ᠵᠤᠬᠢᠶᠠᠭᠴᠢ:
ᠴᠠᠭ:2022-12-02
ᠥᠵᠡᠭᠰᠡᠨ : ℃
ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾
ᠵᠢᠶᠠᠩ ᠽᠧ ᠮᠢᠨ ᠨᠥᠬᠦᠷ ᠤᠨ ᠭᠠᠰᠢᠭᠤᠳᠠᠯ ᠤᠨ ᠶᠠᠪᠤᠳᠠᠯ ᠢ ᠡᠷᠭᠢᠯᠡᠭᠦ ᠭᠡᠰᠢᠭᠦᠳ ᠤᠨ ᠬᠤᠷᠠᠯ ᠤᠨ ᠠᠯᠪᠠᠨ ᠵᠠᠷᠯᠠᠯ ︵2 ᠳ᠋ᠤᠭᠠᠷ ᠲᠣᠭᠠᠲᠤ︶
ᠵᠢᠶᠠᠩ ᠽᠧ ᠮᠢᠨ ᠨᠥᠬᠦᠷ ᠤᠨ ᠨᠠᠮ ᠪᠠ ᠲᠦᠷᠦ ᠶᠢᠨ ᠲᠡᠦᠬᠡᠨ ᠬᠥᠭᠵᠢᠯᠲᠡ ᠳᠤᠮᠳᠠᠬᠢ ᠣᠨᠴᠠᠭᠠᠢ ᠭᠠᠪᠢᠶ᠎ᠠ ᠵᠢᠳᠬᠦᠯ ᠵᠢᠴᠢ ᠪᠦᠭᠦ ᠨᠠᠮ ᠪᠦᠭᠦ ᠴᠡᠷᠢᠭ ᠪᠦᠭᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠬᠦᠰᠡᠯ ᠡᠷᠡᠮᠡᠯᠵᠡᠯ ᠢ ᠦᠨᠳᠦᠰᠦᠯᠡᠵᠦ ᠂ ᠡᠳᠦᠭᠡ ᠲᠣᠭᠲᠠᠭᠠᠬᠤ ᠨᠢ ᠄
︵ ᠨᠢᠭᠡ ︶12 ᠰᠠᠷ᠎ᠠ ᠶᠢᠨ 6 ᠤ ᠦᠳᠡ ᠶᠢᠨ ᠡᠮᠦᠨᠡᠬᠢ 10 ᠴᠠᠭ ᠲᠤ ᠂ ᠨᠠᠮ ᠤᠨ ᠲᠥᠪ ᠬᠤᠷᠢᠶ᠎ᠠ ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠂ ᠲᠦᠷᠦ ᠶᠢᠨ ᠶᠠᠪᠤᠳᠠᠯ ᠤᠨ ᠬᠤᠷᠢᠶ᠎ᠠ ᠂ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠵᠢᠶᠠᠩ ᠽᠧ ᠮᠢᠨ ᠨᠥᠬᠦᠷ ᠤᠨ ᠭᠠᠰᠢᠭᠤᠳᠠᠯ ᠤᠨ ᠶᠡᠭᠡ ᠬᠤᠷᠠᠯ ᠢ ᠦᠪᠡᠳᠡᠭᠰᠢ ᠶᠡᠭᠡ ᠪᠠᠷ ᠬᠢᠨ᠎ᠡ ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠥᠷᠭᠡᠨ ᠤᠯᠠᠨ ᠨᠠᠮ ᠤᠨ ᠭᠡᠰᠢᠭᠦᠨ ᠂ ᠺᠠᠳ᠋ᠷ ᠂ ᠤᠯᠠᠨ ᠲᠦᠮᠡᠨ ᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠤ ᠭᠠᠰᠢᠭᠤᠳᠠᠯ ᠤᠨ ᠶᠡᠭᠡ ᠬᠤᠷᠠᠯ ᠤᠨ ᠠᠬᠤᠢ ᠲᠠᠯᠠᠪᠠᠢ ᠶᠢᠨ ᠰᠢᠭᠤᠳ ᠨᠡᠪᠲᠡᠷᠡᠭᠦᠯᠭᠡ ᠶᠢ ᠭᠥᠯᠢᠶᠡᠨ ᠠᠪᠴᠤ ᠦᠵᠡᠵᠦ ᠰᠣᠨᠣᠰᠬᠤ ᠬᠡᠷᠡᠭᠲᠡᠢ ᠃
︵ ᠬᠤᠶᠠᠷ ︶ᠭᠠᠰᠢᠭᠤᠳᠠᠯ ᠤᠨ ᠶᠡᠭᠡ ᠬᠤᠷᠠᠯ ᠤᠨ ᠲᠤᠬᠠᠢ ᠶᠢᠨ ᠡᠳᠦᠷ ᠂ ᠪᠦᠭᠦ ᠤᠯᠤᠰ ᠪᠠ ᠮᠠᠨ ᠤ ᠤᠯᠤᠰ ᠤᠨ ᠭᠠᠳᠠᠭᠠᠳᠤ ᠳᠤ ᠰᠠᠭᠤᠭ᠎ᠠ ᠡᠯᠴᠢᠨ ᠰᠠᠶᠢᠳ ᠤᠨ ᠶᠠᠮᠤᠨ ᠪᠠ ᠺᠤᠨᠰᠦ᠋ᠯ ᠤᠨ ᠭᠠᠵᠠᠷ ᠵᠢᠴᠢ ᠭᠠᠳᠠᠭᠠᠳᠤ ᠳᠤ ᠰᠠᠭᠤᠭ᠎ᠠ ᠪᠤᠰᠤᠳ ᠪᠠᠶᠢᠭᠤᠯᠤᠮᠵᠢ ᠨᠤᠭᠤᠳ ᠤᠯᠤᠰ ᠤᠨ ᠲᠤᠭ ᠢ ᠬᠠᠭᠠᠰ ᠪᠠᠭᠤᠯᠭᠠᠨ ᠭᠠᠰᠢᠭᠤᠳᠠᠵᠤ ᠂ ᠣᠯᠠᠨ ᠨᠡᠶᠢᠲᠡ ᠶᠢᠨ ᠵᠤᠭ᠎ᠠ ᠴᠡᠩᠭᠡᠯ ᠤᠨ ᠠᠵᠢᠯᠯᠠᠭ᠎ᠠ ᠶᠢ ᠨᠢᠭᠡ ᠡᠳᠦᠷ ᠵᠣᠭᠰᠣᠭᠠᠨ᠎ᠠ ᠃
︵ ᠭᠤᠷᠪᠠ ︶12 ᠰᠠᠷ᠎ᠠ ᠶᠢᠨ 6 ᠤ ᠦᠳᠡ ᠶᠢᠨ ᠡᠮᠦᠨ᠎ᠡ ᠭᠠᠰᠢᠭᠤᠳᠠᠯ ᠤᠨ ᠶᠡᠭᠡ ᠬᠤᠷᠠᠯ ᠳᠤ ᠨᠠᠮᠠᠨᠴᠢᠯᠠᠨ ᠭᠠᠰᠢᠭᠤᠳᠠᠬᠤ ᠦᠶ᠎ᠡ ᠳᠤ ᠂ ᠪᠦᠭᠦ ᠤᠯᠤᠰ ᠤᠨ ᠠᠷᠠᠳ ᠲᠦᠮᠡᠨ 3 ᠮᠢᠨᠦ᠋ᠲ ᠨᠠᠮᠠᠨᠴᠢᠯᠠᠨ ᠭᠠᠰᠢᠭᠤᠳᠠᠵᠤ ᠂ ᠠᠯᠢᠪᠠ ᠠᠭᠤᠷ ᠤᠨ ᠱᠤᠤᠭᠢᠯ ᠪᠠᠶᠢᠬᠤ ᠭᠠᠵᠠᠷ ᠪᠦᠭᠦᠨ 3 ᠮᠢᠨᠦ᠋ᠲ ᠳᠤᠤᠭᠠᠷᠭᠠᠵᠤ ᠂ ᠠᠭᠠᠷ ᠤᠨ ᠰᠡᠷᠭᠡᠶᠢᠯᠡᠯᠲᠡ ᠶᠢᠨ ᠰᠡᠷᠡᠮᠵᠢ ᠶᠢᠨ ᠳᠣᠬᠢᠶ᠎ᠠ ᠶᠢ 3 ᠮᠢᠨᠦ᠋ᠲ ᠳᠤᠤᠭᠠᠷᠭᠠᠨ᠎ᠠ ᠃
︵ ᠳᠥᠷᠪᠡ ︶ᠴᠢᠨᠳᠠᠷ ᠠᠴᠠ ᠰᠠᠯᠬᠤ ᠶᠣᠰᠣᠯᠠᠯ ᠬᠢᠬᠦ ᠦᠭᠡᠢ ᠃
ᠡᠭᠦᠨ ᠤ ᠲᠤᠯᠠ ᠣᠨᠴᠠᠭᠠᠶᠢᠯᠠᠨ ᠵᠠᠷᠯᠠᠪᠠ ᠃
ᠵᠢᠶᠠᠩ ᠽᠧ ᠮᠢᠨ ᠨᠥᠬᠦᠷ ᠤᠨ ᠭᠠᠰᠢᠭᠤᠳᠠᠯ ᠤᠨ ᠶᠠᠪᠤᠳᠠᠯ ᠢ ᠡᠷᠭᠢᠯᠡᠭᠦ ᠭᠡᠰᠢᠭᠦᠳ ᠤᠨ ᠬᠤᠷᠠᠯ
2022 ᠣᠨ ᠤ 12 ᠰᠠᠷ᠎ᠠ ᠶᠢᠨ 1 ᠤ ᠡᠳᠦᠷ