ᠵᠤᠬᠢᠶᠠᠭᠴᠢ: ᠴᠠᠭ:2022-09-23 ᠥᠵᠡᠭᠰᠡᠨ : ᠢᠷᠡᠯᠲᠡ:  《ᠥᠪᠥᠷ ᠮᠣᠩᠭᠤᠯ ᠤᠨ ᠡᠳᠦᠷ ᠤᠨ ᠰᠣᠨᠢᠨ》  
ᠰᠢ ᠶᠢᠨ ᠫᠢᠩ ︽ᠰᠡᠷᠭᠦᠨ ᠮᠠᠨᠳᠤᠯᠲᠠ ᠵᠤᠬᠢᠶᠠᠯ ᠤᠨ ᠬᠥᠮᠥᠷᠭᠡ︾ ᠳᠤ ᠣᠷᠣᠰᠢᠯ ᠪᠢᠴᠢᠵᠦ ᠦᠭᠴᠤ ᠴᠢᠬᠤᠯᠠᠴᠢᠯᠠᠭᠰᠠᠨ ᠨᠢ ᠲᠡᠦᠬᠡ ᠪᠠᠷ ᠲᠣᠯᠢ ᠪᠣᠯᠭᠠᠵᠤ ᠥᠩᠭᠡᠷᠡᠭᠰᠡᠨ ᠢ ᠠᠵᠢᠬᠯᠠᠵᠦ ᠢᠷᠡᠭᠡᠳᠦᠢ ᠶᠢ ᠮᠡᠳᠡᠵᠦ ᠰᠡᠷᠭᠦᠨ ᠮᠠᠨᠳᠤᠯᠲᠠ ᠶᠢᠨ ᠵᠠᠮ ᠢᠶᠠᠷ ᠡᠷᠡᠰ ᠪᠠᠲᠤ ᠤᠷᠤᠭᠰᠢᠯᠠᠬᠤ ᠬᠡᠷᠡᠭᠲᠡᠢ

 

ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ ᠤᠢᠢᠷ᠎ᠠ ᠳᠤ ᠬᠡᠪᠯᠡᠭᠦᠯᠦᠨ ᠲᠠᠷᠬᠠᠭᠠᠬᠤ ᠪᠠᠷ ᠪᠠᠶᠢᠭ᠎ᠠ 《ᠰᠡᠷᠭᠦᠨ ᠮᠠᠨᠳᠤᠯᠲᠠ ᠵᠤᠬᠢᠶᠠᠯ ᠤᠨ ᠬᠥᠮᠥᠷᠭᠡ》 ᠳᠤ 《ᠰᠡᠷᠭᠦᠨ ᠮᠠᠨᠳᠤᠯᠲᠠ ᠶᠢᠨ ᠵᠠᠮ ᠢᠶᠠᠷ ᠡᠷᠡᠰ ᠪᠠᠲᠤ ᠤᠷᠤᠭᠰᠢᠯᠠᠶ᠎ᠠ》 ᠭᠡᠬᠦ ᠰᠡᠳᠦᠪ ᠲᠠᠢ ᠣᠷᠣᠰᠢᠯ ᠪᠢᠴᠢᠵᠦ ᠥᠭᠪᠡ᠃

ᠰᠢ ᠶᠢᠨ ᠫᠢᠩ᠂ ᠲᠡᠦᠬᠡ ᠰᠤᠳᠤᠷ ᠢ ᠪᠢᠴᠢᠵᠦ᠂ ᠲᠡᠦᠭᠡᠨ ᠮᠠᠲ᠋ᠧᠷᠢᠶᠠᠯ ᠠᠴᠠ ᠰᠡᠩᠬᠡᠷᠡᠭᠦᠯᠦᠯ ᠤᠯᠵᠦ᠂ ᠰᠣᠶᠣᠯ ᠢᠶᠠᠷ ᠬᠥᠮᠦᠨ ᠢ ᠤᠬᠠᠭᠠᠷᠠᠭᠤᠯᠬᠤ ᠪᠣᠯ ᠳᠤᠮᠳᠠᠳᠤ ᠶᠢᠨ ᠦᠨᠳᠦᠰᠦᠲᠡᠨ ᠤ ᠬᠡᠳᠦᠨ ᠮᠢᠩᠭᠠᠨ ᠵᠢᠯ ᠦᠷᠭᠦᠯᠵᠢᠯᠡᠭᠰᠡᠨ ᠤᠯᠠᠮᠵᠢᠯᠠᠯ ᠪᠣᠯᠤᠨ᠎ᠠ᠃ 《ᠰᠡᠷᠭᠦᠨ ᠮᠠᠨᠳᠤᠯᠲᠠ ᠵᠤᠬᠢᠶᠠᠯ ᠤᠨ ᠬᠥᠮᠥᠷᠭᠡ》 ᠶᠢ ᠨᠠᠶᠢᠷᠠᠭᠤᠯᠬᠤ ᠪᠣᠯ ᠨᠠᠮ ᠤᠨ ᠲᠥᠪ ᠬᠤᠷᠢᠶᠠᠨ ᠠᠴᠠ ᠵᠥᠪᠰᠢᠶᠡᠷᠡᠨ ᠬᠡᠷᠡᠭᠵᠢᠭᠦᠯᠦᠭᠰᠡᠨ ᠴᠢᠬᠤᠯᠠ ᠶᠡᠭᠡ ᠰᠣᠶᠣᠯ ᠤᠨ ᠢᠨᠵᠧᠨᠧᠷᠢᠩ ᠪᠣᠯᠤᠨ᠎ᠠ᠃ ᠮᠠᠨ ᠤ ᠨᠠᠮ ᠠᠷᠠᠳ ᠲᠦᠮᠡᠨ ᠢ ᠳᠠᠭᠠᠭᠤᠯᠤᠨ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠳᠤ ᠮᠣᠷᠳᠠᠬᠤ ᠲᠠᠰᠢᠷᠠᠮ ᠳᠤ᠂ ᠡᠨᠡ ᠬᠦ ᠰᠤᠳᠤᠷ ᠪᠢᠴᠢᠭ ᠢ ᠬᠡᠪᠯᠡᠭᠦᠯᠬᠦ ᠨᠢ ᠪᠢᠳᠡᠨ ᠤ ᠲᠡᠦᠬᠡ ᠶᠢᠨ ᠢᠲᠡᠭᠡᠯ ᠢᠶᠠᠨ ᠪᠠᠲᠤᠳᠬᠠᠬᠤ᠂ ᠴᠠᠭ ᠦᠶ᠎ᠡ ᠶᠢᠨ ᠶᠡᠭᠡ ᠬᠠᠨᠳᠤᠰᠢ ᠶᠢ ᠡᠵᠡᠮᠳᠡᠬᠦ᠂ ᠳᠤᠮᠳᠠᠳᠤ ᠤᠯᠤᠰ ᠤᠨ ᠵᠠᠮ ᠢᠶᠠᠷ ᠰᠠᠶᠢᠲᠤᠷ ᠵᠠᠮᠨᠠᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠠᠬᠢᠭᠤᠯᠬᠤ ᠳᠤ ᠲᠤᠶᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ ᠭᠡᠵᠦ ᠵᠢᠭᠠᠵᠤ ᠭᠠᠷᠭᠠᠪᠠ᠃       

ᠰᠢ ᠶᠢᠨ ᠫᠢᠩ᠂ ᠳᠤᠮᠳᠠᠳᠤ ᠶᠢᠨ ᠦᠨᠳᠦᠰᠦᠲᠡᠨ ᠪᠣᠯ ᠳᠡᠯᠡᠬᠡᠢ ᠳᠡᠭᠡᠷᠡᠬᠢ ᠠᠭᠤᠤ ᠶᠡᠭᠡ ᠦᠨᠳᠦᠰᠦᠲᠡᠨ ᠮᠥᠨ᠂ ᠬᠥᠮᠦᠨ ᠲᠥᠷᠥᠯᠬᠢᠲᠡᠨ ᠤ ᠪᠣᠯᠪᠠᠰᠤᠨ ᠤ ᠲᠠᠪᠰᠢᠯᠳᠠ ᠳᠤ ᠪᠠᠯᠠᠷᠠᠰᠢ ᠦᠭᠡᠢ ᠬᠤᠪᠢ ᠨᠡᠮᠡᠷᠢ ᠦᠵᠡᠭᠦᠯᠪᠡ᠃ ᠣᠷᠴᠢᠨ ᠦᠶ᠎ᠡ ᠠᠴᠠ ᠨᠠᠭᠠᠰᠢ᠂ ᠳᠤᠮᠳᠠᠳᠤ ᠶᠢᠨ ᠦᠨᠳᠦᠰᠦᠲᠡᠨ ᠤᠷᠢᠳ ᠡᠮᠦᠨ᠎ᠡ ᠪᠠᠶᠢᠭ᠎ᠠ ᠦᠭᠡᠢ ᠭᠠᠢ ᠵᠣᠪᠠᠯᠠᠩ ᠳᠤ ᠤᠴᠠᠷᠠᠪᠠ᠃ ᠲᠡᠷᠡ ᠦᠶ᠎ᠡ ᠠᠴᠠ ᠡᠬᠢᠯᠡᠨ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠨᠢ ᠳᠤᠮᠳᠠᠳᠤ ᠤᠯᠤᠰ ᠤᠨ ᠠᠷᠠᠳ ᠲᠦᠮᠡᠨ ᠪᠣᠯᠤᠨ ᠳᠤᠮᠳᠠᠳᠤ ᠶᠢᠨ ᠦᠨᠳᠦᠰᠦᠲᠡᠨ ᠤ ᠬᠠᠮᠤᠭ ᠤᠨ ᠠᠭᠤᠤ ᠶᠡᠭᠡ ᠬᠦᠰᠡᠯ ᠵᠡᠭᠦᠳᠦ ᠪᠣᠯᠵᠠᠢ᠃ ᠲᠤᠭ᠎ᠠ ᠲᠣᠮᠰᠢ ᠦᠭᠡᠢ ᠴᠢᠩ ᠵᠤᠷᠢᠬᠳᠠᠨ ᠴᠥᠬᠦᠷᠡᠰᠢ ᠦᠭᠡᠢ ᠲᠡᠮᠡᠴᠡᠵᠦ᠂ ᠬᠠᠶᠢᠨ ᠰᠦᠪᠡᠭᠴᠢᠯᠡᠵᠦ᠂ ᠲᠡᠮᠡᠤᠯᠦᠨ ᠤᠷᠤᠭᠰᠢᠯᠠᠵᠤ ᠤᠷᠢᠶᠠᠯᠠᠨ ᠬᠠᠰᠭᠢᠷᠴᠤ᠂ ᠡᠷᠡᠯᠬᠡᠭᠯᠡᠨ ᠪᠣᠰᠴᠤ ᠡᠰᠡᠷᠭᠦᠴᠡᠨ ᠲᠡᠮᠡᠴᠡᠪᠡ᠃ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠤ ᠳᠠᠷᠠᠭ᠎ᠠ᠂ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠡᠮᠦᠨᠡᠬᠢ ᠨᠢ ᠤᠨᠠᠪᠠᠯ ᠬᠤᠶᠢᠨᠠᠬᠢ ᠨᠢ ᠵᠠᠯᠭᠠᠮᠵᠢᠯᠠᠵᠤ᠂ ᠰᠢᠷᠭᠠᠭᠤ ᠬᠠᠲᠠᠭᠤᠵᠢᠯᠲᠠᠢ ᠭᠠᠷᠮᠠᠭᠠᠢ ᠲᠡᠮᠡᠴᠡᠯ ᠬᠢᠵᠦ᠂ ᠮᠠᠷᠺᠰ ᠤᠨ ᠦᠵᠡᠯ ᠤᠨ ᠵᠢᠯᠣᠭᠤᠳᠬᠤ ᠪᠠᠶᠢᠷᠢ ᠰᠠᠭᠤᠷᠢ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠵᠥᠪ ᠵᠠᠮ ᠢ ᠡᠷᠢᠨ ᠣᠯᠵᠤ᠂ ᠬᠤᠪᠢᠰᠬᠠᠯ᠂ ᠪᠦᠲᠦᠭᠡᠨ ᠪᠠᠶᠢᠭᠤᠯᠤᠯᠲᠠ᠂ ᠥᠭᠡᠷᠡᠴᠢᠯᠡᠯᠲᠡ ᠶᠢᠨ ᠡᠯ᠎ᠡ ᠲᠡᠦᠬᠡᠨ ᠴᠠᠭ ᠦᠶ᠎ᠡ ᠶᠢᠨ ᠴᠥᠬᠦᠷᠡᠰᠢ ᠦᠭᠡᠢ ᠴᠢᠷᠮᠠᠶᠢᠯᠭ᠎ᠠ ᠪᠠᠷ ᠳᠠᠮᠵᠢᠨ᠂ ᠪᠣᠰᠴᠤ ᠵᠣᠭᠰᠣᠭᠰᠠᠨ᠂ ᠪᠠᠶᠠᠵᠢᠭᠰᠠᠨ ᠠᠴᠠ ᠪᠠᠨ ᠬᠦᠴᠦᠷᠬᠡᠭᠵᠢᠭᠰᠡᠨ ᠠᠭᠤᠤ ᠶᠡᠭᠡ ᠦᠰᠦᠷᠦᠯᠲᠡ ᠶᠢ ᠤᠭᠲᠤᠵᠤ᠂ ᠳᠤᠮᠳᠠᠳᠤ ᠶᠢᠨ ᠦᠨᠳᠦᠰᠦᠲᠡᠨ ᠤ ᠬᠥᠭᠵᠢᠯᠲᠡ ᠶᠢᠨ ᠶᠠᠪᠤᠴᠠ ᠳᠠᠬᠢ ᠬᠠᠮᠤᠭ ᠤᠨ ᠰᠦᠷ ᠳᠠᠯᠠᠶᠢᠴᠠᠲᠠᠢ ᠲᠡᠦᠬᠡᠨ ᠬᠠᠭᠤᠳᠠᠰᠤ ᠶᠢ ᠪᠢᠴᠢᠭᠯᠡᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠳᠤ ᠤᠷᠢᠳ ᠡᠮᠦᠨ᠎ᠡ ᠪᠠᠶᠢᠭ᠎ᠠ ᠦᠭᠡᠢ ᠭᠡᠭᠡᠨ ᠰᠠᠷᠠᠭᠤᠯ ᠢᠷᠡᠭᠡᠳᠦᠢ ᠲᠠᠢ ᠪᠣᠯᠵᠠᠢ᠃ ᠳᠤᠮᠳᠠᠳᠤ ᠤᠯᠤᠰ ᠤᠨ ᠡᠪ ᠬᠠᠮᠲᠤ ᠨᠠᠮ ᠤᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠰᠢᠨᠵᠢᠯᠡᠬᠦ ᠤᠬᠠᠭᠠᠨᠴᠢ ᠤᠨᠤᠯ ᠤᠨ ᠵᠢᠯᠤᠭᠤᠳᠤᠯᠭ᠎ᠠ ᠪᠣᠯᠤᠨ ᠵᠥᠪ ᠵᠠᠮ ᠤᠨ ᠵᠢᠯᠤᠭᠤᠳᠤᠯᠭ᠎ᠠ ᠶᠢ ᠪᠠᠷᠢᠮᠲᠠᠯᠠᠵᠤ᠂ ᠲᠦᠭ ᠲᠦᠮᠡᠨ ᠠᠷᠠᠳ ᠲᠦᠮᠡᠨ ᠤ ᠪᠦᠯᠬᠦᠮᠳᠡᠨ ᠲᠡᠮᠡᠴᠡᠬᠦ ᠰᠦᠷ ᠳᠠᠯᠠᠶᠢᠴᠠᠲᠠᠢ ᠬᠦᠴᠦᠨ ᠢ ᠨᠢᠭᠲᠠᠷᠠᠭᠤᠯᠪᠠᠯ ᠳᠤᠮᠳᠠᠳᠤ ᠤᠯᠤᠰ ᠤᠨ ᠠᠷᠠᠳ ᠲᠦᠮᠡᠨ ᠳᠠᠷᠤᠢ ᠳᠤᠮᠳᠠᠳᠤ ᠤᠯᠤᠰ ᠤᠨ ᠬᠥᠭᠵᠢᠯᠲᠡ ᠲᠠᠪᠰᠢᠯᠳᠠ ᠶᠢᠨ ᠬᠤᠪᠢ ᠵᠠᠶᠠᠭ᠎ᠠ ᠶᠢ ᠥᠪᠡᠷ ᠤᠨ ᠭᠠᠷ ᠲᠠᠭᠠᠨ ᠪᠠᠲᠤ ᠡᠵᠡᠮᠳᠡᠵᠦ ᠴᠢᠳᠠᠨ᠎ᠠ ᠭᠡᠳᠡᠭ ᠢ ᠲᠡᠦᠬᠡ ᠨᠢᠭᠡᠨᠲᠡ ᠭᠡᠷᠡᠴᠢᠯᠡᠭᠰᠡᠨ ᠪᠥᠭᠡᠳ ᠦᠷᠭᠦᠯᠵᠢᠯᠡᠨ ᠭᠡᠷᠡᠴᠢᠯᠡᠬᠦ ᠪᠣᠯᠤᠨ᠎ᠠ︕ ᠭᠡᠵᠦ ᠴᠢᠬᠤᠯᠠᠴᠢᠯᠠᠪᠠ᠃       

ᠰᠢ ᠶᠢᠨ ᠫᠢᠩ᠂ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠲᠡᠦᠬᠡᠨ ᠠᠬᠢᠴᠠ ᠳᠤᠮᠳᠠ᠂ ᠦᠶ᠎ᠡ ᠦᠶ᠎ᠡ ᠶᠢᠨ ᠳᠤᠮᠳᠠᠳᠤ ᠶᠢᠨ ᠦᠨᠳᠦᠰᠦᠲᠡᠨ ᠤ ᠲᠡᠷᠢᠭᠦᠨ ᠤ ᠬᠥᠮᠦᠰ ᠪᠣᠯᠤᠨ ᠰᠢᠯᠢᠳᠡᠭ ᠬᠥᠪᠡᠭᠦᠳ ᠥᠬᠢᠳ ᠤᠨ ᠬᠠᠶᠢᠨ ᠰᠦᠪᠡᠭᠴᠢᠯᠡᠯᠳᠡ᠂ ᠲᠡᠮᠡᠴᠡᠯ᠂ ᠦᠷᠡᠭᠳᠡᠯ᠂ ᠡᠭᠦᠳᠦᠯᠲᠡ ᠨᠢ ᠶᠡᠭᠡ ᠬᠡᠮᠵᠢᠶᠡᠨ ᠤ ᠴᠢᠬᠤᠯᠠ ᠲᠡᠦᠬᠡᠨ ᠦᠨ᠎ᠡ ᠦᠷᠳᠡᠭ ᠪᠠ ᠴᠠᠭ ᠦᠶ᠎ᠡ ᠶᠢᠨ ᠠᠴᠢ ᠬᠤᠯᠪᠣᠭᠳᠠᠯ ᠲᠠᠢ ᠬᠤᠪᠣᠷ ᠨᠠᠨᠳᠢᠨ ᠲᠤᠯᠭᠤᠷ ᠪᠢᠴᠢᠭ ᠢ ᠦᠯᠡᠳᠡᠭᠡᠵᠡᠢ᠃ 《ᠰᠡᠷᠭᠦᠨ ᠮᠠᠨᠳᠤᠯᠲᠠ ᠵᠤᠬᠢᠶᠠᠯ ᠤᠨ ᠬᠥᠮᠥᠷᠭᠡ》 ᠭᠡᠬᠦ ᠲᠤᠮᠤ ᠬᠡᠯᠪᠡᠷᠢ ᠶᠢᠨ ᠲᠡᠦᠬᠡᠨ ᠲᠤᠯᠭᠤᠷ ᠪᠢᠴᠢᠭ ᠤᠨ ᠴᠤᠪᠤᠷᠠᠯ ᠪᠢᠴᠢᠭ ᠢ ᠨᠠᠶᠢᠷᠠᠭᠤᠯᠤᠨ ᠬᠡᠪᠯᠡᠭᠦᠯᠬᠦ ᠭᠡᠵᠦ ᠪᠠᠶᠢᠭ᠎ᠠ ᠨᠢ ᠳᠠᠷᠤᠢ ᠤᠢᠢᠷ᠎ᠠ ᠦᠶ᠎ᠡ ᠠᠴᠠ ᠨᠠᠭᠠᠰᠢᠬᠢ ᠴᠢᠬᠤᠯᠠ ᠦᠵᠡᠯ ᠰᠠᠨᠠᠭᠠᠨ ᠤ ᠲᠤᠯᠭᠤᠷ ᠪᠢᠴᠢᠭ ᠤᠨ ᠰᠣᠩᠭᠤᠮᠠᠯ ᠢᠶᠠᠷ ᠲᠠᠮᠵᠢᠨ᠂ ᠤᠷᠢᠳᠤᠬᠢ ᠬᠥᠮᠦᠰ ᠤᠨ ᠨᠡᠭᠡᠭᠡᠯᠳᠡ ᠶᠢ ᠬᠦᠦᠷᠨᠢᠨ᠂ ᠢᠷᠡᠬᠦ ᠬᠦᠮᠦᠰ ᠤᠨ ᠲᠡᠮᠡᠴᠡᠯ ᠢ ᠰᠡᠩᠭᠡᠷᠡᠭᠦᠯᠬᠦ ᠪᠣᠯᠤᠨ᠎ᠠ᠃ ᠣᠳᠣᠬᠠᠨ ᠳᠤ ᠳᠡᠯᠡᠬᠡᠢ ᠳ᠋ᠠᠬᠢᠨ ᠳᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ ᠲᠦᠷᠭᠡᠰᠴᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠵᠠᠩᠭᠢᠯᠠᠭ᠎ᠠ ᠶᠢᠨ ᠴᠠᠭ ᠦᠶ᠎ᠡ ᠳᠤ ᠣᠷᠣᠵᠤ᠂ ᠪᠢᠳᠡᠡ ᠤ ᠲᠡᠦᠬᠡ ᠪᠠᠷ ᠲᠤᠯᠢ ᠪᠣᠯᠭᠠᠵᠤ᠂ ᠥᠩᠭᠡᠷᠡᠭᠰᠡᠨ ᠢ ᠠᠵᠢᠬᠯᠠᠵᠤ ᠢᠷᠡᠭᠡᠳᠦᠢ ᠶᠢ ᠮᠡᠳᠡᠬᠦ ᠶᠢ ᠨᠡᠩ ᠱᠠᠭᠠᠷᠳᠠᠵᠤ ᠪᠠᠶᠢᠨ᠎ᠠ᠃ ᠨᠠᠮ ᠤᠨ ᠲᠡᠦᠬᠡ ᠶᠢ ᠰᠠᠶᠢᠲᠤᠷ ᠰᠤᠷᠤᠯᠴᠠᠭᠰᠠᠨ ᠰᠠᠭᠤᠷᠢᠨ ᠳᠡᠭᠡᠷ᠎ᠡ᠂ ᠳᠤᠮᠳᠠᠳᠤ ᠤᠯᠤᠰ ᠤᠨ ᠣᠷᠴᠢᠨ ᠦᠶ᠎ᠡ ᠶᠢᠨ ᠲᠡᠦᠬᠡ ᠶᠢ ᠰᠠᠶᠢᠲᠤᠷ ᠰᠤᠷᠤᠯᠴᠠᠵᠤ᠂ ᠳᠤᠮᠳᠠᠳᠤ ᠤᠯᠤᠰ ᠤᠨ ᠲᠡᠦᠬᠡ ᠶᠢ ᠰᠠᠶᠢᠲᠤᠷ ᠰᠤᠷᠤᠯᠴᠠᠵᠤ᠂ ᠪᠢᠳᠡ ᠬᠠᠮᠢᠭ᠎ᠠ ᠠᠴᠠ ᠢᠷᠡᠭᠰᠡᠨ᠂ ᠬᠠᠮᠢᠭ᠎ᠠ ᠬᠦᠷᠬᠦ ᠪᠠᠨ ᠲᠣᠳᠣᠷᠬᠠᠢ ᠮᠡᠳᠡᠵᠦ᠂ ᠳᠤᠮᠳᠠᠳᠤ ᠤᠯᠤᠰ ᠤᠨ ᠡᠪ ᠬᠠᠮᠲᠤᠴᠤᠳ ᠶᠠᠭᠤ ᠬᠢᠳᠡᠭ᠂ ᠨᠢᠭᠡᠨᠲᠡ ᠶᠠᠭᠤ ᠬᠢᠭᠰᠡᠨ᠂ ᠪᠠᠰᠠ ᠶᠠᠭᠤ ᠬᠢᠬᠦ ᠪᠠᠨ ᠲᠣᠳᠣᠷᠬᠠᠢ ᠮᠡᠳᠡᠵᠦ᠂ ᠥᠩᠭᠡᠷᠡᠭᠰᠡᠨ ᠳᠤ ᠪᠢᠳᠡ ᠶᠠᠭᠠᠬᠢᠭᠠᠳ ᠠᠮᠵᠢᠯᠲᠠ ᠣᠯᠵᠤ ᠴᠢᠳᠠᠭᠰᠠᠨ᠂ ᠢᠷᠡᠭᠡᠳᠦᠢ ᠳᠤ ᠶᠠᠭᠠᠬᠢᠪᠠᠯ ᠰᠠᠶ᠋ᠢ ᠦᠷᠭᠦᠯᠵᠢᠯᠡᠨ ᠠᠮᠵᠢᠯᠲᠠ ᠣᠯᠵᠤ ᠴᠢᠳᠠᠬᠤ ᠪᠠᠨ ᠲᠣᠳᠣᠷᠬᠠᠢ ᠣᠶᠢᠯᠠᠭᠠᠬᠤ ᠬᠡᠷᠡᠭᠲᠡᠢ᠃ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠰᠣᠶᠣᠯ ᠤᠨ ᠤᠬᠠᠮᠰᠠᠷ ᠢᠶᠠᠨ ᠴᠢᠩᠭᠠᠳᠬᠠᠵᠤ᠂ ᠬᠤᠪᠢᠰᠬᠠᠯᠲᠤ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠨᠡᠶᠢᠭᠡᠮ ᠵᠢᠷᠤᠮ ᠤᠨ ᠲᠡᠷᠢᠭᠦᠨ ᠤ ᠰᠣᠶᠣᠯ ᠢ ᠬᠥᠭᠵᠢᠭᠦᠯᠵᠦ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠪᠦᠲᠦᠭᠡᠯᠴᠢ ᠴᠢᠨᠠᠷᠲᠠᠢ ᠬᠤᠪᠢᠷᠠᠭᠤᠯᠤᠯᠲᠠ᠂ ᠰᠢᠨ᠎ᠡ ᠶᠢ ᠡᠭᠦᠳᠬᠦ ᠴᠢᠨᠠᠷᠲᠠᠢ ᠬᠥᠭᠵᠢᠯᠲᠡ ᠶᠢ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠤᠶᠤᠨ ᠰᠠᠨᠠᠭᠠᠨ ᠤ ᠭᠡᠷ ᠣᠷᠣᠨ ᠢ ᠪᠠᠶᠢᠭᠤᠯᠬᠤ ᠬᠡᠷᠡᠭᠲᠡᠢ᠃ ᠲᠡᠦᠬᠡ ᠶᠢᠨ ᠤᠬᠢ ᠱᠦᠯᠳᠤ ᠶᠢ ᠰᠢᠩᠬᠡᠬᠡᠵᠤ᠂ ᠤᠨᠤᠯ ᠤᠨ ᠰᠢᠨ᠎ᠡ ᠶᠢ ᠡᠬᠦᠳᠬᠦ ᠶᠢ ᠠᠬᠢᠭᠤᠯᠵᠤ᠂ ᠳᠤᠮᠳᠠᠳᠤ ᠤᠯᠤᠰ ᠤᠨ ᠡᠷᠳᠡᠮ ᠰᠢᠨᠵᠢᠯᠡᠭᠡᠨ ᠢ ᠨᠡᠩ ᠰᠠᠶᠢᠲᠤᠷ ᠴᠡᠴᠡᠭᠯᠡᠭᠦᠯᠦᠨ ᠬᠥᠭᠵᠢᠭᠦᠯᠵᠦ᠂ ᠳᠤᠮᠳᠠᠳᠤ ᠤᠯᠤᠰ ᠤᠨ ᠤᠨᠤᠯ ᠢ ᠬᠥᠭᠵᠢᠭᠦᠯᠵᠦ᠂ ᠳᠤᠮᠳᠠᠳᠤ ᠤᠯᠤᠰ ᠤᠨ ᠦᠵᠡᠯ ᠰᠠᠨᠠᠭ᠎ᠠ ᠶᠢ ᠤᠯᠠᠮᠵᠢᠯᠠᠨ ᠳᠡᠯᠭᠡᠷᠡᠭᠦᠯᠵᠦ᠂ ᠮᠠᠷᠺᠰ ᠤᠨ ᠦᠵᠡᠯ ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠶᠢ ᠲᠠᠰᠤᠷᠠᠯᠳᠠ ᠦᠭᠡᠢ ᠠᠬᠢᠭᠤᠯᠬᠤ ᠬᠡᠷᠡᠭᠲᠡᠢ᠃ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠤᠶᠤᠨ ᠰᠠᠨᠠᠭᠠᠨ ᠤ ᠬᠦᠴᠦᠨ ᠴᠢᠳᠠᠯ ᠢᠶᠠᠨ ᠨᠢᠭᠲᠠᠷᠠᠭᠤᠯᠵᠤ᠂ ᠰᠢᠨ᠎ᠡ ᠴᠠᠭ ᠦᠶ᠎ᠡ ᠳᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠢ ᠨᠡᠩ ᠰᠠᠶᠢᠲᠤᠷ ᠪᠠᠷᠢᠮᠲᠠᠯᠠᠨ ᠬᠥᠭᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠮᠠᠨ ᠤ ᠡᠨᠡ ᠦᠶ᠎ᠡ ᠶᠢᠨ ᠬᠥᠮᠦᠰ ᠤᠨ ᠤᠶᠤᠨ ᠤᠬᠠᠭᠠᠨ ᠪᠣᠯᠤᠨ ᠬᠦᠴᠦᠨ ᠴᠢᠳᠠᠯ ᠢ ᠨᠡᠮᠡᠷᠢᠯᠡᠵᠦ᠂ ᠮᠠᠨ ᠤ ᠡᠨᠡ ᠦᠶ᠎ᠡ ᠶᠢᠨ ᠬᠥᠮᠦᠰ ᠤᠨ ᠢᠶᠠᠨ ᠠᠮᠵᠢᠯᠲᠠ ᠪᠦᠲᠦᠮᠵᠢ ᠪᠣᠯᠤᠨ ᠦᠩᠭᠡ ᠭᠡᠷᠡᠯ ᠢ ᠡᠭᠦᠳᠬᠦ ᠬᠡᠷᠡᠭᠲᠡᠢ ᠬᠡᠵᠤ ᠵᠢᠭᠠᠵᠤ ᠭᠠᠷᠭᠠᠪᠠ᠃       

《ᠰᠡᠷᠭᠦᠨ ᠮᠠᠨᠳᠤᠯᠲᠠ ᠵᠤᠬᠢᠶᠠᠯ ᠤᠨ ᠬᠥᠮᠥᠷᠭᠡ》 ᠨᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠪᠠᠷ ᠭᠤᠣᠯ ᠰᠡᠳᠦᠪ ᠪᠣᠯᠭᠠᠵᠤ᠂ ᠦᠵᠡᠯ ᠰᠠᠨᠠᠭᠠᠨ ᠤ ᠲᠡᠦᠬᠡ ᠪᠠᠷ ᠦᠨᠳᠦᠰᠦᠨ ᠰᠦᠪᠡᠭᠴᠢ ᠪᠣᠯᠭᠠᠵᠤ᠂ 1840 ᠣᠨ ᠤ ᠬᠠᠷ᠎ᠠ ᠲᠠᠮᠠᠬᠢ ᠶᠢᠨ ᠲᠠᠶᠢᠨ ᠠᠴᠠ ᠨᠠᠭᠠᠰᠢᠬᠢ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠲᠠᠢ ᠬᠤᠯᠪᠣᠭᠳᠠᠬᠤ ᠴᠢᠬᠤᠯᠠ ᠲᠤᠯᠭᠤᠷ ᠪᠢᠴᠢᠭ ᠢ ᠰᠣᠩᠭᠤᠨ ᠤᠷᠤᠭᠤᠯᠵᠤ᠂ ᠳᠤᠮᠳᠠᠳᠤ ᠤᠯᠤᠰ ᠤᠨ ᠡᠪ ᠬᠠᠮᠲᠤᠴᠤᠳ ᠢᠶᠠᠷ ᠲᠥᠯᠥᠭᠡᠯᠡᠭᠦᠯᠦᠭᠰᠡᠨ ᠳᠤᠮᠳᠠᠳᠤ ᠶᠢᠨ ᠰᠢᠯᠢᠳᠡᠭ ᠬᠥᠪᠡᠭᠦᠳ ᠥᠬᠢᠳ ᠤᠨ ᠤᠯᠤᠰ ᠣᠷᠣᠨ ᠤ ᠪᠠᠶᠠᠨ ᠬᠦᠴᠦᠷᠬᠡᠭ᠂ ᠦᠨᠳᠦᠰᠦᠲᠡᠨ ᠤ ᠬᠥᠭᠵᠢᠯ ᠮᠠᠨᠳᠤᠯ᠂ ᠠᠷᠠᠳ ᠲᠦᠮᠡᠨ ᠤ ᠵᠣᠯ ᠵᠢᠷᠭᠠᠯ ᠢ ᠪᠡᠶᠡᠯᠡᠬᠦᠯᠬᠦ ᠶᠢᠨ ᠲᠦᠯᠤᠬᠡ ᠴᠥᠬᠦᠷᠡᠰᠢ ᠦᠭᠡᠢ ᠡᠷᠢᠯᠬᠢᠯᠡᠵᠦ᠂ ᠨᠤᠭᠤᠷᠠᠰᠢ ᠦᠭᠡᠢ ᠲᠡᠮᠡᠴᠡᠭᠰᠡᠨ ᠲᠡᠦᠭᠡᠨ ᠤᠯᠠ ᠮᠥᠷ ᠢ ᠪᠦᠬᠦ ᠲᠠᠯ᠎ᠠ ᠪᠠᠷ ᠬᠦᠤᠷᠨᠢᠵᠤ᠂ ᠳᠤᠮᠳᠠᠳᠤ ᠤᠯᠤᠰ ᠤᠨ ᠬᠥᠭᠵᠢᠯᠲᠡ ᠶᠢᠨ ᠠᠬᠢᠴᠠ ᠶᠢ ᠨᠥᠯᠥᠭᠡᠯᠡᠭᠰᠡᠨ᠂ ᠴᠠᠭ ᠦᠶ᠎ᠡ ᠶᠢᠨ ᠳᠠᠪᠰᠢᠯᠲᠠ ᠶᠢ ᠬᠥᠲᠥᠯᠥᠨ ᠳᠠᠭᠠᠭᠤᠯᠤᠬᠰᠠᠨ᠂ ᠦᠨᠳᠦᠰᠦᠲᠡᠨ ᠤ ᠰᠡᠷᠭᠦᠨ ᠮᠠᠨᠳᠤᠯᠲᠠ ᠶᠢ ᠠᠬᠢᠭᠤᠯᠤᠭᠰᠠᠨ ᠦᠵᠡᠯ ᠰᠠᠨᠠᠭᠠᠨ ᠤ ᠦᠷ᠎ᠡ ᠪᠦᠲᠦᠭᠡᠯ ᠢ ᠲᠦᠪᠯᠡᠷᠡᠩᠬᠦᠢ ᠬᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠵᠦᠭ ᠤᠷᠤᠭᠰᠢᠯᠠᠬᠤ ᠲᠡᠦᠬᠡᠨ ᠯᠣᠭᠢᠭ᠂ ᠦᠵᠡᠯ ᠰᠠᠨᠠᠭᠠᠨ ᠤ ᠡᠬᠢ ᠰᠤᠷᠪᠤᠯᠵᠢ ᠪᠠ ᠰᠣᠶᠣᠯ ᠤᠨ ᠰᠤᠳᠠᠰᠤ ᠶᠢ ᠬᠦᠨᠵᠡᠬᠡᠢ ᠢᠯᠡᠷᠡᠬᠦᠯᠪᠠ᠃ 《ᠰᠡᠷᠭᠦᠨ ᠮᠠᠨᠳᠤᠯᠲᠠ ᠵᠤᠬᠢᠶᠠᠯ ᠤᠨ ᠬᠥᠮᠥᠷᠭᠡ》 ᠨᠢ ᠨᠡᠶᠢᠲᠡ ᠲᠠᠪᠤᠨ ᠪᠤᠳᠢ ᠪᠠᠶᠢᠵᠦ᠂ ᠡᠭᠦᠨ ᠳᠤ ᠨᠢᠭᠡᠳᠦᠭᠡᠷ ᠠᠴᠠ ᠭᠤᠷᠪᠠᠳᠤᠭᠠᠷ ᠪᠤᠳᠢ ᠶᠢ ᠣᠶᠢᠷ᠎ᠠ ᠳᠤ ᠬᠡᠪᠯᠠᠭᠦᠯᠦᠨ ᠲᠠᠷᠬᠠᠭᠠᠬᠤ ᠪᠤᠯᠤᠨ᠎ᠠ᠃

 

 


   :                    
   :           
备案序号:蒙ICP备05003250号 公安备案15010502000173