ᠵᠤᠬᠢᠶᠠᠭᠴᠢ:
ᠴᠠᠭ:2022-11-25
ᠥᠵᠡᠭᠰᠡᠨ : ℃
ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾
ᠰᠢ ᠶᠢᠨ ᠫᠢᠩ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠬᠤᠷᠢ ᠶᠢᠰᠦᠳᠦᠭᠡᠷ ᠤᠳᠠᠭ᠎ᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠪᠠ
ᠲᠤᠬᠠᠢ ᠶᠢᠨ ᠭᠠᠵᠠᠷ ᠤᠨ ᠴᠠᠭ ᠢᠶᠠᠷ 2022 11 ᠳ᠋ᠦ᠋ᠭᠡᠷ ᠰᠠᠷ᠎ᠠ ᠶᠢᠨ 18 ᠤ ᠦᠳᠡ ᠶᠢᠨ ᠡᠮᠦᠨ᠎ᠡ ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠬᠤᠷᠢ ᠶᠢᠰᠦᠳᠦᠭᠡᠷ ᠤᠳᠠᠭ᠎ᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯ ᠲᠠᠢ ᠤᠯᠤᠰ ᠤᠨ ᠪᠠᠩᠺᠤᠺ ᠤᠨ ᠤᠯᠤᠰ ᠤᠨ ᠬᠤᠷᠠᠯ ᠤᠨ ᠲᠥᠪ ᠲᠤ ᠬᠤᠷᠠᠯᠳᠤᠪᠠ ᠃ ᠤᠯᠤᠰ ᠤᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠬᠰᠠᠨ ᠪᠥᠭᠡᠳ 《ᠪᠦᠯᠬᠦᠮᠳᠡᠨ ᠬᠠᠮᠲᠤᠷᠠᠯᠴᠠᠵᠤ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠵᠦ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠤᠶ᠎ᠠ》ᠭᠡᠬᠦ ᠰᠡᠳᠦᠪ ᠢᠶᠠᠷ ᠴᠢᠬᠤᠯᠠ ᠶᠠᠷᠢᠶ᠎ᠠ ᠲᠠᠯᠪᠢᠪᠠ ᠃
ᠰᠢ ᠶᠢᠨ ᠫᠢᠩ ᠶᠠᠷᠢᠶᠠᠨ ᠳᠠᠭᠠᠨ ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠪᠣᠯ ᠪᠢᠳᠡᠨ ᠤ ᠣᠷᠣᠰᠢᠨ ᠲᠣᠭᠲᠠᠨᠢᠬᠤ ᠭᠠᠵᠠᠷ ᠮᠥᠨ ᠂ ᠮᠥᠨ ᠴᠤ ᠪᠦᠭᠦ ᠪᠥᠮᠪᠥᠷᠴᠡᠭ ᠤᠨ ᠠᠵᠤ ᠠᠬᠤᠢ ᠶᠢᠨ ᠨᠡᠮᠡᠭᠳᠡᠯ ᠤᠨ ᠬᠥᠳᠡᠯᠭᠡᠬᠦ ᠬᠦᠴᠦᠨ ᠤ ᠡᠬᠢ ᠰᠤᠷᠪᠤᠯᠵᠢ ᠮᠥᠨ ᠃ ᠥᠩᠭᠡᠷᠡᠭᠰᠡᠨ ᠬᠡᠳᠦᠨ ᠠᠷᠪᠠᠨ ᠵᠢᠯ ᠳᠤ ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠣᠷᠣᠨ ᠪᠦᠰᠡ ᠶᠢᠨ ᠠᠵᠤ ᠠᠬᠤᠢ ᠶᠢᠨ ᠬᠠᠮᠲᠤᠷᠠᠯᠴᠠᠭ᠎ᠠ ᠥᠷᠨᠢᠨ ᠬᠥᠭᠵᠢᠵᠦ ᠂ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ《ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠭᠠᠶᠢᠬᠠᠮᠰᠢᠭ》 ᠢ ᠡᠭᠦᠳᠴᠦ ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠬᠠᠮᠲᠤᠷᠠᠯᠴᠠᠭ᠎ᠠ ᠠᠯᠢ ᠡᠷᠲᠡ ᠬᠥᠮᠥᠰ ᠤᠨ ᠰᠡᠳᠬᠢᠯ ᠳᠤ ᠬᠠᠳᠠᠩᠰᠢᠪᠠ ᠃ ᠤᠳᠤ ᠳᠡᠯᠡᠬᠡᠢ ᠳ᠋ᠠᠬᠢᠨ ᠳᠠᠬᠢᠨᠲᠠ ᠲᠡᠦᠬᠡ ᠶᠢᠨ ᠲᠣᠨᠣᠯᠵᠢᠨ ᠵᠠᠮ ᠳᠤ ᠵᠣᠭᠰᠣᠵᠤ ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠪᠠᠶᠢᠷᠢ ᠰᠠᠭᠤᠷᠢ ᠨᠡᠩ ᠴᠢᠬᠤᠯᠠ ᠂ ᠦᠢᠯᠡᠳᠦᠯ ᠨᠡᠩ ᠲᠣᠪᠣᠶᠢᠮ᠎ᠠ ᠪᠣᠯᠪᠠ ᠃ ᠰᠢᠨ᠎ᠡ ᠪᠠᠶᠢᠳᠠᠯ ᠳᠣᠣᠷ᠎ᠠ ᠂ ᠪᠢᠳᠠ ᠭᠠᠷ ᠬᠤᠯᠪᠣᠨ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠵᠤ ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠬᠠᠮᠲᠤᠷᠠᠯᠴᠠᠭᠠᠨ ᠤ ᠰᠢᠨ᠎ᠡ ᠭᠡᠷᠡᠯ ᠰᠠᠴᠤᠷᠠᠩᠭᠤᠢ ᠠᠮᠵᠢᠯᠲᠠ ᠶᠢ ᠲᠠᠭᠢᠨ ᠡᠭᠦᠳᠦᠶ᠎ᠡ ᠭᠡᠵᠦ ᠵᠢᠭᠠᠵᠤ ᠭᠠᠷᠭᠠᠪᠠ ᠃
ᠡᠭᠦᠨ ᠳᠤ ᠰᠢ ᠶᠢᠨ ᠫᠢᠩ ᠬᠡᠳᠦᠨ ᠰᠠᠨᠠᠭᠤᠯᠭ᠎ᠠ ᠳᠤᠷᠠᠳᠴᠠᠢ ᠃
ᠨᠢᠭᠡᠳᠦᠭᠡᠷ ᠲᠤ ᠂ ᠳᠡᠯᠡᠬᠡᠢ ᠶᠢᠨ ᠲᠥᠪ ᠭᠤᠣᠯᠴᠢ ᠰᠢᠳᠤᠷᠭᠤ ᠶᠣᠰᠣ ᠶᠢ ᠬᠠᠮᠠᠭᠠᠯᠠᠵᠤ ᠂ ᠡᠩᠬᠡ ᠲᠠᠶᠢᠪᠤᠩ ᠲᠣᠭᠲᠠᠭᠤᠨ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠢ ᠪᠦᠲᠦᠭᠡᠨ ᠪᠠᠶᠢᠭᠤᠯᠤᠶ᠎ᠠ ᠃ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠥᠩᠭᠡᠷᠡᠭᠰᠡᠨ ᠬᠡᠳᠦᠨ ᠠᠷᠪᠠᠨ ᠵᠢᠯ ᠤᠨ ᠠᠵᠤ ᠠᠬᠤᠢ ᠶᠢᠨ ᠲᠦᠷᠭᠡᠨ ᠨᠡᠮᠡᠭᠳᠡᠯ ᠤᠨ ᠴᠢᠬᠤᠯᠠ ᠰᠡᠩᠬᠡᠷᠡᠭᠦᠯᠦᠯ ᠪᠣᠯ ᠳᠠᠷᠤᠢ ᠬᠠᠷᠢᠯᠴᠠᠨ ᠭᠦᠨᠳᠦᠳᠭᠡᠵᠦ ᠂ ᠪᠦᠯᠬᠦᠮᠳᠡᠨ ᠬᠠᠮᠲᠤᠷᠠᠯᠴᠠᠵᠤ ᠂ ᠤᠴᠢᠷ ᠶᠠᠪᠤᠳᠠᠯ ᠲᠤᠯᠭᠠᠷᠠᠪᠠᠯ ᠤᠯᠠᠨ ᠢᠶᠠᠷ ᠢᠶᠠᠨ ᠵᠥᠪᠳᠡᠯᠴᠡᠨ ᠰᠢᠢᠳᠪᠦᠷᠢᠯᠡᠵᠦ ᠂ ᠬᠠᠮᠤᠭ ᠤᠨ ᠶᠡᠭᠡ ᠶᠡᠷᠦᠩᠬᠡᠢ ᠬᠤᠷᠢᠶᠠᠭᠴᠢ ᠲᠤᠭ᠎ᠠ ᠶᠢ ᠡᠷᠢᠯᠬᠢᠯᠡᠭᠰᠡᠨ ᠶᠠᠪᠤᠳᠠᠯ ᠪᠣᠯᠣᠨ᠎ᠠ ᠃ ᠪᠢᠳᠡ ᠬᠠᠮᠲᠤ ᠶᠢᠨ ᠂ ᠶᠡᠷᠦᠩᠬᠡᠶᠢᠯᠡᠭᠰᠡᠨ ᠂ ᠬᠠᠮᠲᠤᠷᠠᠯᠴᠠᠭᠰᠠᠨ ᠂ ᠦᠷᠭᠦᠯᠵᠢᠯᠡᠬᠦ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠵᠤ ᠂ ᠡᠯ᠎ᠡ ᠤᠯᠤᠰ ᠤᠨ ᠡᠷᠬᠡ ᠮᠡᠳᠡᠯ ᠂ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢ ᠭᠦᠨᠳᠦᠳᠭᠡᠵᠦ ᠂ ᠪᠤᠰᠤᠳ ᠤᠯᠤᠰ ᠤᠨ ᠳᠣᠲᠣᠭᠠᠳᠤ ᠵᠠᠰᠠᠭ ᠲᠤ ᠭᠠᠷ ᠲᠦᠷᠦᠭᠦ ᠦᠭᠡᠢ ᠂ ᠡᠯ᠎ᠡ ᠤᠯᠤᠰ ᠤᠨ ᠠᠷᠠᠳ ᠲᠦᠮᠡᠨ ᠤ ᠪᠡᠶ᠎ᠡ ᠪᠠᠨ ᠳᠠᠭᠠᠭᠠᠵᠤ ᠰᠣᠩᠭᠤᠭᠰᠠᠨ ᠬᠥᠭᠵᠢᠯᠲᠡ ᠶᠢᠨ ᠵᠠᠮ ᠪᠠ ᠨᠡᠶᠢᠭᠡᠮ ᠤᠨ ᠪᠠᠶᠢᠭᠤᠯᠤᠯ ᠢ ᠭᠦᠨᠳᠦᠳᠭᠡᠵᠦ ᠂ ᠡᠯ᠎ᠡ ᠤᠯᠤᠰ ᠤᠨ ᠠᠮᠤᠷ ᠲᠦᠪᠰᠢᠨ ᠤ ᠲᠤᠬᠠᠢ ᠵᠦᠢ ᠶᠣᠰᠣᠨ ᠤ ᠠᠩᠬᠠᠷᠤᠯ ᠢ ᠴᠢᠬᠤᠯᠠᠴᠢᠯᠠᠵᠤ ᠂ ᠶᠠᠷᠢᠯᠴᠠᠭ᠎ᠠ ᠵᠥᠪᠳᠡᠯᠴᠡᠭᠡ ᠪᠠᠷ ᠳᠠᠮᠵᠢᠭᠤᠯᠤᠨ ᠨᠠᠶᠢᠷᠠᠮᠳᠠᠯ ᠤᠨ ᠠᠷᠭ᠎ᠠ ᠭᠡᠯᠪᠡᠷᠢ ᠪᠠᠷ ᠤᠯᠤᠰ ᠤᠨ ᠬᠤᠭᠤᠷᠣᠨᠳᠣᠭᠢ ᠵᠥᠷᠢᠯᠳᠦᠭᠡᠨ ᠪᠠ ᠮᠠᠷᠭᠤᠯᠳᠤᠭᠠᠨ ᠢ ᠰᠢᠢᠳᠪᠦᠷᠢᠯᠡᠪᠡᠯ ᠵᠣᠬᠢᠨ᠎ᠠ ᠃ ᠪᠦᠭᠦ ᠪᠥᠮᠪᠥᠷᠴᠡᠭ ᠤᠨ ᠵᠠᠰᠠᠯᠲᠠ ᠳᠤ ᠢᠳᠡᠪᠬᠢᠲᠡᠢ ᠣᠷᠣᠯᠴᠠᠵᠤ ᠂ ᠤᠯᠠᠨ ᠤᠯᠤᠰ ᠤᠨ ᠡᠮᠬᠢ ᠵᠢᠷᠤᠮ ᠤᠨ ᠨᠡᠩ ᠲᠥᠪ ᠭᠤᠣᠯᠴᠢ ᠵᠦᠢ ᠵᠣᠬᠢᠰᠲᠠᠢ ᠴᠢᠭᠯᠡᠯ ᠢᠶᠠᠷ ᠭᠦᠭᠵᠢᠭᠦ ᠶᠢ ᠠᠬᠢᠭᠤᠯᠵᠤ ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠪᠠ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠪᠠᠶᠢᠳᠠᠯ ᠳᠤ ᠪᠠᠲᠤᠯᠠᠭ᠎ᠠ ᠬᠠᠩᠭᠠᠶ᠎ᠠ ᠃
ᠬᠤᠶᠠᠳᠤᠭᠠᠷ ᠲᠤ ᠂ ᠨᠡᠭᠡᠭᠡᠯᠲᠡᠲᠡᠢ ᠪᠠᠭᠲᠠᠭᠠᠮᠵᠢᠲᠠᠢ ᠪᠠᠶᠢᠬᠤ ᠶᠢ ᠪᠠᠷᠢᠮᠲᠠᠯᠠᠵᠤ ᠂ ᠬᠠᠮᠲᠤ ᠪᠠᠷ ᠪᠠᠶᠠᠵᠢᠭᠰᠠᠨ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠢ ᠪᠦᠲᠦᠭᠡᠨ ᠪᠠᠶᠢᠭᠤᠯᠤᠶ᠎ᠠ ᠃ ᠪᠢᠳᠡ ᠨᠡᠭᠡᠭᠡᠯᠲᠡᠲᠤ ᠣᠷᠣᠨ ᠪᠦᠰᠡ ᠶᠢᠨ ᠦᠵᠡᠯ ᠢ ᠪᠠᠷᠢᠮᠲᠠᠯᠠᠵᠤ ᠂ ᠬᠤᠷᠸ᠎ᠠ ᠠᠵᠤ ᠠᠬᠤᠢ ᠶᠢᠨ ᠲᠦᠷᠦ ᠶᠢᠨ ᠪᠣᠳᠣᠯᠭ᠎ᠠ ᠶᠢᠨ ᠵᠣᠬᠢᠴᠠᠭᠤᠯᠭ᠎ᠠ ᠶᠢ ᠴᠢᠩᠭᠠᠳᠬᠠᠵᠤ ᠂ ᠨᠡᠩ ᠨᠢᠭᠲᠠ ᠣᠷᠣᠨ ᠪᠦᠰᠡ ᠶᠢᠨ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢ ᠪᠠᠶᠢᠭᠤᠯᠵᠤ ᠂ ᠠᠷᠠᠯᠵᠢᠶ᠎ᠠ ᠪᠠ ᠪᠡᠯᠡ ᠣᠷᠣᠭᠤᠯᠤᠯᠲᠠ ᠶᠢᠨ ᠴᠢᠯᠦᠭᠡᠵᠢᠯᠲᠡ ᠳᠥᠭᠦᠮᠴᠢᠯᠡᠯᠲᠡ ᠶᠢ ᠠᠬᠢᠭᠤᠯᠵᠤ ᠂ ᠣᠷᠣᠨ ᠪᠦᠰᠡ ᠶᠢᠨ ᠠᠵᠤ ᠠᠬᠤᠢ ᠶᠢᠨ ᠨᠢᠭᠡ ᠴᠣᠭᠴᠠᠵᠢᠯᠲᠠ ᠶᠢᠨ ᠠᠬᠢᠴᠠ ᠶᠢ ᠯᠠᠪᠳᠠᠭᠤᠨ ᠢᠶᠠᠷ ᠠᠬᠢᠭᠤᠯᠵᠤ ᠂ ᠥᠨᠳᠥᠷ ᠲᠦᠪᠰᠢᠨ ᠪᠦᠬᠦᠢ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠴᠢᠯᠦᠭᠡᠲᠦ ᠠᠷᠠᠯᠵᠢᠶᠠᠨ ᠤ ᠣᠷᠣᠨ ᠢ ᠡᠷᠲᠡᠬᠡᠨ ᠪᠠᠶᠢᠭᠤᠯᠤᠶ᠎ᠠ ᠃ ᠠᠷᠠᠳ ᠲᠦᠮᠡᠨ ᠤ ᠲᠥᠯᠥᠭᠡ ᠬᠥᠭᠵᠢᠭᠦᠯᠬᠦ ᠂ ᠬᠥᠭᠵᠢᠭᠦᠯᠬᠦ ᠳᠤ ᠠᠷᠠᠳ ᠲᠦᠮᠡᠨ ᠢ ᠲᠦᠰᠢᠭᠯᠡᠬᠦ ᠂ ᠬᠥᠭᠵᠢᠯᠲᠡ ᠶᠢᠨ ᠦᠷ᠎ᠡ ᠪᠦᠲᠦᠭᠡᠯ ᠢ ᠠᠷᠠᠳ ᠲᠦᠮᠡᠨ ᠳᠤ ᠬᠠᠮᠲᠤ ᠪᠠᠷ ᠡᠳ᠋ᠯᠡᠭᠦᠯᠭᠦ ᠶᠢ ᠪᠠᠷᠢᠮᠲᠠᠯᠠᠵᠤ ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠪᠦᠭᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ ᠠᠬᠢᠭᠤᠯᠤᠶ᠎ᠠ ᠃ ᠳᠤᠮᠳᠠᠳᠤ ᠤᠯᠤᠰ ᠳᠤᠷᠠᠲᠠᠶ᠎ᠠ ᠬᠤᠯᠪᠣᠭᠳᠠᠯ ᠪᠦᠬᠦᠢ ᠡᠯ᠎ᠡ ᠲᠠᠯ᠎ᠠ ᠶᠢᠨ ᠬᠢᠨ ᠲᠠᠢ 《ᠣᠷᠣᠨ ᠪᠦᠰᠡ ᠶᠢᠨ ᠪᠦᠭᠦ ᠲᠠᠯ᠎ᠠ ᠶᠢᠨ ᠠᠵᠤ ᠠᠬᠤᠢ ᠶᠢᠨ ᠬᠠᠨᠢᠲᠠᠨ ᠤ ᠬᠠᠷᠢᠯᠴᠠᠭ᠎ᠠ ᠶᠢᠨ ᠬᠡᠯᠡᠯᠴᠡᠭᠡᠷ 》 ᠢ ᠪᠦᠭᠦ ᠲᠠᠯ᠎ᠠ ᠪᠠᠷ ᠴᠢᠨᠠᠷ ᠰᠠᠶᠢᠲᠠᠢ ᠬᠡᠷᠡᠭᠵᠢᠭᠦᠯᠵᠦ ᠂ 《ᠪᠦᠭᠦ ᠲᠠᠯ᠎ᠠ ᠬᠢᠭᠡᠳ ᠳᠠᠪᠰᠢᠯᠲᠠ ᠲᠠᠢ ᠨᠣᠮᠣᠬᠠᠨ ᠲᠡᠯᠡᠶ ᠶᠢ ᠠᠯᠤᠰᠯᠠᠭᠰᠠᠨ ᠬᠠᠨᠢᠲᠠᠨ ᠤ ᠬᠠᠷᠢᠯᠴᠠᠭ᠎ᠠ ᠶᠢᠨ ᠬᠡᠯᠡᠯᠴᠡᠭᠡᠷ》ᠪᠣᠯᠣᠨ 《ᠲᠣᠭᠠᠴᠢᠯᠠᠭᠰᠠᠨ ᠠᠵᠤ ᠠᠬᠤᠢ ᠶᠢᠨ ᠬᠠᠨᠢᠲᠠᠨ ᠤ ᠬᠠᠷᠢᠯᠴᠠᠭ᠎ᠠ ᠶᠢᠨ ᠬᠡᠯᠡᠯᠴᠡᠭᠡᠷ》ᠲᠤ ᠣᠷᠤᠯᠴᠠᠬᠤ ᠶᠢ ᠦᠷᠭᠦᠯᠵᠢᠯᠡᠨ ᠠᠬᠢᠭᠤᠯᠵᠤ ᠂ ᠣᠷᠣᠨ ᠪᠦᠰᠡ ᠶᠢᠨ ᠠᠭᠤᠰᠤᠯᠴᠠᠨ ᠭᠦᠭᠵᠢᠭᠦ ᠶᠢ ᠠᠬᠢᠭᠤᠯᠤᠨ᠎ᠠ ᠃ ᠢᠷᠡᠬᠦ ᠵᠢᠯ ᠳᠤ ᠂ ᠳᠤᠮᠳᠠᠳᠤ ᠤᠯᠤᠰ ᠭᠤᠷᠪᠠᠳᠤᠭᠠᠷ ᠬᠤᠭᠤᠴᠠᠭᠠᠨ ᠤ《ᠨᠢᠭᠡ ᠪᠦᠰᠡ ᠨᠢᠭᠡ ᠵᠠᠮ》 ᠤᠨ ᠤᠯᠠᠨ ᠤᠯᠤᠰ ᠤᠨ ᠬᠠᠮᠲᠤᠷᠠᠯᠴᠠᠭᠠᠨ ᠤ ᠲᠦᠷᠦᠭᠦᠴᠦᠳ ᠤᠨ ᠶᠠᠷᠢᠶᠠᠨ ᠤ ᠲᠠᠪᠴᠠᠩ ᠢ ᠡᠷᠭᠢᠯᠡᠵᠤ ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠪᠣᠯᠣᠨ ᠪᠦᠭᠦ ᠪᠥᠮᠪᠥᠷᠴᠡᠭ ᠤᠨ ᠬᠥᠭᠵᠢᠯ ᠴᠡᠴᠡᠭᠯᠡᠯ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠪᠠᠷ ᠪᠣᠳᠣᠯᠬᠢᠯᠠᠵᠤ ᠪᠤᠢ ᠃
ᠭᠤᠷᠪᠠᠳᠤᠭᠠᠷ ᠲᠤ ᠂ ᠪᠣᠬᠢᠷᠳᠤᠯ ᠦᠭᠡᠢ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠪᠠᠷᠢᠮᠲᠠᠯᠠᠵᠤ ᠂ ᠠᠷᠢᠭᠤᠨ ᠴᠡᠪᠡᠷ ᠦᠵᠡᠰᠬᠦᠯᠡᠩᠲᠦ ᠰᠠᠶᠢᠬᠠᠨ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠢ ᠪᠦᠲᠦᠭᠡᠨ ᠪᠠᠶᠢᠭᠤᠯᠤᠶ᠎ᠠ ᠃ ᠪᠢᠳᠡ ᠠᠵᠤ ᠠᠬᠤᠢ ᠮᠡᠷᠭᠡᠵᠢᠯ ᠤᠨ ᠬᠠᠮᠲᠤᠷᠠᠯᠴᠠᠭ᠎ᠠ ᠪᠠᠨ ᠴᠢᠩᠭᠠᠳᠬᠠᠵᠤ ᠂ ᠲᠣᠭᠠᠴᠢᠯᠠᠭᠰᠠᠨ ᠪᠣᠬᠢᠷᠳᠤᠯ ᠦᠭᠡᠢ ᠵᠣᠬᠢᠴᠠᠩᠭᠤᠢ ᠬᠥᠭᠵᠢᠯᠲᠡ ᠶᠢ ᠲᠦᠷᠭᠡᠳᠬᠡᠵᠦ ᠂ ᠡᠨᠧᠷᠭᠢ ᠡᠬᠢ ᠪᠠᠶᠠᠯᠢᠭ ᠂ ᠠᠵᠤ ᠦᠢᠯᠡᠰ ᠤᠨ ᠪᠦᠲᠦᠴᠡ ᠂ ᠬᠡᠷᠡᠭᠯᠡᠭᠡ ᠶᠢᠨ ᠪᠦᠲᠦᠴᠡ ᠶᠢᠨ ᠭᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠭᠦ ᠶᠢ ᠠᠬᠢᠭᠤᠯᠵᠤ ᠂ ᠠᠵᠤ ᠠᠬᠤᠢ ᠨᠡᠶᠢᠭᠡᠮ ᠤᠨ ᠪᠣᠬᠢᠷᠳᠤᠯ ᠦᠭᠡᠢ ᠬᠥᠭᠵᠢᠯᠲᠡ ᠶᠢ ᠠᠬᠢᠭᠤᠯᠤᠶ᠎ᠠ ᠃ ᠳᠤᠮᠳᠠᠳᠤ ᠤᠯᠤᠰ ᠤᠨ ᠬᠢᠨ ᠠᠮᠢᠳᠤ ᠪᠣᠳᠠᠰ ᠤᠨ ᠣᠷᠴᠢᠯᠲᠤ ᠪᠣᠬᠢᠷᠳᠤᠯ ᠦᠭᠡᠢ ᠠᠵᠤ ᠠᠬᠤᠢ ᠶᠢᠨ ᠪᠠᠩᠺᠤᠺ ᠤᠨ ᠬᠠᠷᠠᠯᠲᠠ ᠶᠢ ᠨᠠᠶᠢᠳᠠᠪᠤᠷᠢᠵᠢᠭᠤᠯᠬᠤ ᠳᠤ ᠳᠡᠮᠵᠢᠯᠭᠡ ᠬᠠᠩᠭᠠᠵᠤ ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠪᠣᠯᠣᠨ ᠠᠵᠤ ᠠᠬᠤᠢ ᠶᠢᠨ ᠬᠥᠭᠵᠢᠯᠲᠡ ᠶᠢ ᠬᠠᠮᠵᠢᠯᠴᠠᠨ ᠠᠬᠢᠭᠤᠯᠤᠨ᠎ᠠ ᠃ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠤᠯᠤᠰ ᠤᠳ ᠤᠨ ᠪᠦᠭᠦ ᠪᠥᠮᠪᠥᠷᠴᠡᠭ ᠤᠨ ᠬᠥᠭᠵᠢᠯᠲᠡ ᠶᠢᠨ ᠰᠠᠨᠠᠭᠠᠴᠢᠯᠠᠭ᠎ᠠ ᠳᠤ ᠢᠳᠡᠪᠬᠢᠲᠡᠢ ᠣᠷᠣᠯᠴᠠᠵᠤ ᠂ ᠶᠠᠳᠠᠭᠤ ᠶᠢ ᠪᠠᠭᠠᠰᠬᠠᠬᠤ ᠂ ᠠᠮᠤ ᠪᠤᠳᠠᠭ᠎ᠠ ᠂ ᠡᠨᠧᠷᠭᠢ ᠂ ᠡᠷᠡᠭᠦᠯ ᠬᠠᠮᠠᠭᠠᠯᠠᠯ ᠵᠡᠷᠭᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠪᠠᠨ ᠴᠢᠩᠭᠠᠳᠬᠠᠬᠤ ᠶᠢ ᠪᠠᠶᠠᠷᠯᠠᠨ ᠤᠭᠲᠤᠵᠤ ᠪᠠᠶᠢᠨ᠎ᠠ ᠃
ᠳᠥᠷᠪᠡᠳᠦᠭᠡᠷ ᠲᠤ ᠂ ᠬᠤᠪᠢ ᠵᠠᠶᠠᠭ᠎ᠠ ᠪᠠᠨ ᠬᠠᠮᠲᠤᠳᠬᠠᠬᠤ ᠶᠢ ᠪᠠᠷᠢᠮᠲᠠᠯᠠᠵᠤ ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠢ ᠪᠦᠲᠦᠭᠡᠨ ᠪᠠᠶᠢᠭᠤᠯᠤᠶ᠎ᠠ ᠃ ᠪᠢᠳᠡ ᠪᠠᠶᠢᠯᠳᠤᠬᠤ ᠪᠣᠳᠣᠯᠭ᠎ᠠ ᠪᠠ ᠠᠯᠤᠰ ᠭᠡᠳᠤ ᠶᠢᠨ ᠬᠠᠷᠠᠴᠠ ᠪᠠᠷ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠬᠠᠮᠲᠤᠷᠠᠯᠴᠠᠭ᠎ᠠ ᠳᠤ ᠬᠠᠨᠳᠤᠵᠤ ᠂ ᠣᠷᠣᠨ ᠪᠦᠰᠡ ᠶᠢᠨ ᠬᠠᠮᠲᠤᠷᠠᠯᠴᠠᠭ᠎ᠠ ᠳᠠᠬᠢ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠭᠤᠣᠯ ᠠᠷᠭ᠎ᠠ ᠵᠠᠮ ᠤᠨ ᠪᠠᠶᠢᠷᠢ ᠰᠠᠭᠤᠷᠢ ᠶᠢ ᠬᠠᠮᠠᠭᠠᠯᠠᠵᠤ ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠬᠠᠮᠲᠤᠷᠠᠯᠴᠠᠭᠠᠨ ᠤ ᠵᠥᠪ ᠴᠢᠭᠯᠡᠯ ᠢ ᠬᠠᠮᠠᠭᠠᠯᠠᠶ᠎ᠠ ᠃ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠵᠣᠷᠢᠯᠲᠠ ᠵᠠᠷᠴᠢᠮ ᠢ ᠪᠠᠷᠢᠮᠲᠠᠯᠠᠵᠤ ᠂ ᠬᠠᠷᠢᠯᠴᠠᠨ ᠢᠲᠡᠭᠡᠯᠴᠡᠬᠦ ᠂ ᠪᠠᠭᠲᠠᠭᠠᠮᠵᠢᠲᠠᠢ ᠂ ᠬᠠᠮᠲᠤᠷᠠᠯᠴᠠᠬᠤ ᠂ ᠬᠠᠮᠲᠤ ᠪᠠᠷ ᠠᠰᠢᠭ ᠭᠦᠷᠲᠡᠭᠦ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠬᠠᠨᠢᠲᠠᠨ ᠤ ᠬᠠᠷᠢᠯᠴᠠᠭ᠎ᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ ᠂ ᠶᠡᠭᠡ ᠭᠡᠷ ᠪᠦᠯᠢ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ ᠂ ᠬᠦᠴᠢᠷ ᠪᠡᠷᠬᠡᠰᠢᠶᠡᠯ ᠢ ᠬᠠᠮᠲᠤ ᠪᠠᠷ ᠲᠤᠭᠤᠯᠵᠤ ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ ᠂ ᠠᠽᠢᠶ᠎ᠠ ᠲᠢᠪ ᠨᠣᠮᠣᠬᠠᠨ ᠳᠠᠯᠠᠢ ᠶᠢᠨ ᠣᠷᠣᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢ ᠪᠠᠶᠢᠭᠤᠯᠬᠤ ᠲᠡᠶᠢᠰᠢ ᠲᠠᠰᠤᠷᠠᠯᠲᠠ ᠦᠭᠡᠢ ᠤᠷᠤᠭᠰᠢᠯᠠᠶ᠎ᠠ ᠭᠡᠵᠦ ᠳᠤᠷᠠᠳᠪᠠ ︕
ᠰᠢ ᠶᠢᠨ ᠫᠢᠩ ᠂ ᠳᠡᠭᠡᠷ᠎ᠡ ᠰᠠᠷ᠎ᠠ ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠤᠳᠠᠭ᠎ᠠ ᠶᠢᠨ ᠪᠦᠭᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠠᠮᠵᠢᠯᠲᠠ ᠲᠠᠢ ᠬᠤᠷᠠᠯᠳᠤᠵᠤ ᠂ ᠣᠳᠣᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠳᠤᠮᠳᠠᠳᠤ ᠤᠯᠤᠰ ᠤᠨ ᠬᠥᠭᠵᠢᠯᠲᠡ ᠶᠢᠨ ᠴᠢᠭᠯᠡᠯ ᠢ ᠲᠣᠳᠣᠷᠬᠠᠢ ᠵᠢᠭᠠᠵᠤ ᠂ ᠵᠢᠷᠤᠭ ᠲᠥᠰᠥᠪ ᠢ ᠲᠥᠯᠥᠪᠵᠢᠭᠦᠯᠵᠡᠢ ᠃ ᠳᠤᠮᠳᠠᠳᠤ ᠤᠯᠤᠰ ᠳᠤᠷᠠᠲᠠᠶ᠎ᠠ ᠪᠤᠢ ᠪᠦᠬᠦᠢ ᠤᠯᠤᠰ ᠲᠠᠢ ᠬᠠᠷᠢᠯᠴᠠᠨ ᠬᠦᠨᠳᠦᠳᠬᠡᠬᠦ ᠂ ᠡᠷᠬᠡ ᠲᠡᠭᠰᠢ ᠬᠠᠷᠢᠯᠴᠠᠨ ᠠᠰᠢᠭᠲᠠᠢ ᠪᠠᠶᠢᠬᠤ ᠰᠠᠭᠤᠷᠢᠨ ᠳᠡᠭᠡᠷ᠎ᠡ ᠨᠠᠶᠢᠷᠠᠮᠳᠠᠯ ᠢᠶᠠᠷ ᠵᠡᠷᠭᠡᠴᠡᠨ ᠣᠷᠣᠰᠢᠵᠤ ᠂ ᠬᠠᠮᠲᠤ ᠪᠠᠷ ᠬᠥᠭᠵᠢᠨ᠎ᠡ ᠃ ᠳᠤᠮᠳᠠᠳᠤ ᠤᠯᠤᠰ ᠨᠡᠩ ᠶᠡᠭᠡ ᠬᠡᠪᠴᠢᠶ᠎ᠡ ᠂ ᠨᠡᠩ ᠥᠷᠭᠡᠨ ᠬᠦᠷᠢᠶ᠎ᠡ ᠂ ᠨᠡᠩ ᠭᠦᠨ ᠳᠠᠪᠬᠤᠷᠭ᠎ᠠ ᠶᠢᠨ ᠭᠠᠳᠠᠭᠠᠳᠤ ᠨᠡᠭᠡᠭᠡᠯᠲᠡ ᠶᠢ ᠬᠡᠷᠡᠭᠵᠢᠭᠦᠯᠬᠦ ᠶᠢ ᠪᠠᠷᠢᠮᠲᠠᠯᠠᠵᠤ ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ ᠂ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠤ ᠮᠠᠶ᠋ᠢᠭ ᠤᠨ ᠠᠵᠤ ᠠᠬᠤᠢ ᠶᠢᠨ ᠰᠢᠨ᠎ᠡ ᠪᠠᠶᠢᠭᠤᠯᠤᠮᠵᠢ ᠶᠢ ᠪᠠᠶᠢᠭᠤᠯᠵᠤ ᠂ ᠦᠷᠭᠦᠯᠵᠢᠯᠡᠨ ᠳᠡᠯᠡᠬᠡᠢ ᠳ᠋ᠠᠬᠢᠨ ᠢᠯᠠᠩᠭᠤᠶ᠎ᠠ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠲᠠᠢ ᠳᠤᠮᠳᠠᠳᠤ ᠤᠯᠤᠰ ᠤᠨ ᠬᠥᠭᠵᠢᠯᠲᠡ ᠶᠢᠨ ᠠᠵᠠ ᠲᠣᠭᠢᠶᠠᠯ ᠢ ᠬᠤᠪᠢᠶᠠᠯᠴᠠᠨ᠎ᠠ ᠭᠡᠵᠦ ᠴᠢᠬᠤᠯᠠᠴᠢᠯᠠᠪᠠ ᠃
ᠰᠢ ᠶᠢᠨ ᠫᠢᠩ ᠶᠠᠷᠢᠶᠠᠨ ᠤ ᠪᠠᠨ ᠡᠴᠦᠰ ᠲᠤ ᠂ ᠲᠠᠢ ᠤᠯᠤᠰ ᠲᠤ ᠄ 《ᠶᠠᠮᠠᠷ ᠦᠷ᠎ᠡ ᠰᠠᠴᠤᠪᠠᠯ ᠲᠡᠢᠮᠦ ᠵᠢᠮᠢᠰ ᠬᠤᠷᠢᠶᠠᠬᠤ ᠶᠤᠮ 》ᠭᠡᠬᠦ ᠬᠡᠯᠡᠯᠭᠡ ᠪᠤᠢ ᠃ ᠪᠢᠳᠡ ᠨᠢᠭᠡᠨᠲᠡ ᠪᠦᠲ᠋ᠧᠯᠠᠵᠢᠶᠠ ᠶᠢᠨ ᠠᠯᠤᠰ ᠤᠨ ᠲᠥᠯᠥᠪ ᠤᠨ ᠦᠷ᠎ᠡ ᠶᠢ ᠬᠠᠮᠲᠤ ᠪᠠᠷ ᠰᠠᠴᠤᠪᠠ ᠂ ᠨᠠᠷᠢᠨ ᠨᠢᠮᠪᠠᠢ ᠪᠣᠶᠢᠵᠢᠭᠤᠯᠵᠤ ᠂ ᠬᠠᠮᠲᠤ ᠪᠠᠷ ᠬᠠᠮᠠᠭᠠᠯᠠᠵᠤ ᠂ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠬᠠᠮᠲᠤ ᠶᠢᠨ ᠬᠥᠭᠵᠢᠯ ᠴᠡᠴᠡᠭᠯᠡᠯ ᠤᠨ ᠴᠡᠴᠡᠭ ᠢ ᠪᠣᠶᠢᠵᠢᠭᠤᠯᠤᠶ᠎ᠠ ᠭᠡᠵᠦ ᠵᠢᠭᠠᠵᠤ ᠭᠠᠷᠭᠠᠪᠠ ︕ ᠬᠤᠷᠠᠯ ᠢ ᠪᠠ ᠢᠦᠢ ᠡᠷᠭᠢᠯᠡᠵᠥ ᠂ 《ᠨᠡᠭᠡᠭᠡᠯᠲᠡᠲᠡᠢ ᠂ ᠬᠤᠯᠪᠣᠯᠳᠤᠨ ᠨᠡᠪᠲᠡᠷᠡᠯᠴᠡᠬᠦ ᠂ ᠲᠡᠩᠴᠡᠭᠦᠷᠢᠲᠡᠢ 》ᠭᠡᠬᠦ ᠪᠠᠷ ᠭᠤᠣᠯ ᠰᠡᠳᠦᠪ ᠪᠣᠯᠭᠠᠪᠠ ᠃ 17 ᠤ ᠣᠷᠣᠢ ᠂ ᠰᠢ ᠶᠢᠨ ᠫᠢᠩ ᠬᠠᠳᠤᠨ ᠫᠧᠩ ᠯᠢ ᠶᠤᠸᠠᠨ ᠲᠠᠢ ᠪᠠᠨ ᠬᠠᠮᠲᠤ ᠠᠽᠢᠶ᠎ᠠ ᠲᠢᠪ ᠨᠣᠮᠣᠬᠠᠨ ᠲᠠᠯᠠᠢ ᠶᠢᠨ ᠣᠷᠣᠨ ᠤ ᠠᠵᠤ ᠠᠬᠤᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠬᠥᠮᠥᠰ ᠤᠨ ᠠᠯᠪᠠᠨ ᠶᠣᠰᠣᠨ ᠤ ᠪᠤᠰᠤ ᠬᠤᠷᠠᠯ ᠤᠨ ᠤᠭᠲᠤᠯᠭ᠎ᠠ ᠶᠢᠨ ᠣᠷᠣᠢ ᠶᠢᠨ ᠳᠠᠶᠢᠯᠠᠯᠭ᠎ᠠ ᠳᠤ ᠣᠷᠣᠯᠴᠠᠪᠠ ᠃
ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠪᠠ ᠃