ᠵᠤᠬᠢᠶᠠᠭᠴᠢ: ᠴᠠᠭ:2022-09-23 ᠥᠵᠡᠭᠰᠡᠨ : ᠢᠷᠡᠯᠲᠡ: ᠥᠪᠥᠷ ᠮᠣᠩᠭᠤᠯ ᠤᠨ     ᠵᠠᠰᠠᠭ ᠤᠨ ᠣᠷᠳᠣᠨ  
ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ

 

ᠰᠢᠨᠬᠤᠸᠠ ᠬᠤᠷᠢᠶᠠᠨ ᠤ ᠪᠡᠭᠡᠵᠢᠩ ᠤᠨ 2022  9  ᠰᠠᠷ᠎ᠠ ᠶᠢᠨ 22 ᠤᠨ ᠡᠳᠦᠷ ᠤᠨ ᠴᠠᠬᠢᠯᠭᠠᠨ ᠮᠡᠳᠡᠭᠡ   ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 2022  9  ᠰᠠᠷ᠎ᠠ ᠶᠢᠨ 21  ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠦᠷᠦ ᠶᠢᠨ ᠶᠠᠪᠤᠳᠠᠯ ᠤᠨ ᠬᠤᠷᠢᠶᠠᠨ ᠤ ᠶᠢᠰᠦᠳᠦᠭᠡᠷ ᠤᠳᠠᠭ᠎ᠠ ᠶᠢᠨ ᠶᠡᠭᠡ ᠱᠠᠯᠠᠪᠳᠠᠭᠤᠯᠤᠨ ᠪᠠᠶᠢᠴᠠᠭᠠᠯᠲᠠ ᠶᠢᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠵᠤ ᠠᠬᠤᠢ ᠶᠢᠨ ᠲᠣᠭᠲᠠᠭᠤᠨ ᠢᠶᠠᠷ ᠥᠭᠡᠳᠡᠯᠡᠨ ᠳᠠᠪᠰᠢᠬᠤ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ︔ 《ᠨᠢᠭᠡ ᠶᠠᠪᠤᠳᠠᠯ ᠢ ᠨᠢᠭᠡ ᠯᠡ ᠤᠳᠠᠭ᠎ᠠ ᠳᠤ ᠭᠦᠢᠴᠡᠳᠬᠡᠬᠦ》 ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠭᠦᠨᠵᠡᠭᠡᠢ ᠠᠬᠢᠭᠤᠯᠵᠤ᠂ ᠠᠵᠤ ᠠᠬᠤᠶᠢᠯᠠᠯ ᠪᠠ ᠤᠯᠠᠨ ᠲᠦᠮᠡᠨ ᠳᠤ ᠨᠡᠩ ᠲᠦᠭᠦᠮ ᠦᠵᠡᠭᠦᠯᠬᠦ ᠪᠠᠷ ᠲᠣᠭᠲᠠᠭᠠᠪᠠ︔ ᠵᠠᠮ ᠬᠠᠷᠢᠯᠴᠠᠭ᠎ᠠ ᠡᠳ᠋ ᠪᠠᠷᠠᠭᠠᠨ ᠤ ᠭᠦᠢᠯᠭᠡᠭᠡ ᠶᠢᠨ ᠰᠠᠭᠠᠳ ᠦᠭᠡᠢ ᠨᠡᠪᠲᠡᠷᠡᠬᠦ ᠶᠢ ᠴᠢᠩᠭᠠᠷᠠᠭᠤᠯᠬᠤ ᠪᠠ ᠬᠤᠯᠪᠣᠭᠳᠠᠯ ᠪᠦᠬᠦᠢ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠬᠦᠴᠢᠷᠳᠡᠯ ᠢ ᠰᠢᠢᠳᠪᠦᠷᠢᠯᠡᠬᠦ ᠶᠢ ᠳᠡᠮᠵᠢᠬᠦ ᠲᠦᠷᠦ ᠶᠢᠨ ᠪᠣᠳᠣᠯᠭ᠎ᠠ ᠪᠠᠷ ᠠᠵᠤ ᠠᠬᠤᠢ ᠶᠢᠨ ᠲᠣᠭᠲᠠᠪᠤᠷᠢᠲᠠᠢ ᠠᠵᠢᠯᠯᠠᠭᠠᠨ ᠢ ᠲᠤᠯᠭᠠᠭᠤᠷᠢᠯᠠᠬᠤ ᠪᠠᠷ ᠲᠣᠭᠲᠠᠭᠠᠪᠠ︔ 《ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ︵ᠵᠠᠰᠠᠪᠤᠷᠢ ᠣᠷᠣᠭᠤᠯᠤᠭᠰᠠᠨ ᠲᠥᠰᠥᠯ︶》 ᠶᠢ ᠪᠠᠲᠤᠯᠠᠪᠠ᠃

ᠬᠤᠷᠠᠯ ᠠᠴᠠ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠲᠣᠭᠤᠷᠢᠨ ᠳᠤ᠂ ᠣᠶᠢᠷ᠎ᠠ ᠶᠢᠨ ᠬᠤᠭᠤᠴᠠᠭᠠᠨ ᠳᠤ ᠲᠦᠷᠦ ᠶᠢᠨ ᠶᠠᠪᠤᠳᠠᠯ ᠤᠨ ᠬᠤᠷᠢᠶ᠎ᠠ ᠠᠴᠠ ᠬᠡᠰᠡᠭ ᠭᠠᠵᠠᠷ ᠣᠷᠣᠨ ᠳᠤ ᠶᠢᠰᠦᠳᠦᠭᠡᠷ ᠤᠳᠠᠭ᠎ᠠ ᠶᠢᠨ ᠶᠡᠭᠡ ᠱᠠᠯᠠᠪᠳᠠᠭᠤᠯᠤᠨ ᠪᠠᠶᠢᠴᠠᠭᠠᠯᠲᠠ ᠶᠢ ᠥᠷᠨᠢᠭᠦᠯᠪᠡ᠃ ᠣᠷᠣᠨ ᠨᠤᠲᠤᠭ ᠤᠨ ᠠᠵᠤ ᠠᠬᠤᠢ ᠶᠢ ᠲᠣᠭᠲᠠᠪᠤᠷᠢᠵᠢᠭᠤᠯᠬᠤ᠂ ᠠᠷᠠᠳ ᠤᠨ ᠠᠮᠢᠳᠤᠷᠠᠯ ᠢ ᠪᠠᠲᠤᠯᠠᠬᠤ ᠶᠢ ᠬᠦᠴᠦ ᠲᠠᠯᠪᠢᠨ ᠬᠢᠨᠠᠨ ᠵᠢᠯᠤᠭᠤᠳᠤᠭᠰᠠᠨ ᠪᠠ ᠪᠠᠶᠢᠴᠠᠭᠠᠵᠤ᠂ ᠣᠷᠣᠨ ᠨᠤᠲᠤᠭ ᠤᠨ ᠲᠤᠰᠬᠠᠭᠰᠠᠨ ᠨᠢᠭᠡ ᠪᠦᠯᠦᠭ ᠪᠣᠳᠠᠲᠠᠢ ᠬᠦᠴᠢᠷᠳᠡᠯ ᠢ ᠰᠢᠢᠳᠪᠦᠷᠢᠯᠡᠬᠦ ᠶᠢ ᠠᠬᠢᠭᠤᠯᠪᠠ︔ ᠭᠤᠣᠯᠳᠠᠭᠤ ᠳᠠᠯᠳᠠᠭᠤᠷ ᠪᠠᠶᠢᠴᠠᠭᠠᠬᠤ ᠵᠡᠷᠭᠡ ᠠᠷᠭ᠎ᠠ ᠬᠡᠯᠪᠡᠷᠢ ᠶᠢ ᠠᠪᠴᠤ᠂ ᠱᠠᠯᠠᠪᠳᠠᠭᠤᠯᠤᠨ ᠪᠠᠶᠢᠴᠠᠭᠠᠬᠤ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠪᠡ᠃ ᠲᠠᠷᠠᠭᠠᠴᠢ ᠶᠢᠨ ᠠᠯᠬᠤᠮ ᠳᠤ ᠠᠰᠠᠭᠤᠳᠠᠯ ᠤᠨ ᠨᠠᠷᠢᠨ ᠲᠠᠩᠰᠠ ᠶᠢ ᠣᠷᠣᠨ ᠨᠤᠲᠤᠭ ᠪᠠ ᠰᠠᠯᠠᠭ᠎ᠠ ᠮᠥᠴᠢᠷ ᠲᠤ ᠳᠠᠮᠵᠢᠭᠤᠯᠵᠤ᠂ ᠨᠢᠭᠡ ᠠᠴᠠ ᠭᠤᠷᠪᠠ ᠶᠢ ᠵᠦᠢᠴᠢᠯᠡᠨ ᠴᠡᠭᠴᠡᠯᠡᠨ ᠰᠠᠶᠢᠵᠢᠷᠠᠭᠤᠯᠤᠨ᠎ᠠ᠃ ᠠᠵᠤ ᠠᠬᠤᠢ ᠶᠢᠨ ᠶᠡᠭᠡ ᠪᠠᠶᠢᠳᠠᠯ ᠢ ᠲᠣᠭᠲᠠᠭᠤᠨ ᠪᠠᠶᠢᠯᠭᠠᠬᠤ ᠡᠯ᠎ᠡ ᠬᠢᠨᠠᠨ ᠵᠢᠯᠣᠭᠤᠳᠤᠯᠭ᠎ᠠ ᠪᠠ ᠦᠢᠯᠡᠴᠢᠯᠡᠭᠡᠨ ᠤ ᠠᠵᠢᠯ ᠤᠨ ᠳᠤᠭᠤᠶᠢᠯᠠᠩ ᠤᠳ 《ᠹᠷᠣᠨᠲ ᠳᠡᠭᠡᠷ᠎ᠡ ᠠᠵᠢᠯᠯᠠᠬᠤ》 ᠪᠠᠶᠢᠳᠠᠯ ᠢᠶᠠᠨ ᠪᠠᠲᠤᠯᠠᠵᠤ᠂ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠯᠤᠭ᠎ᠠ ᠬᠠᠷᠢᠯᠴᠠᠨ ᠵᠣᠯᠭᠠᠭᠤᠯᠵᠤ᠂ ᠠᠰᠠᠭᠤᠳᠠᠯ ᠢ ᠦᠷᠭᠦᠯᠵᠢᠯᠡᠨ ᠵᠣᠬᠢᠴᠠᠭᠤᠯᠤᠨ ᠰᠢᠢᠳᠪᠦᠷᠢᠯᠡᠵᠦ᠂ ᠡᠳ᠋ ᠤᠨ ᠵᠠᠰᠠᠭ ᠭᠠᠶᠢᠯᠢ ᠮᠥᠩᠭᠦᠨ ᠭᠦᠢᠯᠭᠡᠭᠡᠨ ᠢᠶᠠᠷ ᠳᠡᠮᠵᠢᠬᠦ ᠰᠠᠭᠤᠷᠢ ᠪᠡᠯᠡᠳᠬᠡᠮᠵᠢ ᠶᠢᠨ ᠭᠤᠣᠯᠳᠠᠯᠭ᠎ᠠ ᠲᠠᠢ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ᠂ ᠲᠣᠨᠤᠭ ᠲᠥᠬᠦᠭᠡᠷᠦᠮᠵᠢ ᠶᠢ ᠰᠢᠨᠡᠳᠬᠡᠨ ᠥᠭᠡᠷᠡᠴᠢᠯᠡᠬᠦ ᠵᠡᠷᠭᠡ ᠪᠡᠯᠡ ᠣᠷᠣᠭᠤᠯᠤᠯᠲᠠ ᠶᠢ ᠥᠷᠭᠡᠳᠬᠡᠨ ᠬᠡᠷᠡᠭᠯᠡᠭᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠶᠢ ᠭᠤᠣᠯᠳᠠᠯᠭ᠎ᠠ ᠲᠠᠢ ᠠᠬᠢᠭᠤᠯᠬᠤ ᠬᠡᠷᠡᠭᠲᠡᠢ᠃ ᠡᠯ᠎ᠡ ᠭᠠᠵᠠᠷ ᠤᠳ ᠠᠵᠤ ᠠᠬᠤᠢ ᠶᠢ ᠲᠣᠭᠲᠠᠪᠤᠷᠢᠵᠢᠭᠤᠯᠵᠤ ᠠᠷᠠᠳ ᠤᠨ ᠠᠮᠢᠳᠤᠷᠠᠯ ᠢ ᠪᠠᠲᠤᠯᠠᠬᠤ ᠬᠠᠷᠢᠭᠤᠴᠠᠯᠭ᠎ᠠ ᠶᠢ ᠡᠭᠦᠷᠭᠡᠯᠡᠵᠦ᠂ ᠠᠵᠤ ᠠᠬᠤᠢ ᠶᠢᠨ ᠪᠠᠭᠲᠠᠭᠠᠮᠵᠢ ᠪᠠᠷ ᠶᠡᠭᠡ ᠮᠤᠵᠢ ᠣᠷᠣᠨ ᠨᠤᠭᠤᠳ ᠭᠤᠣᠯ ᠡᠭᠦᠷᠭᠡ ᠶᠢ ᠡᠭᠦᠷᠭᠡᠯᠡᠨ᠂ ᠬᠠᠮᠲᠤ ᠪᠠᠷ ᠴᠢᠷᠮᠠᠶᠢᠵᠤ ᠪᠠᠶᠢᠭᠠᠳ ᠠᠵᠤ ᠠᠬᠤᠢ ᠠᠵᠤ ᠠᠬᠤᠶᠢᠯᠠᠯ ᠤᠨ ᠲᠣᠭᠲᠠᠭᠤᠨ ᠤ ᠰᠠᠭᠤᠷᠢ ᠶᠢ ᠪᠠᠬᠢᠵᠢᠭᠦᠯᠵᠦ᠂ ᠲᠣᠭᠲᠠᠭᠤᠨ ᠢᠶᠠᠷ ᠥᠭᠡᠳᠡᠯᠡᠨ ᠲᠠᠪᠰᠢᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠠᠢ᠃

《ᠲᠠᠯᠪᠢᠬᠤ ᠬᠠᠮᠢᠶᠠᠷᠬᠤ ᠦᠢᠯᠡᠴᠢᠯᠡᠬᠦ》 ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠷ᠎ᠡ ᠪᠦᠲᠦᠮᠵᠢ ᠪᠠ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠤᠰᠠᠳᠠ᠂ ᠬᠤᠷᠠᠯ ᠠᠴᠠ᠂ ᠠᠵᠤ ᠠᠬᠤᠶᠢᠯᠠᠯ ᠪᠣᠯᠣᠨ ᠣᠯᠠᠨ ᠲᠦᠮᠡᠨ ᠤ ᠪᠣᠳᠠᠲᠠᠢ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠤᠨ ᠨᠡᠭᠡᠭᠡᠨ ᠡᠷᠬᠢᠯᠡᠬᠦ ᠠᠴᠠ ᠠᠪᠤᠭᠠᠳ ᠬᠦᠴᠦᠨ ᠦᠭᠡᠢ ᠪᠣᠯᠭᠠᠬᠤ᠂ ᠬᠤᠪᠢ ᠬᠥᠮᠥᠨ ᠤ ᠲᠥᠷᠥᠭᠰᠡᠨ ᠠᠴᠠ ᠠᠪᠤᠭᠠᠳ ᠨᠠᠰᠤᠨ ᠪᠠᠷᠠᠭᠰᠠᠨ ᠤ ᠬᠤᠶᠢᠨᠠᠬᠢ ᠶᠠᠪᠤᠳᠠᠯ ᠬᠦᠷᠲᠡᠯᠡᠬᠢ ᠴᠢᠬᠤᠯᠠ ᠱᠠᠲᠤ ᠦᠶ᠎ᠡ ᠶᠢᠨ ᠲᠣᠭᠤᠷᠢᠨ ᠳᠤ᠂ ᠬᠤᠯᠪᠣᠭᠳᠠᠬᠤ ᠬᠡᠪᠴᠢᠶ᠎ᠡ ᠨᠢ ᠥᠷᠭᠡᠨ᠂ ᠭᠦᠢᠴᠡᠳᠬᠡᠬᠦ ᠬᠡᠮᠵᠢᠶ᠎ᠡ ᠨᠢ ᠶᠡᠭᠡ᠂ ᠭᠦᠢᠴᠡᠳᠬᠡᠬᠦ ᠳᠠᠪᠲᠠᠮᠵᠢ ᠨᠢ ᠥᠨᠳᠥᠷ᠂ ᠭᠦᠢᠴᠡᠳᠬᠡᠬᠦ ᠴᠠᠭ ᠨᠢ ᠬᠠᠷᠢᠴᠠᠩᠭᠤᠢ ᠪᠠᠷ ᠲᠥᠪᠯᠡᠷᠡᠭᠰᠡᠨ ᠵᠠᠰᠠᠭ ᠤᠨ ᠶᠠᠪᠤᠳᠠᠯ ᠤᠨ ᠦᠢᠯᠡᠴᠢᠯᠡᠭᠡ ᠳᠤ ᠨᠠᠷᠢᠨ ᠳᠠᠩᠰᠠ ᠪᠠᠶᠢᠭᠤᠯᠵᠤ᠂ ᠠᠷᠤ ᠡᠩᠨᠡᠭᠡᠨ ᠳᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠠᠴᠠ ᠬᠤᠯᠪᠣᠭᠳᠠᠭᠰᠠᠨ ᠭᠠᠭᠴᠠ ᠵᠦᠢᠯ ᠤᠨ ᠤᠴᠢᠷ ᠶᠠᠪᠤᠳᠠᠯ ᠢ ᠨᠢᠭᠡᠳᠬᠡᠨ᠂ ᠡᠮᠦᠨ᠎ᠡ ᠡᠩᠨᠡᠭᠡᠨ ᠳᠤ ᠤᠴᠢᠷ ᠶᠠᠪᠤᠳᠠᠯ ᠢ ᠭᠦᠢᠴᠡᠳᠬᠡᠬᠦ ᠳᠤ 《ᠤᠯᠠᠨ ᠭᠠᠵᠠᠷ ᠤᠯᠠᠨ ᠴᠣᠩᠬᠤᠪᠴᠢ ᠤᠯᠠᠨ ᠤᠳᠠᠭ᠎ᠠ ᠭᠦᠢᠴᠡᠳᠬᠡᠬᠦ》 ᠪᠠᠶᠢᠭᠰᠠᠨ ᠢ 《ᠨᠢᠭᠡ ᠯᠡ ᠭᠠᠵᠠᠷ ᠨᠢᠭᠡ ᠯᠡ ᠴᠣᠩᠬᠤᠪᠴᠢ ᠨᠢᠭᠡ ᠯᠡ ᠤᠳᠠᠭ᠎ᠠ ᠳᠤ ᠭᠦᠢᠴᠡᠳᠬᠡᠬᠦ》 ᠪᠣᠯᠭᠠᠨ ᠬᠤᠪᠢᠷᠠᠭᠤᠯᠵᠤ᠂ ᠠᠵᠤ ᠠᠬᠤᠶᠢᠯᠠᠯ ᠪᠠ ᠤᠯᠠᠨ ᠲᠦᠮᠡᠨ ᠤ ᠤᠴᠢᠷ ᠶᠠᠪᠤᠳᠠᠯ ᠢ ᠭᠦᠢᠴᠡᠳᠬᠡᠬᠦ ᠳᠤ ᠳᠤᠲᠠᠭᠤ ᠭᠦᠶᠦᠯᠭᠡᠬᠦ ᠬᠡᠷᠡᠭᠲᠡᠢ᠃ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠪᠣᠯ᠂ ᠠᠵᠤ ᠠᠬᠤᠶᠢᠯᠠᠯ ᠨᠡᠭᠡᠭᠡᠨ ᠡᠷᠬᠢᠯᠡᠬᠦ᠂ ᠠᠵᠤ ᠠᠬᠤᠶᠢᠯᠠᠯ ᠡᠵᠡᠩᠨᠡᠬᠦ ᠶᠢ ᠵᠥᠪᠰᠢᠶᠡᠷᠡᠬᠦ᠂ ᠠᠵᠢᠯᠲᠠᠨ ᠡᠯᠰᠡᠨ ᠬᠡᠷᠡᠭᠯᠡᠬᠦ᠂ ᠠᠵᠤ ᠠᠬᠤᠶᠢᠯᠠᠯ ᠳᠤ ᠬᠤᠯᠪᠣᠭᠳᠠᠬᠤ ᠦᠯᠦ ᠬᠥᠳᠡᠯᠬᠦ ᠬᠥᠷᠥᠩᠭᠡ ᠶᠢ ᠳᠠᠩᠰᠠᠯᠠᠬᠤ᠂ ᠠᠵᠤ ᠠᠬᠤᠶᠢᠯᠠᠯ ᠢ ᠳᠦᠭᠦᠮᠬᠡᠨ ᠢᠶᠠᠷ ᠬᠦᠴᠦᠨ ᠦᠭᠡᠢ ᠪᠣᠯᠭᠠᠬᠤ 5 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠢᠭᠡ ᠯᠡ ᠤᠳᠠᠭ᠎ᠠ ᠳᠤ ᠭᠦᠢᠴᠡᠳᠬᠡᠬᠦ ᠶᠢ ᠪᠡᠶᠡᠯᠡᠭᠦᠯᠵᠦ᠂ ᠳᠦᠷᠢᠮ ᠤᠨ ᠴᠢᠨᠠᠷᠲᠠᠢ ᠠᠷᠠᠯᠵᠢᠶᠠᠨ ᠤ ᠥᠪᠡᠷ ᠤᠨ ᠦᠷᠳᠡᠭ ᠢ ᠪᠠᠭᠤᠷᠠᠭᠤᠯᠵᠤ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠣᠶᠢᠵᠢᠭᠤᠯᠤᠨ ᠪᠤᠵᠠᠭᠠᠶᠢᠷᠠᠭᠤᠯᠬᠤ ᠬᠡᠷᠡᠭᠲᠡᠢ᠂ ᠡᠨᠡ ᠨᠢ ᠪᠠᠰᠠ ᠦᠢᠯᠡᠳᠪᠦᠷᠢᠯᠡᠯ ᠤᠨ ᠬᠦᠴᠦᠨ ᠢ ᠴᠢᠯᠦᠭᠡᠯᠡᠨ ᠬᠥᠭᠵᠢᠭᠦᠯᠵᠦ᠂ ᠰᠢᠨ᠎ᠡ ᠨᠢᠭᠡ ᠡᠭᠡᠯᠵᠢ ᠶᠢᠨ ᠠᠵᠤ ᠠᠬᠤᠢ ᠶᠢᠨ ᠪᠠᠭᠤᠷᠠᠯᠲᠠ ᠶᠢᠨ ᠳᠠᠷᠤᠯᠲᠠ ᠶᠢ ᠠᠷᠭᠠᠴᠠᠭᠠᠬᠤ ᠳᠤ ᠠᠰᠢᠭᠲᠠᠢ ᠶᠤᠮ᠃ ᠬᠤᠪᠢ ᠬᠥᠮᠥᠨ ᠳᠤ ᠪᠣᠯ᠂ ᠰᠠᠶ᠋ᠢ ᠲᠥᠷᠥᠭᠰᠡᠨ ᠬᠡᠦᠬᠡᠳ ᠲᠤ ᠬᠤᠯᠪᠣᠭᠳᠠᠭᠰᠠᠨ ᠶᠠᠪᠤᠳᠠᠯ᠂ ᠠᠮᠢᠳᠤᠯᠢᠭ ᠢᠶᠠᠷ ᠠᠵᠢᠯ ᠣᠯᠭᠤᠬᠤ᠂ ᠠᠷᠠᠳ ᠢᠷᠭᠡᠳ ᠤᠨ ᠤᠷᠤᠭ ᠬᠥᠩᠭᠡᠵᠢᠯ᠂ ᠵᠡᠮᠳᠡᠭᠴᠦᠳ ᠢ ᠲᠡᠳᠬᠦᠨ ᠬᠦᠴᠢᠷᠳᠡᠯᠲᠡᠢ ᠶᠢ ᠲᠤᠰᠠᠯᠠᠬᠤ᠂ ᠴᠡᠷᠢᠭ ᠠᠴᠠ ᠬᠠᠯᠠᠭᠳᠠᠬᠤ᠂ ᠭᠠᠷ ᠳᠠᠮᠵᠢᠭᠰᠠᠨ ᠭᠡᠷ ᠪᠠᠶᠢᠰᠢᠩ ᠢ ᠰᠢᠯᠵᠢᠭᠦᠯᠦᠨ ᠳᠠᠩᠰᠠᠯᠠᠬᠤ ᠵᠢᠴᠢ ᠤᠰᠤ ᠴᠠᠬᠢᠯᠭᠠᠨ ᠬᠡᠢ ᠶᠢ ᠬᠤᠯᠪᠣᠯᠳᠤᠭᠤᠯᠤᠨ ᠡᠷᠦᠬᠡ ᠰᠢᠯᠵᠢᠭᠦᠯᠬᠦ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠠᠵᠢᠯ ᠠᠴᠠ ᠪᠠᠨ ᠠᠮᠠᠷᠠᠬᠤ᠂ ᠠᠷᠠᠳ ᠢᠷᠭᠡᠳ ᠤᠨ ᠨᠠᠰᠤ ᠪᠠᠷᠠᠭᠰᠠᠨ ᠤ ᠬᠤᠶᠢᠨᠠᠬᠢ ᠶᠠᠪᠤᠳᠠᠯ ᠵᠡᠷᠭᠡ 8 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠢᠭᠡ ᠯᠡ ᠤᠳᠠᠭ᠎ᠠ ᠳᠤ ᠭᠦᠢᠴᠡᠳᠬᠡᠬᠦ ᠶᠢ ᠪᠡᠶᠡᠯᠡᠭᠦᠯᠵᠦ᠂ ᠣᠯᠠᠨ ᠲᠦᠮᠡᠨ ᠤ ᠬᠦᠰᠡᠯ ᠡᠷᠡᠮᠡᠯᠵᠡᠯ ᠢ ᠨᠠᠩ ᠰᠠᠶᠢᠨ ᠬᠠᠩᠭᠠᠵᠤ᠂ ᠣᠯᠠᠨ ᠲᠦᠮᠡᠨ ᠳᠤ ᠲᠥᠬᠦᠮ ᠦᠵᠡᠭᠦᠯᠬᠦ ᠬᠡᠷᠡᠭᠲᠡᠢ᠃ ᠵᠢᠯ ᠤᠨ ᠡᠴᠦᠰ ᠠᠴᠠ ᠡᠮᠦᠨ᠎ᠡ ᠡᠯ᠎ᠡ ᠭᠠᠵᠠᠷ ᠡᠳᠡᠭᠡᠷ ᠪᠦᠬᠦᠨ ᠢ ᠪᠡᠶᠡᠯᠡᠭᠦᠯᠬᠦ ᠬᠡᠷᠡᠭᠲᠡᠢ᠂ ᠪᠣᠳᠠᠲᠠᠶᠢᠵᠢᠭᠤᠯᠤᠭᠰᠠᠨ ᠦᠭᠡᠢ ᠶᠢ ᠨᠢ ᠵᠠᠷᠯᠠᠨ ᠮᠡᠳᠡᠭᠳᠡᠵᠦ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ ᠭᠡᠵᠦ ᠲᠣᠭᠲᠠᠭᠠᠵᠠᠢ᠃

ᠬᠤᠷᠠᠯ ᠠᠴᠠ ᠵᠢᠭᠠᠵᠤ ᠭᠠᠷᠭᠠᠭᠰᠠᠨ ᠨᠢ᠂ ᠵᠠᠮ ᠬᠠᠷᠢᠯᠴᠠᠭ᠎ᠠ ᠡᠳ᠋ ᠪᠠᠷᠠᠭᠠᠨ ᠤ ᠭᠦᠢᠯᠭᠡᠭᠡ ᠪᠣᠯ ᠵᠠᠬ᠎ᠠ ᠳᠡᠯᠭᠡᠭᠦᠷ ᠤᠨ ᠠᠵᠤ ᠠᠬᠤᠢ ᠶᠢᠨ ᠠᠮᠢᠨ ᠰᠤᠳᠠᠰᠤ ᠮᠥᠨ᠂ ᠦᠷᠭᠦᠯᠵᠢᠯᠡᠨ ᠰᠠᠭᠠᠳ ᠦᠭᠡᠢ ᠨᠡᠪᠲᠡᠷᠡᠬᠦ ᠶᠢ ᠪᠠᠲᠤᠯᠠᠬᠤ ᠶᠢᠨ ᠬᠠᠮᠲᠤ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠬᠤ ᠬᠡᠷᠡᠭᠲᠡᠢ᠃ ᠨᠢᠭᠡ ᠳᠤ᠂ ᠭᠠᠷᠠᠮ᠂ ᠪᠠᠷᠠᠭᠠᠨ ᠤ ᠦᠷᠳᠡᠭᠡ ᠵᠡᠷᠭᠡ ᠶᠢᠨ ᠬᠡᠪ ᠤᠨ ᠠᠵᠢᠯᠯᠠᠭᠠᠨ ᠪᠠ ᠭᠤᠣᠯ ᠵᠠᠮ᠂ ᠰᠠᠯᠪᠤᠷᠢ ᠵᠠᠮ ᠤᠨ ᠰᠠᠭᠠᠳ ᠦᠭᠡᠢ ᠨᠡᠪᠲᠡᠷᠡᠬᠦ ᠶᠢ ᠪᠦᠬᠦ ᠬᠦᠴᠦᠨ ᠢᠶᠠᠷ ᠢᠶᠠᠨ ᠪᠠᠲᠤᠯᠠᠵᠤ᠂ ᠱᠠᠲᠤ ᠱᠠᠲᠤ ᠪᠠᠷ ᠡᠭᠦᠷᠭᠡ ᠨᠡᠮᠡᠬᠦ᠂ ᠨᠢᠭᠡ ᠯᠡ ᠪᠠᠷᠢᠮᠵᠢᠶ᠎ᠠ ᠪᠠᠷ ᠱᠠᠭᠠᠷᠳᠠᠬᠤ ᠶᠢ ᠰᠡᠷᠭᠡᠶᠢᠯᠡᠬᠦ ᠬᠡᠷᠡᠭᠲᠡᠢ᠃ ᠬᠤᠶᠠᠷ ᠲᠤ᠂ ᠳᠥᠷᠪᠡᠳᠦᠭᠡᠷ ᠤᠯᠠᠷᠢᠯ ᠳᠤ᠂ ᠰᠦᠢᠳᠬᠡᠯ ᠬᠤᠷᠢᠶᠠᠬᠤ ᠵᠠᠰᠠᠮᠠᠯ ᠵᠠᠮ ᠤᠨ ᠪᠠᠷᠠᠭᠠᠨ ᠤ ᠲᠡᠷᠭᠡ ᠶᠢᠨ ᠨᠡᠪᠲᠡᠷᠡᠬᠦ ᠰᠦᠢᠳᠬᠡᠯ ᠢ 10% ᠪᠠᠷ ᠬᠠᠰᠤᠵᠤ ᠬᠡᠯᠲᠦᠷᠢᠭᠦᠯᠬᠦ ᠶᠢᠨ ᠬᠠᠮᠲᠤ ᠰᠦᠢᠳᠬᠡᠯ ᠬᠤᠷᠢᠶᠠᠬᠤ ᠵᠠᠰᠠᠮᠠᠯ ᠵᠠᠮ ᠤᠨ ᠡᠵᠡᠩᠨᠡᠯᠲᠡ ᠶᠢᠨ ᠭᠤᠣᠯ ᠴᠣᠭᠴᠠ ᠳᠤ ᠬᠠᠨᠳᠤᠯᠭᠠᠲᠤ ᠴᠢᠨᠠᠷᠲᠠᠢ ᠮᠥᠩᠭᠦᠨ ᠭᠦᠢᠯᠭᠡᠭᠡᠨ ᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠵᠦ᠂ ᠪᠡᠯᠡ ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠨᠢ ᠵᠣᠬᠢᠰᠲᠠᠢ ᠪᠠᠷ ᠪᠠᠭᠤᠷᠠᠭᠤᠯᠬᠤ ᠬᠡᠷᠡᠭᠲᠡᠢ᠃ ᠭᠤᠷᠪᠠ ᠳᠤ᠂ ᠳᠥᠷᠪᠡᠳᠦᠭᠡᠷ ᠤᠯᠠᠷᠢᠯ ᠳᠤ ᠵᠠᠰᠠᠭ ᠤᠨ ᠣᠷᠳᠣᠨ ᠠᠴᠠ ᠦᠨ᠎ᠡ ᠲᠣᠭᠲᠠᠭᠠᠭᠰᠠᠨ ᠪᠠᠷᠠᠭᠠᠨ ᠤ ᠭᠠᠷᠠᠮ ᠤᠨ ᠶᠠᠪᠤᠳᠠᠯ ᠤᠨ ᠵᠠᠷᠤᠳᠠᠯ ᠤᠨ ᠪᠠᠷᠢᠮᠵᠢᠶ᠎ᠠ ᠶᠢ 20%  ᠪᠠᠷ ᠪᠠᠭᠤᠷᠠᠭᠤᠯᠬᠤ ᠬᠡᠷᠡᠭᠲᠡᠢ᠃ ᠳᠥᠷᠪᠡ ᠳᠤ᠂ 1000 ᠳ᠋ᠦᠩᠰᠢᠭᠤᠷ ᠲᠥᠭᠦᠷᠢᠭ ᠤᠨ ᠵᠠᠮ ᠬᠠᠷᠢᠯᠴᠠᠭ᠎ᠠ ᠡᠳ᠋ ᠪᠠᠷᠠᠭᠠᠨ ᠤ ᠭᠦᠢᠯᠭᠡᠭᠡᠨ ᠤ ᠲᠤᠰᠬᠠᠢ ᠵᠦᠢᠯ ᠤᠨ ᠳᠠᠬᠢᠨ ᠵᠢᠭᠡᠯᠡᠯᠭᠡ ᠶᠢ ᠰᠠᠶᠢᠲᠤᠷ ᠬᠡᠷᠡᠭᠯᠡᠵᠦ᠂ ᠪᠠᠷᠠᠭᠠᠨ ᠤ ᠲᠡᠭᠡᠭᠡᠪᠦᠷᠢ ᠶᠢᠨ ᠠᠵᠤ ᠠᠬᠤᠶᠢᠯᠠᠯ ᠪᠣᠯᠣᠨ ᠵᠢᠯᠣᠭᠤᠴᠢ ᠨᠠᠷ ᠤᠨ ᠬᠦᠴᠢᠷᠳᠡᠯ ᠢ ᠰᠢᠢᠳᠪᠦᠷᠢᠯᠡᠬᠦ ᠳᠤ ᠳᠡᠮᠵᠢᠬᠦ ᠬᠡᠷᠡᠭᠲᠡᠢ᠃

ᠬᠤᠷᠠᠯ ᠠᠴᠠ ᠵᠢᠭᠠᠵᠤ ᠭᠠᠷᠭᠠᠭᠰᠠᠨ ᠨᠢ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠢᠩᠭᠠᠳᠬᠠᠨ᠂ ᠡᠷᠬᠡ ᠪᠠᠨ ᠳᠤᠷ᠎ᠠ ᠪᠠᠷ ᠢᠶᠠᠨ ᠬᠡᠷᠡᠭᠯᠡᠵᠦ ᠪᠣᠯᠬᠤ ᠦᠭᠡᠢ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠪᠣᠯ ᠵᠠᠰᠠᠭ ᠤᠨ ᠣᠷᠳᠣᠨ ᠤ ᠰᠢᠰᠲ᠋ᠧᠮ ᠤᠨ ᠥᠪᠡᠷ ᠤᠨ ᠠᠯᠳᠠᠭ᠎ᠠ ᠪᠠᠨ ᠥᠪᠡᠷᠲᠡᠭᠡᠨ ᠵᠠᠯᠠᠷᠠᠭᠤᠯᠬᠤ ᠬᠢᠨᠠᠯᠲᠠ ᠲᠠᠯᠪᠢᠬᠤ ᠳᠦᠷᠢᠮ ᠪᠣᠯᠣᠨ᠎ᠠ᠂ ᠲᠡᠷᠡ ᠨᠢ ᠬᠠᠤᠯᠢ ᠠᠴᠠ ᠵᠥᠷᠢᠴᠡᠭᠰᠡᠨ ᠪᠤᠶᠤ ᠵᠣᠬᠢᠰ ᠦᠭᠡᠢ ᠵᠠᠰᠠᠭ ᠵᠠᠬᠢᠷᠭᠠᠨ ᠤ ᠦᠶᠯᠡ ᠠᠵᠢᠯᠯᠠᠭ᠎ᠠ ᠶᠢ ᠰᠡᠷᠭᠡᠶᠢᠯᠡᠬᠦ ᠪᠠ ᠵᠠᠯᠠᠷᠠᠭᠤᠯᠬᠤ ᠳᠤ ᠠᠰᠢᠭᠲᠠᠢ ᠶᠤᠮ᠂ 《ᠠᠷᠠᠳ ᠨᠣᠶᠠᠨ ᠢᠶᠠᠨ ᠵᠠᠭᠠᠯᠳᠤᠬᠤ》 ᠵᠠᠰᠠᠭ ᠵᠠᠬᠢᠷᠭᠠᠨ ᠤ ᠮᠠᠷᠭᠤᠯᠳᠤᠭᠠᠨ ᠢ ᠰᠢᠢᠳᠪᠦᠷᠢᠯᠡᠬᠦ ᠲᠡᠳᠬᠦᠮᠵᠢ ᠶᠢᠨ ᠳᠦᠷᠢᠮ ᠮᠦᠨ᠂ ᠡᠨᠡ ᠨᠢ ᠠᠷᠠᠳ ᠢᠷᠭᠡᠨ᠂ ᠬᠠᠤᠯᠢ ᠶᠢᠨ ᠡᠷᠬᠡᠲᠡᠨ ᠵᠡᠷᠭᠡ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠳᠤ ᠠᠰᠢᠭᠲᠠᠢ ᠶᠤᠮ᠃ ᠬᠤᠷᠠᠯ ᠠᠴᠠ 《ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠬᠢᠨ ᠵᠦᠪᠯᠡᠬᠦ ᠬᠠᠤᠯᠢ ︵ᠵᠠᠰᠠᠪᠤᠷᠢ ᠣᠷᠣᠭᠤᠯᠤᠭᠰᠠᠨ ᠲᠥᠰᠥᠯ︶》 ᠶᠢ ᠪᠠᠲᠤᠯᠠᠪᠠ᠃ ᠲᠥᠰᠥᠯ ᠳᠤ ᠠᠷᠠᠳ ᠤᠨ ᠲᠥᠯᠥᠭᠡ ᠳᠠᠬᠢᠨ ᠵᠥᠪᠯᠡᠬᠦ ᠶᠢ ᠪᠠᠷᠢᠮᠲᠠᠯᠠᠵᠤ᠂ ᠬᠡᠷᠡᠭ ᠭᠥᠯᠢᠶᠡᠨ ᠠᠪᠬᠤ ᠬᠡᠪᠴᠢᠶ᠎ᠡ ᠶᠢ ᠥᠷᠭᠡᠳᠬᠡᠬᠦ᠂ ᠬᠡᠷᠡᠭ ᠰᠢᠢᠳᠪᠦᠷᠢᠯᠡᠬᠦ ᠶᠠᠰᠤ ᠴᠢᠨᠠᠷ ᠢ ᠳᠡᠭᠡᠭᠰᠢᠯᠡᠭᠦᠯᠬᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠠᠴᠠ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠶᠢ ᠴᠢᠩᠭᠠᠳᠬᠠᠬᠤ ᠵᠡᠷᠭᠡ ᠲᠠᠯ᠎ᠠ ᠪᠠᠷ ᠨᠠᠩ ᠲᠣᠳᠣᠷᠬᠠᠢ ᠲᠣᠭᠲᠠᠭᠠᠯ ᠭᠠᠷᠭᠠᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠳᠤ ᠣᠯᠠᠨ ᠨᠡᠶᠢᠲᠡ ᠶᠢᠨ ᠢᠲᠡᠭᠡᠭᠦᠯᠬᠦ ᠬᠦᠴᠦᠨ ᠢ ᠳᠡᠭᠡᠭᠰᠢᠯᠡᠭᠦᠯᠵᠦ᠂ ᠵᠠᠰᠠᠭ ᠵᠠᠬᠢᠷᠭᠠᠨ ᠤ ᠮᠠᠷᠭᠤᠯᠳᠤᠭᠠᠨ ᠢ ᠰᠢᠢᠳᠪᠦᠷᠢᠯᠡᠬᠦ ᠭᠤᠣᠯ ᠠᠷᠭ᠎ᠠ ᠵᠠᠮ ᠪᠣᠯᠭᠠᠪᠠ᠃ ᠬᠤᠷᠠᠯ ᠠᠴᠠ ᠲᠥᠰᠥᠯ ᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠳᠤ ᠳᠡᠪᠰᠢᠭᠦᠯᠵᠦ ᠬᠢᠨᠡᠨ ᠵᠥᠪᠯᠡᠭᠦᠯᠬᠦ ᠪᠠᠷ ᠲᠣᠭᠲᠠᠪᠠ᠃

 

 


   :                    
   :           
备案序号:蒙ICP备05003250号 公安备案15010502000173