ᠵᠤᠬᠢᠶᠠᠭᠴᠢ: ᠴᠠᠭ:2022-11-25 ᠥᠵᠡᠭᠰᠡᠨ : ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾  
ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠨᠠᠢᠮᠠᠳᠤᠭᠠᠷ ᠤᠳᠠᠭ᠎ᠠ ᠶᠢᠨ ᠬᠤᠷᠠᠯ ᠡᠬᠢᠯᠡᠪᠡ

 

2022  11 ᠳ᠋ᠦ᠋ᠭᠡᠷ ᠰᠠᠷ᠎ᠠ ᠶᠢᠨ 21 ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢᠨ ᠨᠠᠢᠮᠠᠳᠤᠭᠠᠷ ᠤᠳᠠᠭ᠎ᠠ ᠶᠢᠨ ᠬᠤᠷᠠᠯ ᠡᠬᠢᠯᠡᠭᠰᠡᠨ ᠤ ᠬᠠᠮᠲᠤ ᠠᠩᠬᠠᠳᠤᠭᠠᠷ ᠪᠥᠬᠦᠳᠡ ᠬᠤᠷᠠᠯ ᠬᠢᠪᠡ᠃

ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ  61 ᠬᠥᠮᠥᠨ ᠢᠶᠠᠷ ᠪᠦᠷᠢᠯᠳᠦᠵᠦ᠂ 40 ᠬᠥᠮᠥᠨ ᠨᠢ ᠲᠤᠬᠠᠢ ᠶᠢᠨ ᠲᠠᠯᠠᠪᠠᠢ ᠳᠤ ᠬᠤᠷᠠᠯ ᠳᠤ ᠣᠷᠣᠯᠴᠠᠵᠤ᠂ 15 ᠬᠥᠮᠥᠨ ᠨᠢ ᠸᠢᠳᠢᠤ᠋ ᠪᠠᠷ ᠬᠤᠷᠠᠯ ᠳᠤ ᠣᠷᠣᠯᠴᠠᠨ᠂ ᠲᠣᠰ ᠤᠳᠠᠭᠠᠨ ᠤ ᠬᠤᠷᠠᠯ ᠳᠤ ᠨᠡᠶᠢᠲᠡ 55 ᠬᠥᠮᠥᠨ ᠣᠷᠣᠯᠴᠠᠵᠤ᠂ ᠬᠠᠤᠯᠢ ᠳᠤ ᠲᠣᠭᠲᠠᠭᠠᠭᠰᠠᠨ ᠬᠥᠮᠥᠨ ᠤ ᠲᠤᠭ᠎ᠠ ᠳᠤ ᠨᠡᠶᠢᠴᠡᠪᠡ᠃  

ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠩᠭᠤ ᠶᠢᠨ ᠳᠡᠳ᠋ ᠡᠷᠬᠢᠯᠡᠭᠴᠢ ᠯᠢᠨ ᠱᠣᠸ ᠴᠦᠨ ᠬᠤᠷᠠᠯ ᠢ ᠡᠷᠭᠢᠯᠡᠵᠦ᠂ ᠳᠡᠳ᠋ ᠡᠷᠬᠢᠯᠡᠭᠴᠢ ᠵᠠᠩ ᠶᠤᠸᠠᠨ ᠵᠥᠩ᠂ ᠳ᠋ᠤᠸᠠᠨ ᡁᠢ ᠴᠢᠶᠠᠩ᠂ ᠾᠧ ᠶᠠᠨ ᠯᠢᠩ᠂ ᠨᠠᠷᠢᠨ ᠪᠢᠴᠢᠭ ᠤᠨ ᠳᠠᠷᠤᠭ᠎ᠠ ᠱᠢ ᠸᠧᠨ ᠰᠢᠤᠸᠠᠢ ᠵᠢᠴᠢ ᠪᠠᠶᠢᠩᠭᠤ ᠶᠢᠨ ᠬᠤᠷᠢᠶᠠᠨ ᠤ ᠭᠡᠰᠢᠭᠦᠳ ᠬᠤᠷᠠᠯ ᠳᠤ ᠣᠷᠣᠯᠴᠠᠵᠠᠢ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠴᠢ᠊ ᠪᠠᠲᠤ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ ᠶᠠᠩ ᠽᠥᠩ ᠷᠧᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠯᠢ ᠴᠢ ᠯᠢᠨ ᠬᠤᠷᠠᠯ ᠳᠤ ᠰᠤᠯᠠ ᠣᠷᠣᠯᠴᠠᠵᠠᠢ᠃ 

ᠬᠤᠷᠠᠯ ᠤᠨ ᠵᠥᠪᠯᠡᠬᠦ ᠵᠦᠢᠯ ᠢ ᠪᠠᠲᠤᠯᠠᠭᠰᠠᠨ ᠤ ᠲᠠᠷᠠᠭ᠎ᠠ᠂ ᠬᠤᠷᠠᠯ ᠠᠴᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠠ ᠂ ᠯᠢᠨ ᠱᠤᠤ ᠴᠦᠨ ᠵᠢᠯᠣᠭᠤᠳᠤᠮᠵᠢ ᠶᠢᠨ ᠮᠡᠳᠡᠭᠦᠯᠦᠯᠲᠡ ᠬᠢᠪᠡ᠃ 

ᠬᠤᠷᠠᠯ ᠠᠴᠠ ᠳ᠋ᠤᠸᠠᠨ ᡁᠢ ᠴᠢᠶᠠᠩ ᠤᠨ ᠬᠢᠭᠰᠡᠨ ᠲᠤᠰᠢᠶᠠᠯ ᠳᠤ ᠲᠣᠮᠢᠯᠠᠬᠤ ᠲᠤᠰᠢᠶᠠᠯ ᠠᠴᠠ ᠨᠢ ᠪᠠᠭᠤᠯᠭᠠᠬᠤ ᠪᠡᠷ ᠳᠡᠪᠰᠢᠭᠦᠯᠦᠭᠰᠡᠨ ᠬᠥᠮᠥᠰ ᠤᠨ ᠪᠠᠶᠢᠳᠠᠯ ᠤᠨ ᠲᠤᠬᠠᠢ ᠲᠣᠳᠣᠷᠬᠠᠶᠢᠯᠠᠯᠲᠠ ᠶᠢ ᠰᠣᠨᠣᠰᠪᠠ᠃

ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ ᠰᠠᠷᠠᠨ ᠤ ᠬᠢᠭᠰᠡᠨ 《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠰᠬᠠᠯ ᠤᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠳᠦᠷᠢᠮ ︵ᠲᠥᠰᠥᠯ︶》 ᠢ ᠬᠢᠨᠠᠨ ᠵᠥᠪᠯᠡᠭᠰᠡᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ ᠶᠢ ᠰᠣᠨᠣᠰᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠥᠪᠯᠡᠯ ᠤᠨ ᠡᠷᠬᠢᠯᠡᠭᠴᠢ ᠭᠡᠰᠢᠭᠦᠨ ᠹᠧᠩ ᠢᠦᠢ ᠵᠧᠨ ᠤ ᠬᠢᠭᠰᠡᠨ 《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠬᠠᠮᠢᠶᠠᠷᠤᠯᠲᠠ ᠶᠢᠨ ᠳᠦᠷᠢᠮ︵ᠲᠥᠰᠥᠯ︶》 ᠢ ᠬᠢᠨᠠᠨ ᠵᠥᠪᠯᠡᠭᠰᠡᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠥᠪᠯᠡᠯ ᠤᠨ ᠳᠡᠳ᠋ ᠡᠷᠬᠢᠯᠡᠭᠴᠢ ᠭᠡᠰᠢᠭᠦᠨ ᠵᠧᠩ ᠶᠢᠨ ᠴᠦᠨ ᠤ ᠬᠢᠭᠰᠡᠨ 《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠣᠯ ᠮᠥᠷᠡᠨ ᠨᠠᠭᠤᠷ ᠴᠥᠭᠦᠷᠥᠮ ᠤᠨ ᠬᠠᠮᠢᠶᠠᠷᠤᠯᠲᠠ ᠶᠢᠨ ᠳᠦᠷᠢᠮ︵ᠲᠥᠰᠥᠯ︶》《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠠᠩᠰᠠ ᠡᠪᠬᠡᠮᠡᠯ ᠤᠨ ᠳᠦᠷᠢᠮ︵ᠵᠠᠰᠠᠪᠤᠷᠢ ᠣᠷᠣᠭᠤᠯᠤᠭᠰᠠᠨ ᠲᠥᠰᠥᠯ︶》 ᠢ ᠬᠢᠨᠠᠨ ᠵᠥᠪᠯᠡᠭᠰᠡᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠢᠩᠬᠢᠮ ᠤᠨ ᠳᠠᠷᠤᠭ᠎ᠠ ᠵᠢᠦᠢ ᠱᠦ ᠸᠧᠨ ᠤ ᠬᠢᠭᠰᠡᠨ 《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯ ᠦᠭᠡᠢ ᠦᠢᠯᠡᠳᠪᠦᠷᠢᠯᠡᠯ ᠤᠨ ᠳᠦᠷᠢᠮ ︵ᠵᠠᠰᠠᠪᠤᠷᠢ ᠣᠷᠣᠭᠤᠯᠤᠭᠰᠠᠨ ᠲᠥᠰᠥᠯ︶》 ᠤᠨ ᠲᠤᠬᠠᠢ ᠲᠣᠳᠣᠷᠬᠠᠶᠢᠯᠠᠯᠲᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠰᠣᠶᠣᠯ ᠡᠷᠡᠭᠦᠯ ᠬᠠᠮᠠᠭᠠᠯᠠᠯ ᠤᠨ ᠠᠵᠢᠯ ᠤᠨ ᠵᠥᠪᠯᠡᠯ ᠤᠨ ᠳᠡᠳ᠋ ᠡᠷᠬᠢᠯᠡᠭᠴᠢ ᠰᠦ᠋ ᠰᠢᠸ ᠴᠢᠤᠸᠠᠨ ᠤ ᠬᠢᠭᠰᠡᠨ 《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠳᠦᠷᠢᠮ︵ᠵᠠᠰᠠᠪᠤᠷᠢ ᠣᠷᠣᠭᠤᠯᠤᠭᠰᠠᠨ ᠲᠥᠰᠥᠯ︶》 ᠤᠨ ᠲᠤᠬᠠᠢ ᠲᠣᠳᠣᠷᠬᠠᠶᠢᠯᠠᠯᠲᠠ᠂ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠤᠨ ᠳᠠᠷᠤᠭ᠎ᠠ ᠪᠠᠢ ᠶᠦᠩ ᠫᠢᠩ ᠤᠨ ᠬᠢᠭᠰᠡᠨ 《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠴᠠᠬᠢᠯᠭᠠᠨ ᠬᠦᠴᠦᠨ ᠤ ᠲᠥᠬᠦᠭᠡᠷᠦᠮᠵᠢ ᠶᠢᠨ ᠬᠠᠮᠠᠭᠠᠯᠠᠯᠲᠠ ᠶᠢᠨ ᠳᠦᠷᠢᠮ》 ᠵᠡᠷᠭᠡ 3 ᠬᠤᠪᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ︵ᠵᠠᠰᠠᠪᠤᠷᠢ ᠣᠷᠣᠭᠤᠯᠤᠭᠰᠠᠨ ᠡᠬᠡ ᠨᠣᠣᠷᠠᠭ︶ ᠤᠨ ᠲᠤᠬᠠᠢ ᠲᠣᠳᠣᠷᠬᠠᠶᠢᠯᠠᠯᠲᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠳ᠋ ᠤᠨ ᠵᠠᠰᠠᠭ ᠠᠵᠤ ᠠᠬᠤᠢ ᠶᠢᠨ ᠠᠵᠢᠯ ᠤᠨ ᠵᠥᠪᠯᠡᠯ ᠤᠨ ᠡᠷᠬᠢᠯᠡᠭᠴᠢ ᠱᠢ ᠵᠢᠢ ᠠᠨ ᠤ ᠬᠢᠭᠰᠡᠨ 《ᠠᠵᠤ ᠠᠬᠤᠢ ᠶᠢᠨ ᠠᠵᠢᠯ ᠳᠤ ᠬᠢᠨᠠᠯᠲᠠ ᠲᠠᠯᠪᠢᠬᠤ ᠶᠢ ᠴᠢᠩᠭᠠᠳᠬᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠣᠭᠲᠠᠭᠠᠯ ︵ᠲᠥᠰᠥᠯ︶》 ᠤᠨ ᠲᠤᠬᠠᠢ ᠲᠣᠳᠣᠷᠬᠠᠶᠢᠯᠠᠯᠲᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ ᠤᠨ ᠳᠠᠷᠤᠭ᠎ᠠ ᠵᠢᠶᠠᠩ ᠬᠤᠩ ᠤᠨ ᠬᠢᠭᠰᠡᠨ 《ᠬᠤᠷᠢᠭ᠎ᠠ ᠱᠤᠭᠤᠮ ᠢ ᠰᠠᠬᠢᠵᠤ᠂ ᠦᠨᠳᠦᠰᠦᠨ ᠵᠦᠢᠯ ᠢ ᠪᠠᠲᠤᠯᠠᠨ᠂ ᠨᠡᠶᠢᠭᠡᠮ ᠤᠨ ᠲᠡᠩᠬᠡᠷᠡᠭᠦᠯᠦᠨ ᠲᠤᠰᠠᠯᠠᠯᠲᠠ ᠶᠢ ᠴᠢᠩᠭᠠᠳᠬᠠᠬᠤ》 ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠪᠠ᠃ 

ᠬᠤᠷᠠᠯ ᠠᠴᠠ ᠪᠠᠰᠠ ᠬᠡᠰᠡᠭ ᠲᠣᠭᠤᠷᠢᠭ ᠲᠠᠢ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠵᠥᠪᠰᠢᠶᠡᠷᠡᠭᠦᠯᠬᠦ ᠪᠠᠷ ᠳᠡᠪᠰᠢᠭᠦᠯᠦᠭᠰᠡᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠲᠣᠳᠣᠷᠬᠠᠶᠢᠯᠠᠯᠲᠠ ᠶᠢ ᠬᠢᠨᠠᠨ ᠵᠥᠪᠯᠡᠵᠦ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠷᠠᠳ ᠤᠨ ᠡᠶᠡᠳᠡᠭᠦᠯᠦᠭᠡ ᠶᠢᠨ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ᠂ ᠦᠷᠡᠵᠢᠯ ᠤᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠵᠦ ᠬᠥᠮᠥᠨ ᠠᠮᠠ ᠶᠢᠨ ᠣᠷᠳᠣ ᠬᠤᠭᠤᠴᠠᠭᠠᠨ ᠤ ᠲᠡᠩᠴᠡᠭᠦᠷᠢᠲᠡᠢ ᠬᠥᠭᠵᠢᠯᠲᠡ ᠶᠢ ᠠᠬᠢᠭᠤᠯᠬᠤ ᠪᠠᠶᠢᠳᠠᠯ ᠤᠨ ᠲᠤᠬᠠᠢ ᠮᠡᠳᠡᠭᠦᠯᠦᠯᠲᠡ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠳᠠᠯ ᠤᠨ ᠲᠤᠬᠠᠢ ᠶᠡᠷᠦᠩᠬᠡᠶᠢᠯᠡᠭᠰᠡᠨ ᠮᠡᠳᠡᠭᠦᠯᠦᠯᠲᠡ᠂ 2022 ᠣᠨ ᠤ ᠡᠨᠧᠷᠭᠢ ᠠᠷᠪᠢᠯᠠᠬᠤ ᠠᠵᠢᠯ ᠤᠨ ᠪᠠᠶᠢᠳᠠᠯ ᠤᠨ ᠲᠤᠬᠠᠢ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠳᠠᠪᠰᠢᠯᠲᠠ ᠶᠢᠨ 《ᠨᠢᠭᠡ ᠬᠠᠤᠯᠢ ᠨᠢᠭᠡ ᠳᠦᠷᠢᠮ》 ᠤᠨ ᠬᠠᠤᠯᠢ ᠬᠡᠷᠡᠭᠵᠢᠭᠦᠯᠵᠦ ᠪᠠᠶᠢᠴᠠᠭᠠᠯᠲᠠ ᠬᠢᠭᠰᠡᠨ ᠮᠡᠳᠡᠭᠦᠯᠦᠯᠲᠡ ᠪᠠ ᠠᠰᠠᠭᠤᠳᠠᠯ ᠤᠨ ᠨᠠᠷᠢᠨ ᠲᠠᠩᠰᠠ ᠶᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠬᠢᠨᠠᠨ ᠵᠥᠪᠯᠡᠪᠡ᠃

ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠲᠤᠰᠬᠠᠢ ᠵᠥᠪᠯᠡᠯ ᠤᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠪᠠᠶᠢᠭᠤᠯᠤᠮᠵᠢ᠂ ᠠᠶᠢᠮᠠᠭ ᠤᠨ ᠠᠵᠢᠯ ᠤᠨ ᠵᠥᠪᠯᠡᠯ᠂ ᠡᠯ᠎ᠡ ᠲᠣᠭᠤᠷᠢᠭ ᠲᠠᠢ ᠬᠤᠲᠠ ᠪᠠ ᠥᠪᠡᠷᠲᠡᠭᠡᠨ ᠵᠠᠰᠠᠬᠤ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ ᠣᠷᠣᠯᠴᠠᠵᠠᠢ᠃

 

 


   :                    
   :           
备案序号:蒙ICP备05003250号 公安备案15010502000173