ᠵᠤᠬᠢᠶᠠᠭᠴᠢ:
ᠴᠠᠭ:2022-11-19
ᠥᠵᠡᠭᠰᠡᠨ : ℃
ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾
ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ
2022 11 ᠳ᠋ᠦ᠋ᠭᠡᠷ ᠰᠠᠷ᠎ᠠ ᠶᠢᠨ 13 ᠤ ᠡᠳᠦᠷ᠂ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ 《ᠬᠤᠶᠠᠷ ᠬᠠᠯᠬᠠᠪᠴᠢ》《ᠬᠤᠶᠠᠷ ᠰᠠᠭᠤᠷᠢᠨ ᠭᠠᠵᠠᠷ》《ᠨᠢᠭᠡ ᠪᠠᠬᠢᠯᠡᠯᠲᠡ》 ᠶᠢᠨ ᠪᠦᠲᠦᠭᠡᠨ ᠪᠠᠶᠢᠭᠤᠯᠤᠯᠲᠠ ᠶᠢᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠠᠪᠤᠨ ᠶᠡᠭᠡ ᠡᠭᠦᠷᠭᠡ ᠶᠢᠨ ᠬᠡᠷᠡᠭᠵᠢᠭᠦᠯᠬᠦ ᠲᠥᠰᠥᠯ ᠪᠣᠯᠣᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠪᠡ᠃
ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠣᠯᠣᠳᠤᠭᠠᠷ ᠪᠦᠭᠦᠳᠡ ᠬᠤᠷᠠᠯ ᠳᠡᠭᠡᠷᠡᠬᠢ ᠠᠵᠢᠯ ᠤᠨ ᠢᠯᠡᠳᠬᠡᠯ ᠪᠣᠯᠣᠨ ᠴᠢᠬᠤᠯᠠ ᠶᠠᠷᠢᠶ᠎ᠠ᠂ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠤᠯᠤᠰ ᠲᠥᠷᠥ ᠶᠢᠨ ᠲᠣᠪᠴᠢᠶᠠᠨ ᠤ ᠠᠩᠬᠠᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶ᠎ᠠ᠂ ᠶᠠᠨ ᠠᠨ ᠤ ᠬᠤᠪᠢᠰᠬᠠᠯ ᠤᠨ ᠳᠤᠷᠠᠰᠬᠠᠯ ᠤᠨ ᠭᠠᠵᠠᠷ ᠲᠤ ᠪᠠᠷᠠᠳᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ᠂ ᠱᠠᠨᠰᠢ ᠶᠢᠨ ᠶᠠᠨ ᠠᠨ ᠪᠣᠯᠣᠨ ᠾᠧᠨᠠᠨ ᠤ ᠠᠨᠶᠠᠩ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ᠃ ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ 《ᠭᠤᠷᠪᠠᠨ ᠪᠦᠭᠦ ᠲᠠᠯ᠎ᠠ》 ᠶᠢᠨ ᠴᠢᠬᠤᠯᠠ ᠱᠠᠭᠠᠷᠳᠠᠯᠭ᠎ᠠ ᠶᠣᠰᠣᠭᠠᠷ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠵᠤ ᠤᠬᠠᠭᠤᠯᠤᠨ ᠠᠵᠢᠯ ᠢ ᠨᠠᠷᠢᠨ ᠬᠢᠨᠠᠮᠠᠭᠠᠢ ᠰᠠᠶᠢᠲᠤᠷ ᠠᠳᠬᠤᠬᠤ ᠬᠡᠷᠡᠭᠲᠡᠢ᠃ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠰᠡᠳᠬᠢᠴᠡ ᠠᠷᠭ᠎ᠠ ᠬᠡᠮᠵᠢᠶ᠎ᠡ ᠶᠢ ᠭᠦᠨᠵᠡᠭᠡᠢ ᠰᠤᠳᠤᠯᠵᠤ᠂ ᠢᠷᠡᠬᠦ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠬᠠᠷᠠᠯᠲᠠ ᠡᠭᠦᠷᠭᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠬᠡᠷᠡᠭᠲᠡᠢ᠃ ᠨᠠᠮ ᠤᠨ ᠰᠢᠯᠢᠳᠡᠭ ᠤᠯᠠᠮᠵᠢᠯᠠᠯ ᠢ ᠵᠠᠯᠭᠠᠮᠵᠢᠯᠠᠵᠤ᠂ 《ᠬᠦᠴᠢᠷ ᠠᠴᠠ ᠠᠶᠤᠬᠤ ᠦᠭᠡᠢ᠂ ᠴᠤᠴᠠᠯᠲᠠ ᠦᠭᠡᠢ ᠤᠷᠤᠭᠰᠢᠯᠠᠵᠤ᠂ ᠵᠣᠷᠢᠭᠰᠠᠨ ᠳᠠᠭᠠᠨ ᠵᠠᠪᠠᠯ ᠬᠦᠷᠬᠦ》 ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠭᠤᠯᠠ ᠳᠠᠭᠠᠷᠠᠪᠠᠯ ᠵᠠᠮ ᠨᠡᠭᠡᠭᠡᠵᠦ᠂ ᠤᠰᠤ ᠳᠠᠭᠠᠷᠠᠪᠠᠯ ᠬᠥᠭᠦᠷᠭᠡ ᠲᠠᠯᠪᠢᠨ᠂ ᠥᠪᠥᠷ ᠮᠣᠩᠭᠤᠯ ᠤᠨ ᠡᠯ᠎ᠡ ᠵᠦᠢᠯ ᠤᠨ ᠠᠵᠢᠯ ᠢ ᠮᠡᠷᠡᠶᠢᠨ ᠴᠢᠷᠮᠠᠶᠢᠨ ᠵᠢᠳᠬᠦᠯ ᠴᠢᠷᠮᠠᠶᠢᠯᠭ᠎ᠠ ᠭᠠᠷᠭᠠᠵᠤ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠥᠯ ᠢ ᠬᠢᠨᠠᠨ ᠵᠥᠪᠯᠡᠵᠦ ᠪᠠᠲᠤᠯᠠᠨ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ 《ᠤᠯᠤᠰ ᠤᠨ ᠶᠡᠭᠡ ᠶᠠᠪᠤᠳᠠᠯ》 ᠢ ᠪᠠᠲᠤ ᠴᠡᠭᠡᠵᠢᠯᠡᠵᠦ᠂ ᠤᠯᠤᠰ ᠤᠨ ᠬᠥᠭᠵᠢᠯᠲᠡ ᠶᠢᠨ ᠶᠡᠭᠡ ᠲᠠᠯ᠎ᠠ ᠳᠤ ᠨᠠᠩ ᠰᠠᠶᠢᠲᠤᠷ ᠦᠢᠯᠡᠴᠢᠯᠡᠬᠦ ᠪᠠ ᠪᠠᠲᠤᠯᠠᠬᠤ ᠥᠨᠳᠥᠷᠴᠡ ᠠᠴᠠ ᠡᠭᠦᠰᠴᠦ᠂ ᠡᠯ᠎ᠡ ᠬᠡᠷᠡᠭᠵᠢᠭᠦᠯᠬᠦ ᠲᠥᠰᠥᠯ ᠢ ᠬᠡᠷᠡᠭᠵᠢᠭᠦᠯᠵᠦ ᠨᠠᠶᠢᠳᠠᠪᠤᠷᠢᠵᠢᠭᠤᠯᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠬᠡᠷᠡᠭᠵᠢᠭᠦᠯᠬᠦ ᠲᠥᠰᠥᠯ ᠲᠠᠢ ᠬᠠᠷᠭᠤᠭᠤᠯᠤᠨ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠣᠨ ᠤ ᠡᠭᠦᠷᠭᠡ ᠶᠢᠨ ᠨᠠᠷᠢᠨ ᠲᠠᠩᠰᠠ ᠪᠠᠨ ᠲᠣᠳᠣᠷᠬᠠᠶᠢᠯᠠᠨ᠂ ᠱᠠᠯᠠᠪᠳᠠᠨ ᠬᠥᠳᠡᠯᠦᠯᠴᠡᠵᠦ᠂ ᠰᠠᠶᠢᠲᠤᠷ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠦᠨᠡᠨ ᠬᠦ ᠪᠣᠳᠠᠲᠠᠢ ᠠᠵᠢᠯᠯᠠᠭ᠎ᠠ ᠪᠠ ᠠᠮᠢᠳᠤᠯᠢᠭ ᠦᠢᠯᠡᠳᠦᠯᠭᠡ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ 《ᠨᠠᠮ ᠤᠨ ᠲᠥᠪ ᠬᠤᠷᠢᠶᠠᠨ ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠴᠢᠩᠭᠠᠳᠬᠠᠨ ᠬᠠᠮᠠᠭᠠᠯᠠᠬᠤ ᠲᠤᠬᠠᠢ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠲᠣᠭᠲᠠᠭᠠᠯ ᠤᠳ》《ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠲᠥᠪ ᠤᠨ ᠨᠠᠢᠮᠠᠨ ᠲᠣᠭᠲᠠᠭᠠᠯ ᠢ ᠨᠠᠶᠢᠳᠠᠪᠤᠷᠢᠵᠢᠭᠤᠯᠬᠤ ᠬᠡᠷᠡᠭᠵᠢᠭᠦᠯᠬᠦ ᠨᠠᠷᠢᠨ ᠳᠦᠷᠢᠮ》 ᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠢᠵᠢ ᠪᠦᠷᠢᠳᠦᠭᠦᠯᠦᠭᠰᠡᠨ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠮᠤᠵᠢ ᠶᠢᠨ ᠲᠡᠰ ᠤᠨ ᠤᠳᠤᠷᠢᠳᠬᠤ ᠨᠥᠬᠦᠳ ᠲᠦᠷᠦᠭᠦᠯᠡᠨ ᠡᠯ᠎ᠡ ᠵᠦᠢᠯ ᠤᠨ ᠲᠣᠭᠲᠠᠭᠠᠯ ᠱᠠᠭᠠᠷᠳᠠᠯᠭ᠎ᠠ ᠶᠢ ᠵᠢᠷᠤᠮᠯᠠᠵᠤ᠂ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠲᠤᠭ ᠲᠡᠮᠳᠡᠭ ᠲᠣᠳᠣᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠶᠣᠰᠣ ᠳᠦᠷᠢᠮ ᠢ ᠰᠠᠬᠢᠵᠤ᠂ ᠴᠥᠬᠦᠷᠡᠰᠢ ᠦᠭᠡᠢ ᠪᠠᠷ ᠰᠤᠷᠲᠠᠯ ᠢᠶᠠᠨ ᠬᠤᠪᠢᠷᠠᠭᠤᠯᠵᠤ᠂ ᠰᠢᠨ᠎ᠡ ᠰᠤᠷᠲᠠᠯ ᠢ ᠪᠤᠢ ᠪᠤᠯᠭᠠᠵᠤ᠂ ᠪᠦᠭᠦ ᠣᠷᠣᠨ ᠤ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠲᠤ ᠵᠢᠱᠢᠶ᠎ᠡ ᠦᠵᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ 《ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠤ ᠤᠬᠠᠭᠤᠯᠤᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠲᠣᠭᠲᠠᠭᠠᠯ》 ᠢ ᠰᠤᠳᠤᠯᠪᠠ᠃ ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ ᠬᠤᠭᠤᠴᠠᠭᠠᠨ ᠤ ᠬᠣᠷᠢᠶ᠎ᠠ ᠶᠢᠨ ᠳᠥᠷᠪᠡᠳᠦᠭᠡᠷ ᠪᠦᠭᠦᠳᠡ ᠬᠤᠷᠠᠯ ᠢ 11 ᠳ᠋ᠤᠭᠡᠷ ᠰᠠᠷ᠎ᠠ ᠶᠢᠨ 18 ᠤ ᠡᠳᠦᠷ ᠭᠦᠭᠡᠬᠤᠲᠠ ᠳᠤ ᠬᠤᠷᠠᠯᠳᠤᠭᠤᠯᠬᠤ ᠪᠠᠷ ᠲᠣᠭᠲᠠᠵᠤ᠂ ᠭᠤᠣᠯ ᠡᠭᠦᠷᠭᠡ ᠨᠢ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠦ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠭᠦ ᠪᠣᠯᠣᠨ᠎ᠠ᠃
ᠬᠤᠷᠠᠯ ᠠᠴᠠ 《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠬᠠᠮᠢᠶᠠᠷᠤᠯᠲᠠ ᠶᠢᠨ ᠳᠦᠷᠢᠮ ︵ᠲᠥᠰᠥᠯ ᠳᠤ ᠵᠠᠰᠠᠪᠤᠷᠢ ᠣᠷᠣᠭᠤᠯᠤᠭᠰᠠᠨ ᠨᠣᠣᠷᠠᠭ︶》《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠰᠬᠠᠯ ᠤᠨ ᠲᠡᠦᠬᠡ ᠶᠢᠨ ᠳᠤᠷᠠᠰᠬᠠᠯᠲᠤ ᠵᠦᠢᠯᠡᠰ ᠢ ᠬᠠᠮᠠᠭᠠᠯᠠᠵᠤ ᠠᠰᠢᠭᠯᠠᠬᠤ ᠳᠦᠷᠢᠮ ︵ᠵᠠᠰᠠᠪᠤᠷᠢ ᠣᠷᠣᠭᠤᠯᠤᠭᠰᠠᠨ ᠨᠣᠣᠷᠠᠭ︶》 ᠢ ᠰᠤᠳᠤᠯᠵᠤ᠂ ᠪᠦᠭᠦ ᠣᠷᠣᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠤᠯᠢ ᠬᠡᠷᠡᠭᠵᠢᠭᠦᠯᠦᠯᠲᠡ ᠶᠢᠨ ᠵᠢᠷᠦᠮᠵᠢᠯᠲᠡ ᠶᠢᠨ ᠪᠠᠶᠢᠭᠤᠯᠤᠯᠲᠠ᠂ ᠶᠡᠭᠡ ᠳᠡᠭᠡᠳᠦ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠪᠣᠯᠣᠨ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠶᠢᠭᠤᠯᠤᠯᠲᠠ᠂ ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃
ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃