ᠵᠤᠬᠢᠶᠠᠭᠴᠢ:
ᠴᠠᠭ:2022-09-23
ᠥᠵᠡᠭᠰᠡᠨ : ℃
ᠢᠷᠡᠯᠲᠡ: 《ᠥᠪᠥᠷ ᠮᠣᠩᠭᠤᠯ ᠤᠨ ᠡᠳᠦᠷ ᠤᠨ ᠰᠣᠨᠢᠨ》
ᠸᠠᠩ ᠯᠢ ᠰᠢᠶᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠪᠠᠶᠢᠴᠠᠭᠠᠨ ᠰᠤᠳᠤᠯᠵᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠢ ᠰᠤᠳᠤᠯᠤᠨ ᠪᠠᠶᠢᠷᠢᠯᠠᠭᠤᠯᠪᠠ
2022 9 ᠰᠠᠷ᠎ᠠ ᠶᠢᠨ 20 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠳᠤ ᠪᠠᠶᠢᠴᠠᠭᠠᠨ ᠰᠤᠳᠤᠯᠤᠯᠲᠠ ᠬᠢᠵᠦ ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠬᠡᠰᠡᠭ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠠᠷᠢᠭᠤᠴᠠᠯᠭᠠᠲᠠᠨ ᠨᠥᠬᠦᠳ ᠲᠠᠢ ᠬᠠᠮᠲᠤ ᠮᠠᠨ ᠤ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢᠨ ᠠᠵᠢᠯ ᠢ ᠰᠤᠳᠤᠯᠪᠠ ᠃
ᠸᠠᠩ ᠯᠢ ᠰᠢᠶᠠ ᠬᠢᠮᠢ ᠶᠢᠨ ᠠᠵᠤ ᠦᠢᠯᠡᠳᠪᠦᠷᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠂ ᠠᠷᠠᠯᠵᠢᠶ᠎ᠠ ᠬᠤᠳᠠᠯᠳᠤᠭᠠᠨ ᠤ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠂ ᠡᠯᠧᠺᠲᠷᠣᠨ ᠮᠡᠳᠡᠭᠡ ᠵᠠᠩᠭᠢ ᠶᠢᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠭᠦᠨᠵᠡᠭᠡᠶᠢᠷᠡᠵᠦ ᠂ ᠮᠠᠨ ᠤ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠪᠠᠶᠢᠳᠠᠯ ᠢ ᠣᠶᠢᠯᠠᠭᠠᠪᠠ ᠃ ᠳᠠᠷᠠᠭ᠎ᠠ ᠨᠢ ᠂ ᠲᠡᠷᠡ 8 ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠶᠢᠨ ᠬᠠᠷᠢᠭᠤᠴᠠᠯᠭᠠᠲᠠᠨ ᠤ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ ᠃ ᠸᠠᠩ ᠯᠢ ᠰᠢᠶᠠ ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠪᠣᠯ ᠤᠯᠤᠰ ᠤᠨ ᠰᠤᠷᠭᠠᠨ ᠬᠥᠮᠦᠵᠢᠯ ᠤᠨ ᠦᠢᠯᠡᠰ ᠤᠨ ᠴᠢᠬᠤᠯᠠ ᠪᠦᠷᠢᠯᠳᠦᠭᠦᠨ ᠬᠡᠰᠡᠭ ᠮᠥᠨ ᠂ ᠠᠵᠤ ᠠᠬᠤᠢ ᠨᠡᠶᠢᠭᠡᠮ ᠤᠨ ᠬᠥᠭᠵᠢᠯᠲᠡ ᠪᠣᠯᠣᠨ ᠭᠦᠳᠡᠯᠮᠦᠷᠢ ᠠᠵᠢᠯ ᠣᠯᠭᠤᠯᠲᠠ ᠶᠢ ᠠᠬᠢᠭᠤᠯᠬᠤ ᠴᠢᠬᠤᠯᠠ ᠠᠷᠭ᠎ᠠ ᠵᠠᠮ ᠮᠥᠨ ᠃ ᠮᠠᠨ ᠤ ᠣᠷᠣᠨ ᠤ ᠤᠳᠤ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢ ᠠᠬᠢᠭᠤᠯᠬᠤ ᠳᠤ ᠲᠡᠷᠢᠭᠦᠨ ᠤ ᠬᠢ ᠪᠠᠷ ᠪᠠᠷᠢᠮᠵᠢᠶ᠎ᠠ ᠪᠤᠯᠭᠠᠵᠤ ᠂ ᠰᠢᠯᠢᠳᠡᠭ ᠰᠣᠳᠣᠨ ᠢᠶᠠᠷ ᠪᠠᠷᠢᠮᠵᠢᠶᠠᠯᠠᠵᠤ ᠂ ᠡᠬᠢ ᠪᠠᠶᠠᠯᠢᠭ ᠤᠨ ᠬᠦᠴᠦᠨ ᠢᠶᠠᠨ ᠲᠥᠪᠯᠡᠷᠡᠭᠦᠯᠦᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠨᠠᠷᠢᠯᠢᠭᠵᠢᠭᠤᠯᠵᠤ ᠰᠢᠯᠢᠳᠡᠭᠵᠢᠭᠦᠯᠦᠨ ᠬᠦᠴᠦᠷᠬᠡᠭᠵᠢᠭᠦᠯᠬᠦ ᠶᠢ ᠳᠡᠮᠵᠢᠭᠦ ᠬᠡᠷᠡᠭᠲᠡᠢ ᠃ ᠥᠪᠡᠷᠮᠢᠴᠡ ᠣᠨᠴᠠᠯᠢᠭ ᠲᠠᠢ ᠂ ᠥᠨᠳᠥᠷ ᠲᠦᠪᠰᠢᠨ ᠲᠠᠢ ᠡᠷᠭᠢᠯᠡᠵᠤ ᠂ 《 ᠬᠤᠶᠠᠷ ᠬᠠᠯᠬᠠᠪᠴᠢ 》《 ᠬᠤᠶᠠᠷ ᠰᠠᠭᠤᠷᠢᠨ 》 ᠪᠣᠯᠣᠨ 《 ᠨᠢᠭᠡ ᠪᠠᠬᠢᠯᠡᠯᠲᠡ 》 ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠶᠢ ᠨᠠᠶᠢᠳᠠᠪᠤᠷᠢᠵᠢᠭᠤᠯᠬᠤ ᠶᠢᠨ ᠲᠣᠭᠤᠷᠢᠨ ᠳᠤ ᠲᠤᠰᠬᠠᠢ ᠮᠡᠷᠭᠡᠵᠢᠯ ᠨᠡᠭᠡᠭᠡᠵᠦ ᠂ ᠰᠣᠳᠣᠨ ᠡᠭᠦᠳᠦᠯᠲᠡ ᠶᠢ ᠪᠦᠲᠦᠭᠡᠬᠦ ᠬᠡᠷᠡᠭᠲᠡᠢ ᠃ ᠵᠠᠬ᠎ᠠ ᠳᠡᠯᠭᠡᠭᠦᠷ ᠲᠤ ᠬᠠᠨᠳᠤᠭᠤᠯᠤᠨ ᠂ ᠠᠵᠢᠯ ᠣᠯᠭᠤᠯᠲᠠ ᠳᠤ ᠬᠠᠨᠳᠤᠭᠤᠯᠵᠤ ᠂ ᠰᠤᠷᠤᠬᠴᠢᠳ ᠤᠨ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠵᠦ ᠂ ᠠᠵᠤ ᠠᠬᠤᠶᠢᠯᠠᠯ ᠳᠤ ᠬᠡᠷᠡᠭᠴᠡᠭᠡ ᠲᠠᠢ ᠴᠢᠳᠠᠪᠤᠷᠢᠲᠠᠨ ᠢ ᠬᠥᠮᠥᠵᠢᠭᠦᠯᠬᠦ ᠬᠡᠷᠡᠭᠲᠡᠢ ᠃ ᠪᠠᠭᠰᠢ ᠶᠢᠨ ᠡᠩᠨᠡᠭᠡ ᠶᠢ ᠪᠠᠶᠢᠭᠤᠯᠤᠨ ᠬᠦᠴᠦᠷᠬᠡᠭᠵᠢᠭᠦᠯᠵᠦ ᠂ 《 ᠬᠤᠣᠰ ᠮᠡᠷᠭᠡᠵᠢᠯ ᠲᠠᠢ 》 ᠪᠠᠭᠰᠢ ᠶᠢᠨ ᠡᠩᠨᠡᠭᠡ ᠶᠢ ᠶᠡᠭᠡ ᠪᠠᠷ ᠪᠠᠶᠢᠭᠤᠯᠵᠤ ᠂ ᠪᠠᠭᠰᠢ ᠶᠢᠨ ᠠᠵᠢᠯ ᠮᠡᠷᠭᠡᠵᠢᠯ ᠤᠨ ᠬᠡᠪ ᠪᠣᠯᠪᠠᠰᠤᠷᠠᠯ ᠪᠣᠯᠣᠨ ᠵᠢᠭᠠᠨ ᠰᠤᠷᠭᠠᠯᠲᠠ ᠶᠢᠨ ᠴᠢᠳᠠᠪᠤᠷᠢ ᠶᠢ ᠦᠷᠭᠦᠯᠵᠢᠯᠡᠨ ᠳᠡᠭᠡᠭᠰᠢᠯᠡᠭᠦᠯᠭᠦ ᠬᠡᠷᠡᠭᠲᠡᠢ ᠃ ᠪᠠᠲᠤᠯᠠᠭ᠎ᠠ ᠶᠢ ᠴᠢᠩᠭᠠᠷᠠᠭᠤᠯᠤᠨ ᠂ ᠣᠷᠣᠭᠤᠯᠤᠯᠲᠠ ᠶᠢ ᠴᠢᠩᠭᠠᠷᠠᠭᠤᠯᠵᠤ ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢ ᠳᠡᠮᠵᠢᠭᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ ᠃ ᠤᠬᠠᠭᠤᠯᠭ᠎ᠠ ᠪᠠᠨ ᠴᠢᠩᠭᠠᠳᠬᠠᠵᠤ ᠂ ᠬᠥᠲᠥᠯᠥᠨ ᠵᠢᠯᠤᠭᠤᠳᠬᠤ ᠪᠠᠨ ᠴᠢᠩᠭᠠᠳᠬᠠᠵᠤ ᠂ ᠨᠡᠶᠢᠭᠡᠮ ᠳᠠᠶᠠᠭᠠᠷ ᠲᠤ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠬᠠᠮᠲᠤ ᠪᠠᠷ ᠬᠠᠯᠠᠮᠵᠢᠯᠠᠬᠤ ᠂ ᠥᠷᠭᠡᠨ ᠢᠶᠠᠷ ᠳᠡᠮᠵᠢᠭᠦ ᠂ ᠢᠳᠡᠪᠬᠢᠲᠡᠢ ᠣᠷᠤᠯᠴᠠᠬᠤ ᠠᠭᠤᠷ ᠠᠮᠢᠰᠬᠤᠯ ᠢ ᠪᠤᠶ ᠪᠤᠯᠭᠠᠵᠤ ᠂ ᠮᠠᠨ ᠤ ᠣᠷᠣᠨ ᠤ ᠣᠲᠣ ᠦᠶ᠎ᠡ ᠶᠢᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠬᠡᠯᠡᠪᠡ ᠃
ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠪᠦᠦ ᠰᠢᠶᠠᠨ ᠬᠤᠸᠠ ᠪᠠᠶᠢᠴᠠᠭᠠᠨ ᠰᠤᠳᠤᠯᠬᠤ ᠳᠤ ᠣᠷᠣᠯᠴᠠᠬᠰᠠᠨ ᠪᠥᠭᠡᠳ ᠶᠠᠷᠢᠯᠴᠠᠬᠤ ᠬᠤᠷᠠᠯ ᠳᠤ ᠣᠷᠣᠯᠴᠠᠵᠠᠢ ᠃