ᠵᠤᠬᠢᠶᠠᠭᠴᠢ:
ᠴᠠᠭ:2022-11-19
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠮᠠᠨ ᠤ ᠣᠷᠣᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠠᠵᠢᠯ ᠤᠨ ᠪᠠᠶᠢᠷᠢ ᠳᠤ ᠪᠠᠨ ᠪᠤᠴᠠᠬᠤ ᠪᠤᠶᠤ ᠨᠤᠲᠤᠭ ᠲᠤ ᠪᠠᠨ ᠪᠤᠴᠠᠬᠤ ᠳᠤ ᠨᠢ ︽ᠴᠡᠭ ᠠᠴᠠ ᠴᠡᠭ ᠲᠤ ᠬᠦᠷᠬᠦ︾ ᠦᠢᠯᠡᠴᠢᠯᠡᠭᠡ ᠬᠠᠩᠭᠠᠬᠤ ᠶᠢ ᠬᠡᠷᠡᠭᠵᠢᠭᠦᠯᠦᠨ᠎ᠡ
ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ 2022 11 ᠳ᠋ᠦ᠋ᠭᠡᠷ ᠰᠠᠷ᠎ᠠ ᠶᠢᠨ 13 ᠤ ᠡᠳᠦᠷ᠂ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠵᠡᠷᠭᠡ ᠰᠠᠯᠠᠭ᠎ᠠ ᠮᠥᠴᠢᠷ ᠤᠳ ᠬᠤᠯᠪᠤᠭᠠᠯᠠᠨ 《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠠᠵᠢᠯ ᠤᠨ ᠪᠠᠶᠢᠷᠢ ᠳᠤ ᠪᠠᠨ ᠪᠤᠴᠠᠬᠤ ᠪᠤᠶᠤ ᠨᠤᠲᠤᠭ ᠲᠤ ᠪᠠᠨ ᠪᠤᠴᠠᠬᠤ ᠳᠤ ᠨᠢ ︿ᠴᠡᠭ ᠠᠴᠠ ᠴᠡᠭ ᠲᠤ ᠬᠦᠷᠬᠦ﹀ ᠦᠢᠯᠡᠴᠢᠯᠡᠭᠡ ᠪᠠᠲᠤᠯᠠᠭ᠎ᠠ ᠬᠠᠩᠭᠠᠬᠤ ᠠᠵᠢᠯ ᠤᠨ ᠬᠡᠷᠡᠭᠵᠢᠭᠦᠯᠬᠦ ᠲᠥᠰᠥᠯ》 ᠢ ᠨᠡᠶᠢᠲᠡᠯᠡᠵᠦ᠂ ᠪᠥᠬᠦ ᠣᠷᠣᠨ ᠤ ᠠᠵᠢᠯ ᠤᠨ ᠪᠠᠶᠢᠷᠢ ᠳᠤ ᠪᠠᠨ ᠪᠤᠴᠠᠬᠤ ᠪᠤᠶᠤ ᠨᠤᠲᠤᠭ ᠲᠤ ᠪᠠᠨ ᠪᠤᠴᠠᠬᠤ ᠪᠠᠷ ᠪᠠᠶᠢᠭ᠎ᠠ ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ 《ᠴᠡᠭ ᠠᠴᠠ ᠴᠡᠭ ᠲᠤ ᠬᠦᠷᠬᠦ》 ᠦᠢᠯᠡᠴᠢᠯᠡᠭᠡ ᠪᠠᠲᠤᠯᠠᠭ᠎ᠠ ᠬᠠᠩᠭᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠪᠡ᠃
ᠣᠶᠢᠯᠠᠭᠠᠭᠰᠠᠨ ᠢᠶᠠᠷ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ 《ᠴᠡᠭ ᠠᠴᠠ ᠴᠡᠭ ᠲᠤ ᠬᠦᠷᠬᠦ》 ᠬᠡᠯᠪᠡᠷᠢ ᠪᠠᠷ ᠠᠵᠢᠯ ᠤᠨ ᠪᠠᠶᠢᠷᠢ ᠳᠤ ᠪᠠᠨ ᠪᠤᠴᠠᠬᠤ ᠪᠤᠶᠤ ᠨᠤᠲᠤᠭ ᠲᠤ ᠪᠠᠨ ᠪᠤᠴᠠᠬᠤ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠶᠠᠪᠤᠵᠤ ᠰᠠᠭᠤᠬᠤ ᠬᠥᠮᠥᠨ ᠤ ᠲᠤᠭ᠎ᠠ᠂ ᠴᠠᠭ᠂ ᠭᠠᠵᠠᠷ ᠵᠡᠷᠭᠡ ᠮᠡᠳᠡᠭᠡ ᠵᠠᠩᠭᠢ ᠶᠢ ᠴᠤᠭᠯᠠᠭᠤᠯᠬᠤ ᠪᠠ ᠲᠥᠷᠥᠯ ᠬᠤᠪᠢᠶᠠᠨ ᠬᠤᠷᠢᠶᠠᠩᠭᠤᠶᠢᠯᠠᠵᠤ᠂ ᠶᠠᠪᠤᠵᠤ ᠰᠠᠭᠤᠬᠤ ᠬᠡᠷᠡᠭᠴᠡᠭᠡ ᠱᠠᠭᠠᠷᠳᠠᠯᠭ᠎ᠠ ᠶᠢᠨ ᠨᠠᠷᠢᠨ ᠳᠠᠩᠰᠠ ᠶᠢ ᠪᠣᠶ ᠪᠣᠯᠭᠠᠨ᠎ᠠ︔ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠠᠴᠠ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠶᠠᠪᠤᠵᠤ ᠰᠠᠭᠤᠬᠤ ᠠᠴᠠ ᠡᠮᠦᠨᠡᠬᠢ ᠬᠢᠵᠢᠭ ᠢ ᠰᠡᠷᠭᠡᠶᠢᠯᠡᠬᠦ ᠬᠥᠮᠦᠵᠢᠯ᠂ ᠶᠠᠪᠤᠵᠤ ᠰᠠᠭᠤᠬᠤ ᠠᠴᠠ ᠡᠮᠦᠨᠡᠬᠢ ᠪᠥᠭᠡᠮ ᠬᠦᠴᠢᠯ ᠤᠨ ᠪᠠᠶᠢᠴᠠᠭᠠᠯᠲᠠ ᠪᠣᠯᠣᠨ ᠪᠡᠶ᠎ᠡ ᠶᠢᠨ ᠤ ᠪᠠᠶᠢᠴᠠᠭᠠᠨ ᠬᠡᠮᠵᠢᠯᠲᠡ ᠶᠢ ᠰᠠᠶᠢᠲᠤᠷ ᠬᠢᠵᠦ᠂ ᠬᠡᠪ ᠤᠨ ᠪᠤᠰᠤ ᠪᠠᠶᠢᠳᠠᠯ ᠢ ᠴᠠᠭ ᠲᠤᠬᠠᠢ ᠳᠤ ᠨᠢ ᠰᠢᠢᠳᠪᠦᠷᠢᠯᠡᠨ᠎ᠡ︔ ᠵᠠᠮ ᠬᠠᠷᠢᠯᠴᠠᠭ᠎ᠠ ᠲᠡᠭᠡᠭᠡᠪᠦᠷᠢ ᠪᠠ ᠲᠡᠮᠦᠷ ᠵᠠᠮ᠂ ᠠᠷᠠᠳ ᠤᠨ ᠠᠭᠠᠷ ᠤᠨ ᠲᠡᠭᠡᠭᠡᠪᠦᠷᠢ ᠶᠢᠨ ᠰᠠᠯᠠᠭ᠎ᠠ ᠮᠥᠴᠢᠷ ᠤᠳ ᠶᠠᠪᠤᠵᠤ ᠰᠠᠭᠤᠬᠤ ᠨᠠᠷᠢᠨ ᠲᠠᠩᠰᠠ ᠶᠢ ᠦᠨᠳᠦᠰᠦᠯᠡᠨ᠂ ᠲᠤᠰᠬᠠᠶᠢᠯᠠᠨ ᠲᠡᠭᠡᠭᠡᠪᠦᠷᠢ ᠶᠢᠨ ᠲᠥᠰᠥᠯ ᠲᠣᠭᠲᠠᠭᠠᠨ᠎ᠠ︔ ᠭᠥᠯᠢᠶᠡᠨ ᠠᠪᠬᠤ ᠭᠠᠵᠠᠷ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠲᠤᠰᠬᠠᠢ ᠬᠥᠮᠥᠨ ᠪᠠ ᠲᠤᠰᠬᠠᠢ ᠲᠡᠷᠭᠡ ᠲᠣᠮᠢᠯᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠢ ᠵᠣᠷᠢᠭᠰᠠᠨ ᠭᠠᠵᠠᠷ ᠲᠤ ᠨᠢ ᠲᠤᠰᠴᠤ ᠬᠦᠷᠭᠡᠬᠦ ᠶᠢᠨ ᠬᠠᠮᠲᠤ ᠲᠤᠰᠢᠶᠠᠬᠤ ᠪᠠ ᠭᠥᠯᠢᠶᠡᠨ ᠠᠪᠬᠤ ᠭᠠᠷᠳᠠᠮ ᠢ ᠰᠠᠶᠢᠲᠤᠷ ᠭᠦᠢᠴᠡᠳᠬᠡᠨ᠎ᠡ᠃
ᠡᠭᠦᠨ ᠤ ᠬᠠᠮᠲᠤ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠴᠠ ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ ᠨᠤᠲᠤᠭ ᠲᠤ ᠪᠠᠨ ᠪᠤᠴᠠᠵᠤ ᠠᠵᠢᠯ ᠣᠯᠬᠤ ᠦᠢᠯᠡᠴᠢᠯᠡᠭᠡ ᠥᠷᠨᠢᠭᠦᠯᠵᠦ᠂ ᠠᠵᠢᠯ ᠣᠯᠬᠤ ᠱᠠᠭᠠᠷᠳᠠᠯᠭ᠎ᠠ ᠲᠠᠢ ᠬᠥᠮᠥᠰ ᠲᠤ ᠴᠠᠭ ᠲᠤᠬᠠᠢ ᠳᠤ ᠨᠢ ᠲᠣᠬᠢᠷᠠᠮᠵᠢᠲᠠᠢ ᠠᠵᠢᠯ ᠤᠨ ᠪᠠᠶᠢᠷᠢ ᠬᠠᠩᠭᠠᠨ᠎ᠠ᠃ ᠠᠳᠠᠯ ᠦᠢᠯᠡᠰ ᠴᠣᠭᠴᠠᠯᠠᠬᠤ ᠬᠦᠰᠡᠯ ᠲᠠᠢ ᠪᠠᠶᠢᠪᠠᠯ᠂ ᠲᠥᠷᠥᠯ ᠵᠦᠢᠯ ᠲᠠᠨᠢᠯᠴᠠᠭᠤᠯᠬᠤ᠂ ᠠᠳᠠᠯ ᠦᠢᠯᠡᠰ ᠴᠣᠭᠴᠠᠯᠠᠬᠤ ᠵᠢᠭᠡᠯᠡᠯᠭᠡ ᠬᠠᠩᠭᠠᠬᠤ ᠵᠡᠷᠭᠡ ᠦᠢᠯᠡᠴᠢᠯᠡᠭᠡ ᠶᠢ ᠢᠳᠡᠪᠬᠢᠲᠡᠢ ᠪᠠᠷ ᠬᠠᠩᠭᠠᠬᠤ ᠬᠡᠷᠡᠭᠲᠡᠢ᠃ ᠠᠵᠢᠯ ᠮᠡᠷᠭᠡᠵᠢᠯ ᠤᠨ ᠪᠣᠯᠪᠠᠰᠤᠷᠠᠯ ᠤᠨ ᠬᠡᠷᠡᠭᠴᠡᠭᠡ ᠱᠠᠭᠠᠷᠳᠠᠯᠭ᠎ᠠ ᠲᠠᠢ ᠪᠣᠯ ᠬᠠᠨᠳᠤᠯᠭᠠᠲᠤ ᠴᠢᠨᠠᠷᠲᠠᠢ ᠪᠠᠷ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠬᠠᠩᠭᠠᠨ᠎ᠠ᠃ ᠬᠥᠳᠡᠯᠮᠦᠷᠢ ᠶᠢᠨ ᠪᠠᠲᠤᠯᠠᠭ᠎ᠠ ᠶᠢᠨ ᠡᠷᠬᠡ ᠠᠰᠢᠭ ᠤᠨ ᠬᠦᠰᠡᠯ ᠱᠠᠭᠠᠷᠳᠠᠯᠭ᠎ᠠ ᠲᠠᠢ ᠪᠠᠶᠢᠪᠠᠯ᠂ ᠲᠡᠳᠡᠨ ᠢ ᠬᠠᠮᠵᠢᠨ ᠤᠤᠯ ᠤᠨ ᠠᠵᠢᠯ ᠬᠢᠵᠦ ᠪᠠᠶᠢᠭᠰᠠᠨ ᠭᠠᠵᠠᠷ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠲᠠᠢ ᠬᠠᠷᠢᠯᠴᠠᠵᠤ ᠰᠢᠢᠳᠪᠦᠷᠢᠯᠡᠨ᠎ᠡ᠃