᠠᠨ ᠭᠦᠢᠴᠡᠳᠬᠡᠬᠦ ᠴᠢᠳᠠᠪᠤᠷᠢ ᠦᠭᠡᠢ ᠨᠠᠰᠤᠲᠠᠨ᠂ ᠵᠡᠮᠳᠡᠭᠴᠦᠳ ᠵᠢᠴᠢ ᠪᠦᠬᠦᠯᠢ 16 ᠨᠠᠰᠤ ᠬᠦᠷᠦᠭᠡᠳᠦᠢ ᠨᠠᠰᠤᠨ ᠳᠤ ᠥᠯᠥ ᠭᠦᠷᠦᠭᠰᠡᠳ ᠪᠠᠶᠢᠪᠠᠯ ᠣᠨᠴᠠ ᠬᠦᠴᠢᠷᠳᠡᠯ ᠲᠠᠢ ᠬᠥᠮᠥᠰ ᠤᠨ ᠲᠡᠩᠬᠡᠷᠡᠭᠥᠯᠥᠨ ᠲᠤᠰᠠᠯᠠᠯᠲᠠ ᠶᠢ ᠭᠥᠷᠳᠡᠬᠦ ᠪᠠᠷ ᠭᠤᠶᠤᠴᠢᠯᠠᠵᠤ ᠪᠣᠯᠣᠨ᠎ᠠ᠃ ᠭᠤᠷᠪᠠ ᠳᠤ᠂ ᠭᠡᠨᠡᠳᠲᠡ ᠶᠢᠨ ᠠᠳᠡᠯ᠂ ᠰᠠᠨᠠᠭᠠᠨ ᠳᠤ ᠦᠭᠡᠢ ᠭᠡᠮᠲᠦᠯ᠂ ᠬᠦᠨᠳᠦ ᠶᠡᠭᠡ ᠡᠪᠡᠳᠴᠢᠨ ᠪᠤᠶᠤ ᠪᠤᠰᠤᠳ ᠣᠨᠴᠠᠭᠠᠶ ᠰᠢᠯᠲᠠᠭᠠᠨ ᠠᠴᠠ ᠪᠣᠯᠵᠤ ᠦᠨᠳᠦᠰᠦᠨ ᠠᠮᠢᠳᠤᠷᠠᠯ ᠨᠢ ᠬᠦᠴᠢᠷᠳᠡᠯ ᠳᠤ ᠲᠤᠯᠭᠠᠷᠠᠭᠰᠠᠨ ᠪᠠᠶᠢᠪᠠᠯ᠂ ᠲᠦᠷ ᠴᠠᠭ ᠤᠨ ᠲᠡᠩᠬᠡᠷᠡᠭᠥᠯᠥᠨ ᠲᠤᠰᠠᠯᠠᠯᠲᠠ ᠶᠢ ᠭᠤᠶᠤᠴᠢᠯᠠᠵᠤ ᠪᠣᠯᠣᠨ᠎ᠠ᠃
ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ᠂ ᠳᠣᠣᠷᠠᠬᠢ 3 ᠲᠥᠷᠥᠯ ᠤᠨ ᠬᠥᠮᠥᠰ ᠪᠠᠰᠠ ᠡᠷᠦᠬᠡ ᠠᠮᠠ ᠶᠢᠨ ᠬᠠᠷᠢᠶᠠᠯᠠᠯ ᠨᠢ ᠪᠠᠶᠢᠭ᠎ᠠ ᠭᠠᠵᠠᠷ᠂ ᠪᠠᠶᠢᠩᠭᠤ ᠰᠠᠭᠤᠭ᠎ᠠ ᠭᠠᠵᠠᠷ ᠪᠤᠶᠤ ᠪᠠᠴᠢᠮ ᠪᠡᠷᠬᠡ ᠪᠠᠶᠢᠳᠠᠯ ᠭᠠᠷᠤᠭᠰᠠᠨ ᠭᠠᠵᠠᠷ ᠲᠤ ᠨᠢᠭᠡ ᠤᠳᠠᠭ᠎ᠠ ᠶᠢᠨ ᠴᠢᠨᠠᠷᠲᠠᠢ ᠲᠦᠷ ᠴᠠᠭ ᠤᠨ ᠠᠪᠤᠷᠠᠨ ᠲᠡᠩᠬᠡᠷᠡᠭᠦᠯᠬᠦ ᠮᠥᠩᠭᠦ ᠭᠤᠶᠤᠴᠢᠯᠠᠵᠤ ᠪᠣᠯᠣᠨ᠎ᠠ᠄ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ᠂ ᠠᠵᠢᠯ ᠤᠨ ᠪᠠᠶᠢᠷᠢ ᠳᠤ ᠪᠠᠨ ᠪᠤᠴᠠᠵᠤ ᠠᠵᠢᠯ ᠢᠶᠠᠨ ᠰᠡᠷᠭᠦᠭᠡᠬᠦ ᠶᠢᠨ ᠠᠷᠭ᠎ᠠ ᠦᠭᠡᠢ᠂ ᠭᠤᠷᠪᠠᠨ ᠰᠠᠷ᠎ᠠ ᠳᠠᠷᠠᠭᠠᠯᠠᠨ ᠣᠷᠣᠯᠭ᠎ᠠ ᠦᠭᠡᠢ᠂ ᠠᠮᠢᠳᠤᠷᠠᠯ ᠨᠢ ᠬᠦᠴᠢᠷᠲᠡᠢ ᠮᠥᠷᠲᠡᠭᠡᠨ ᠠᠵᠢᠯ ᠠᠯᠳᠠᠭᠰᠠᠳ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠳᠤ ᠬᠠᠮᠤᠷᠤᠭᠳᠠᠬᠤ ᠦᠭᠡᠢ ᠬᠥᠯᠥᠰᠦᠨ ᠠᠵᠢᠯᠴᠢᠨ ᠵᠡᠷᠭᠡ ᠳᠠᠭᠠᠳᠬᠠᠯ ᠳᠤ ᠣᠷᠣᠯᠴᠠᠭᠰᠠᠨ ᠦᠭᠡᠢ ᠠᠵᠢᠯ ᠠᠯᠳᠠᠭᠰᠠᠳ᠂ ᠨᠠᠭᠠᠲᠤ ᠵᠠᠬ᠎ᠠ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠤᠭᠰᠠᠨ ᠦᠭᠡᠢ ᠬᠥᠮᠥᠰ︔ ᠬᠢᠵᠢᠭ ᠤᠨ ᠪᠠᠶᠢᠳᠠᠯ ᠤᠨ ᠨᠥᠯᠥᠭᠡ ᠠᠴᠠ ᠪᠣᠯᠵᠤ ᠲᠦᠷ ᠠᠵᠢᠯ ᠣᠯᠣᠭᠠᠳᠤᠢ᠂ ᠦᠨᠳᠦᠰᠦᠨ ᠠᠮᠢᠳᠤᠷᠠᠯ ᠨᠢ ᠬᠦᠴᠢᠷᠳᠡᠯ ᠳᠤ ᠲᠤᠯᠭᠠᠷᠠᠭᠰᠠᠨ ᠣᠶᠤᠲᠠᠨ ᠵᠢᠴᠢ ᠬᠢᠵᠢᠭ ᠤᠨ ᠪᠠᠶᠢᠳᠠᠯ ᠠᠴᠠ ᠪᠣᠯᠵᠤ ᠦᠨᠳᠦᠰᠦᠨ ᠠᠮᠢᠳᠤᠷᠠᠯ ᠨᠢ ᠬᠦᠴᠢᠷᠳᠡᠯ ᠳᠤ ᠲᠤᠯᠭᠠᠷᠠᠭᠰᠠᠨ ᠪᠤᠰᠤᠳ ᠭᠡᠷ ᠪᠦᠯᠢ ᠪᠤᠶᠤ ᠬᠤᠪᠢ ᠬᠥᠮᠥᠨ︔ ᠬᠢᠵᠢᠭ ᠤᠨ ᠪᠠᠶᠢᠳᠠᠯ ᠠᠴᠠ ᠪᠣᠯᠵᠤ ᠰᠠᠭᠠᠲᠠᠵᠤ ᠬᠤᠴᠣᠷᠤᠨ ᠲᠦᠷ ᠴᠠᠭ ᠬᠦᠴᠢᠷᠳᠡᠯ ᠳᠤ ᠲᠤᠯᠭᠠᠷᠠᠭᠰᠠᠨ ᠬᠥᠮᠥᠰ ᠪᠠᠴᠢᠮ ᠪᠡᠷᠬᠡ ᠪᠠᠶᠢᠳᠠᠯ ᠭᠠᠷᠤᠭᠰᠠᠨ ᠭᠠᠵᠠᠷ ᠲᠤ ᠪᠠᠨ ᠲᠦᠷ ᠴᠠᠭ ᠤᠨ ᠠᠪᠤᠷᠠᠨ ᠲᠡᠩᠬᠡᠷᠡᠭᠦᠯᠬᠦ ᠮᠥᠩᠭᠦ ᠪᠤᠶᠤ ᠡᠳ᠋ ᠪᠣᠳᠠᠰ ᠤᠨ ᠲᠡᠩᠬᠡᠷᠡᠭᠥᠯᠥᠨ ᠲᠤᠰᠠᠯᠠᠯᠲᠠ ᠭᠥᠷᠳᠡᠬᠦ ᠪᠠᠷ ᠭᠤᠶᠤᠴᠢᠯᠠᠵᠤ ᠪᠣᠯᠣᠨ᠎ᠠ᠃ ᠡᠭᠦᠨ ᠠᠴᠠ ᠭᠠᠳᠠᠨ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠠᠮᠢᠳᠤᠷᠠᠯ ᠢᠶᠠᠨ ᠥᠪᠡᠷ ᠢᠶᠠᠨ ᠠᠷᠭᠠᠴᠠᠵᠤ ᠳᠡᠶᠢᠯᠬᠦ ᠦᠭᠡᠢ ᠣᠨᠴᠠ ᠬᠦᠴᠢᠷᠳᠡᠯ ᠲᠠᠢ ᠨᠠᠰᠤᠲᠠᠨ᠂ ᠭᠡᠷ ᠲᠤ ᠪᠠᠨ ᠲᠤᠰᠠᠭᠠᠷᠯᠠᠵᠤ ᠪᠠᠶᠢᠭ᠎ᠠ ᠭᠠᠭᠴᠠᠭᠠᠷ ᠰᠠᠭᠤᠭ᠎ᠠ ᠨᠠᠰᠤᠲᠠᠨ᠂ ᠭᠡᠷ ᠤᠨ ᠬᠥᠮᠥᠰ ᠨᠢ ᠲᠤᠰᠠᠭᠠᠷᠯᠠᠭᠳᠠᠨ ᠡᠮᠨᠡᠭᠦᠯᠦᠭᠰᠡᠨ ᠠᠴᠠ ᠬᠠᠷᠠᠭᠠᠯᠵᠠᠬᠤ ᠬᠥᠮᠥᠨ ᠦᠭᠡᠢ ᠨᠠᠰᠤᠲᠠᠨ᠂ ᠬᠠᠷᠠᠭᠠᠯᠵᠠᠬᠤ ᠬᠥᠮᠥᠨ ᠦᠭᠡᠢ ᠭᠡᠷ ᠲᠤ ᠪᠠᠨ ᠬᠤᠴᠣᠷᠤᠭᠰᠠᠨ ᠨᠠᠰᠤᠲᠠᠨ ᠵᠡᠷᠭᠡ ᠳᠤ ᠬᠠᠶᠢᠷ᠎ᠠ ᠬᠠᠯᠠᠮᠵᠢ ᠬᠦᠷᠲᠡᠭᠡᠵᠦ ᠬᠠᠷᠠᠭᠠᠯᠵᠠᠬᠤ ᠪᠤᠶᠤ ᠡᠳ᠋ ᠪᠣᠳᠠᠰ ᠢᠶᠠᠷ ᠠᠪᠤᠷᠠᠨ ᠲᠡᠩᠬᠡᠷᠡᠭᠦᠯᠵᠦ ᠪᠣᠯᠣᠨ᠎ᠠ᠃