ᠵᠤᠬᠢᠶᠠᠭᠴᠢ:
ᠴᠠᠭ:2022-12-02
ᠥᠵᠡᠭᠰᠡᠨ : ℃
ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾
ᠵᠢᠶᠠᠩ ᠽᠧ ᠮᠢᠨ ᠨᠥᠬᠦᠷ ᠤᠨ ᠴᠢᠨᠳᠠᠷ ᠢ ᠲᠤᠰᠬᠠᠢ ᠨᠢᠰᠬᠡᠯ ᠢᠶᠠᠷ ᠪᠡᠭᠡᠵᠢᠩ ᠳᠤ ᠵᠠᠯᠠᠵᠤ ᠠᠪᠴᠢᠷᠠᠪᠠ ᠰᠢ ᠶᠢᠨ ᠫᠢᠩ ᠵᠡᠷᠭᠡ ᠨᠠᠮ ᠪᠣᠯᠣᠨ ᠲᠦᠷᠦ ᠶᠢᠨ ᠤᠳᠤᠷᠢᠳᠬᠤ ᠨᠥᠬᠦᠳ ᠨᠢᠰᠬᠡᠯ ᠤᠨ ᠪᠠᠭᠤᠳᠠᠯ ᠳᠤ ᠬᠦᠷᠴᠦ ᠴᠢᠨᠳᠠᠷ ᠢ ᠲᠤᠰᠴᠠᠢ
ᠮᠠᠨ ᠨᠠᠮ ᠮᠠᠨ ᠴᠡᠷᠢᠭ ᠮᠠᠨ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠨᠡᠶᠢᠳᠡᠮ ᠮᠡᠳᠡᠷᠡᠭᠳᠡᠭᠰᠡᠨ ᠡᠷᠬᠢᠮ ᠳᠡᠭᠡᠳᠦ ᠨᠡᠷ᠎ᠡ ᠬᠦᠨᠳᠦᠲᠦ ᠭᠠᠷᠮᠠᠭᠠᠢ ᠤᠳᠤᠷᠢᠳᠤᠭᠴᠢ ᠂ ᠠᠭᠤᠤ ᠶᠡᠭᠡ ᠮᠠᠷᠺᠰ ᠤᠨ ᠦᠵᠡᠯᠲᠡᠨ ᠂ ᠦᠭᠡᠶᠢᠭᠦᠦ ᠠᠩᠭᠢ ᠶᠢᠨ ᠠᠭᠤᠤ ᠶᠡᠭᠡ ᠬᠤᠪᠢᠰᠬᠠᠯᠴᠢ ᠂ ᠤᠯᠤᠰ ᠲᠥᠷᠥᠴᠢᠨ ᠂ ᠴᠡᠷᠢᠭ ᠤᠨ ᠡᠷᠳᠡᠮᠲᠡᠨ ᠂ ᠭᠠᠳᠠᠭᠠᠳᠤ ᠬᠠᠷᠢᠯᠴᠠᠭᠠᠨ ᠤ ᠵᠢᠳᠬᠦᠯᠲᠡᠨ ᠂ ᠤᠷᠲᠤ ᠬᠤᠭᠤᠴᠠᠭᠠᠨ ᠤ ᠰᠢᠯᠭᠠᠯᠲᠠ ᠶᠢ ᠥᠩᠭᠡᠷᠡᠭᠡᠭᠰᠡᠨ ᠡᠪ ᠬᠠᠮᠲᠤ ᠶᠣᠰᠣᠨ ᠤ ᠪᠠᠶᠢᠯᠳᠤᠭᠴᠢ ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠦᠢᠯᠡᠰ ᠤᠨ ᠭᠠᠷᠮᠠᠭᠠᠢ ᠤᠳᠤᠷᠢᠳᠤᠭᠴᠢ ᠂ ᠨᠠᠮ ᠤᠨ ᠭᠤᠷᠪᠠᠳᠤᠭᠠᠷ ᠦᠶ᠎ᠡ ᠶᠢᠨ ᠲᠥᠪ ᠬᠤᠷᠢᠶᠠᠨ ᠤ ᠤᠳᠤᠷᠢᠳᠬᠤ ᠬᠠᠮᠲᠤ ᠶᠢᠨ ᠭᠤᠣᠯᠯᠠᠭᠴᠢ ᠂ 《ᠭᠤᠷᠪᠠ ᠶᠢ ᠲᠥᠯᠥᠭᠡᠯᠡᠬᠦ 》 ᠴᠢᠬᠤᠯᠠ ᠦᠵᠡᠯ ᠰᠠᠨᠠᠭᠠᠨ ᠤ ᠭᠤᠣᠯ ᠡᠭᠦᠳᠦᠭᠴᠢ ᠵᠢᠶᠠᠩ ᠽᠧ ᠮᠢᠨ ᠨᠥᠬᠦᠷ ᠤᠨ ᠴᠢᠨᠳᠠᠷ ᠢ ᠥᠨᠥᠳᠥᠷ ᠱᠠᠩᠬᠠᠢ ᠠᠴᠠ ᠲᠤᠰᠬᠠᠢ ᠨᠢᠰᠬᠡᠯ ᠢᠶᠠᠷ ᠪᠡᠭᠡᠵᠢᠩ ᠳᠤ ᠵᠠᠯᠠᠵᠤ ᠠᠪᠴᠢᠷᠠᠪᠠ ᠃ ᠰᠢ ᠶᠢᠨ ᠫᠢᠩ ᠂ ᠯᠢ ᠺᠧ ᠴᠢᠶᠠᠩ ᠂ ᠯᠢ ᠵᠠᠨ ᠱᠣ᠋ ᠂ ᠸᠠᠩ ᠶᠠᠩ ᠂ ᠯᠢ ᠴᠢᠶᠠᠩ ᠂ ᠵᠤᠤ ᠯᠧ ᠵᠢᠢ ᠂ ᠸᠠᠩ ᠬᠤ᠋ ᠨᠢᠩ ᠂ ᠬᠠᠨ ᠵᠧᠩ ᠂ ᠳ᠋ᠢᠩ ᠰᠢᠤᠸᠠᠢ ᠰᠢᠶᠠᠩ ᠂ ᠯᠢ ᠰᠢ ᠂ ᠸᠠᠩ ᠴᠢ ᠱᠠᠨ ᠵᠡᠷᠭᠡ ᠨᠠᠮ ᠪᠣᠯᠣᠨ ᠲᠦᠷᠦ ᠶᠢᠨ ᠤᠳᠤᠷᠢᠳᠬᠤ ᠨᠥᠬᠦᠳ ᠪᠡᠭᠡᠵᠢᠩ ᠤᠨ ᠪᠠᠷᠠᠭᠤᠨ ᠲᠡᠭᠦᠷᠭᠡ ᠶᠢᠨ ᠨᠢᠰᠬᠡᠯ ᠤᠨ ᠪᠠᠭᠤᠳᠠᠯ ᠳᠤ ᠬᠦᠷᠴᠦ ᠴᠢᠨᠳᠠᠷ ᠢ ᠤᠭᠲᠤᠵᠤ ᠂ ᠵᠢᠶᠠᠩ ᠽᠧ ᠮᠢᠨ ᠨᠥᠬᠦᠷ ᠤᠨ ᠲᠦᠷᠦᠯ ᠰᠠᠳᠤᠨ ᠢ ᠳᠣᠲᠣᠨᠣ ᠪᠠᠷ ᠲᠣᠬᠤᠨᠢᠭᠤᠯᠵᠤ ᠪᠠᠶᠢᠬᠤ ᠪᠠᠨ ᠢᠯᠡᠳᠬᠡᠪᠡ ᠃ ᠼᠠᠢ ᠴᠢ ᠪᠣᠯᠣᠨ ᠭᠠᠰᠢᠭᠤᠳᠠᠯ ᠤᠨ ᠶᠠᠪᠤᠳᠠᠯ ᠢ ᠡᠷᠭᠢᠯᠡᠭᠦ ᠭᠡᠰᠢᠭᠦᠳ ᠤᠨ ᠬᠤᠷᠠᠯ ᠤᠨ ᠠᠯᠪᠠᠨ ᠭᠡᠷ ᠤᠨ ᠬᠤᠯᠪᠣᠭᠳᠠᠯ ᠪᠦᠬᠦᠢ ᠨᠥᠬᠦᠳ ᠂ ᠵᠢᠶᠠᠩ ᠽᠧ ᠮᠢᠨ ᠨᠥᠬᠦᠷ ᠤᠨ ᠲᠦᠷᠦᠯ ᠰᠠᠳᠤᠨ ᠱᠠᠩᠬᠠᠢ ᠠᠴᠠ ᠵᠢᠶᠠᠩ ᠽᠧ ᠮᠢᠨ ᠨᠥᠬᠦᠷ ᠤᠨ ᠴᠢᠨᠳᠠᠷ ᠢ ᠪᠡᠭᠡᠵᠢᠩ ᠳᠤ ᠬᠠᠮᠠᠭᠠᠯᠠᠨ ᠬᠦᠷᠭᠡᠵᠦ ᠢᠷᠡᠪᠡ ᠃
ᠪᠡᠭᠡᠵᠢᠩ ᠤᠨ ᠪᠠᠷᠠᠭᠤᠨ ᠲᠡᠭᠦᠷᠭᠡ ᠶᠢᠨ ᠨᠢᠰᠬᠡᠯ ᠤᠨ ᠪᠠᠭᠤᠳᠠᠯ ᠤᠯᠤᠰ ᠤᠨ ᠲᠤᠭ ᠢ ᠬᠠᠭᠠᠰ ᠪᠠᠭᠤᠯᠭᠠᠵᠤ ᠂ ᠲᠥᠪ ᠬᠢᠴᠢᠶᠡᠩᠭᠦᠢ ᠠᠭᠤᠷ ᠠᠮᠢᠰᠬᠤᠯ ᠢᠶᠠᠷ ᠪᠢᠯᠬᠠᠵᠤ ᠂ ᠬᠠᠷ᠎ᠠ ᠳᠡᠪᠢᠰᠬᠡᠷᠲᠦ ᠴᠠᠭᠠᠨ ᠦᠰᠦᠭ ᠤᠨ ᠬᠥᠨᠳᠡᠯᠡᠨ ᠪᠢᠴᠢᠭᠡᠰᠦ ᠳᠡᠭᠡᠷ᠎ᠡ ᠄ 《ᠵᠢᠶᠠᠩ ᠽᠧ ᠮᠢᠨ ᠨᠥᠬᠦᠷ ᠥᠨᠢᠳᠡ ᠪᠠᠯᠠᠷᠠᠰᠢ ᠦᠭᠡᠢ 》《ᠵᠢᠶᠠᠩ ᠽᠧ ᠮᠢᠨ ᠨᠥᠬᠦᠷ ᠪᠢᠳᠡᠨ ᠤ ᠰᠡᠳᠬᠢᠯ ᠵᠢᠷᠦᠬᠡᠨ ᠳᠤ ᠥᠨᠢᠳᠡ ᠮᠥᠩᠬᠡᠷᠡᠨ᠎ᠡ 》 ᠭᠡᠵᠦ ᠪᠢᠴᠢᠭᠰᠡᠨ ᠪᠠᠶᠢᠯ᠎ᠠ ᠃ ᠰᠢ ᠶᠢᠨ ᠫᠢᠩ ᠪᠣᠯᠣᠨ ᠬᠠᠳᠤᠨ ᠫᠧᠩ ᠯᠢ ᠶᠤᠸᠠᠨ ᠨᠠᠷ ᠡᠩᠭᠡᠷ ᠲᠡᠭᠡᠨ ᠴᠠᠭᠠᠨ ᠬᠤᠸᠠᠷ ᠵᠡᠭᠦᠵᠦ ᠂ ᠬᠠᠨᠴᠤᠢ ᠳᠠᠭᠠᠨ ᠬᠠᠷ᠎ᠠ ᠱᠠ ᠵᠡᠭᠦᠵᠦ ᠂ ᠲᠥᠪ ᠬᠢᠴᠢᠶᠡᠩᠭᠦᠢ ᠪᠠᠷ ᠨᠢᠰᠬᠡᠯ ᠤᠨ ᠵᠣᠭᠰᠣᠭᠠᠯ ᠳᠡᠭᠡᠷ᠎ᠡ ᠲᠥᠪ ᠵᠣᠭᠰᠣᠪᠠ ᠃
15 ᠴᠠᠭ 55 ᠮᠢᠨᠦ᠋ᠲ ᠲᠤ ᠂ ᠵᠢᠶᠠᠩ ᠽᠧ ᠮᠢᠨ ᠨᠥᠬᠦᠷ ᠤᠨ ᠴᠢᠨᠳᠠᠷ ᠢ ᠬᠠᠮᠠᠭᠠᠯᠠᠨ ᠭᠦᠷᠭᠡᠭᠦ ᠲᠤᠰᠬᠠᠢ ᠨᠢᠰᠬᠡᠯ ᠠᠯᠭᠤᠷᠬᠠᠨ ᠢᠶᠠᠷ ᠪᠠᠭᠤᠵᠤ ᠢᠷᠡᠪᠡ ᠃ ᠭᠠᠰᠢᠭᠤᠳᠠᠯ ᠤᠨ ᠠᠶᠠᠰ ᠳᠤᠮᠳᠠ ᠂ 12 ᠶᠣᠰᠣᠯᠠᠯ ᠤᠨ ᠴᠡᠷᠢᠭ ᠵᠢᠶᠠᠩ ᠽᠧ ᠮᠢᠨ ᠨᠥᠬᠦᠷ ᠤᠨ ᠴᠢᠨᠳᠠᠷ ᠢ ᠬᠠᠮᠠᠭᠠᠯᠠᠨ ᠡᠷᠭᠦᠵᠦ ᠂ ᠲᠤᠰᠬᠠᠢ ᠨᠢᠰᠬᠡᠯ ᠠᠴᠠ ᠠᠯᠭᠤᠷᠬᠠᠨ ᠪᠠᠭᠤᠵᠤ ᠂ ᠴᠢᠨᠳᠠᠷ ᠢ ᠲᠤᠰᠬᠤ ᠡᠩᠨᠡᠭᠡ ᠶᠢᠨ ᠡᠮᠦᠨ᠎ᠡ ᠲᠠᠯ᠎ᠠ ᠳᠤ ᠬᠦᠷᠴᠦ ᠲᠥᠪ ᠵᠣᠭᠰᠣᠪᠠ ᠃ ᠰᠢ ᠶᠢᠨ ᠫᠢᠩ ᠨᠠᠷ ᠵᠢᠶᠠᠩ ᠽᠧ ᠮᠢᠨ ᠨᠥᠬᠦᠷ ᠤᠨ ᠴᠢᠨᠳᠠᠷ ᠲᠤ ᠭᠤᠷᠪᠠᠨᠲᠠ ᠮᠡᠬᠦᠶᠢᠨ ᠶᠣᠰᠣᠯᠠᠵᠤ ᠂ ᠴᠢᠨᠳᠠᠷ ᠢ ᠴᠢᠨᠳᠠᠷ ᠤᠨ ᠲᠡᠷᠭᠡᠨ ᠳᠤ ᠪᠠᠷᠠᠯᠠᠨ ᠮᠣᠷᠳᠠᠭᠤᠯᠪᠠ ᠃ ᠳᠠᠷᠠᠭ᠎ᠠ ᠨᠢ ᠂ ᠭᠠᠰᠢᠭᠤᠳᠠᠯ ᠤᠨ ᠶᠠᠪᠤᠳᠠᠯ ᠢ ᠡᠷᠭᠢᠯᠡᠭᠦ ᠭᠡᠰᠢᠭᠦᠳ ᠤᠨ ᠬᠤᠷᠠᠯ ᠤᠨ ᠠᠯᠪᠠᠨ ᠭᠡᠷ ᠤᠨ ᠪᠦᠷᠢᠯᠳᠦᠭᠦᠨ ᠪᠣᠯᠣᠨ ᠵᠢᠶᠠᠩ ᠽᠧ ᠮᠢᠨ ᠨᠥᠬᠦᠷ ᠤᠨ ᠲᠦᠷᠦᠯ ᠰᠠᠳᠤᠨ ᠴᠢᠨᠳᠠᠷ ᠢ ᠬᠠᠮᠠᠭᠠᠯᠠᠨ ᠴᠢᠨᠳᠠᠷ ᠲᠠᠯᠪᠢᠬᠤ ᠭᠠᠵᠠᠷ ᠲᠤ ᠬᠦᠷᠭᠡᠪᠡ ᠃
ᠲᠤᠰ ᠡᠳᠦᠷ ᠤᠨ ᠦᠳᠡ ᠶᠢᠨ 12 ᠴᠠᠭ 10 ᠮᠢᠨᠦ᠋ᠲ ᠲᠤ ᠂ ᠴᠢᠨᠳᠠᠷ ᠬᠥᠳᠡᠯᠭᠡᠬᠦ ᠶᠣᠰᠣᠯᠠᠯ ᠱᠠᠩᠬᠠᠢ ᠶᠢᠨ ᠬᠤᠸᠠᠳᠦ᠋ᠩ ᠡᠮᠨᠡᠯᠭᠡ ᠶᠢᠨ ᠬᠤᠷᠢᠶᠠᠨ ᠤ ᠠᠶᠠᠷᠯᠠᠬᠤ ᠲᠠᠰᠤᠭ ᠲᠤ ᠶᠠᠪᠤᠭᠳᠠᠪᠠ ᠃ ᠭᠠᠰᠢᠭᠤᠳᠠᠯ ᠤᠨ ᠶᠠᠪᠤᠳᠠᠯ ᠢ ᠡᠷᠭᠢᠯᠡᠭᠦ ᠭᠡᠰᠢᠭᠦᠳ ᠤᠨ ᠬᠤᠷᠠᠯ ᠤᠨ ᠠᠯᠪᠠᠨ ᠭᠡᠷ ᠤᠨ ᠪᠦᠷᠢᠯᠳᠦᠭᠦᠨ ᠂ ᠱᠠᠩᠬᠠᠢ ᠬᠤᠲᠠ ᠶᠢᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠂ ᠵᠢᠶᠠᠩ ᠽᠧ ᠮᠢᠨ ᠨᠥᠬᠦᠷ ᠤᠨ ᠲᠦᠷᠦᠯ ᠰᠠᠳᠤᠨ ᠪᠣᠯᠣᠨ ᠠᠮᠢᠳᠤ ᠰᠡᠷᠡᠭᠦᠨ ᠪᠠᠶᠢᠬᠤ ᠦᠶ᠎ᠡ ᠶᠢᠨ ᠰᠠᠶᠢᠨ ᠨᠠᠶᠢᠵᠠ ᠂ ᠡᠮᠴᠢ ᠰᠤᠪᠢᠯᠠᠭᠴᠢ ᠨᠠᠷ ᠵᠢᠶᠠᠩ ᠽᠧ ᠮᠢᠨ ᠨᠥᠬᠦᠷ ᠤᠨ ᠴᠢᠨᠳᠠᠷ ᠠᠴᠠ ᠰᠠᠯᠬᠤ ᠶᠢᠨ ᠬᠠᠮᠲᠤ ᠴᠢᠨᠳᠠᠷ ᠢ ᠱᠠᠩᠬᠠᠢ ᠶᠢᠨ ᠬᠤᠩ ᠴᠢᠶᠣᠤ ᠨᠢᠰᠬᠡᠯ ᠤᠨ ᠪᠠᠭᠤᠳᠠᠯ ᠳᠤ ᠬᠠᠮᠠᠭᠠᠯᠠᠨ ᠬᠦᠷᠭᠡᠪᠡ ᠃ ᠱᠠᠩᠬᠠᠢ ᠶᠢᠨ ᠡᠯ᠎ᠡ ᠡᠲᠡᠭᠡᠳ ᠤᠨ ᠣᠯᠠᠨ ᠲᠦᠮᠡᠨ ᠵᠠᠮ ᠤᠨ ᠬᠠᠵᠠᠭᠤ ᠳᠤ ᠵᠣᠭᠰᠣᠨ ᠦᠳᠡᠨ ᠮᠣᠷᠳᠠᠭᠤᠯᠵᠠᠢ ᠃ ᠪᠡᠭᠡᠵᠢᠩ ᠳᠤ ᠪᠠᠶᠢᠭ᠎ᠠ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶᠠᠨ ᠤ ᠭᠡᠰᠢᠭᠦᠨ ᠂ ᠲᠥᠪ ᠤᠨ ᠱᠦᠵᠢ ᠨᠠᠷ ᠤᠨ ᠭᠠᠵᠠᠷ ᠤᠨ ᠱᠦᠵᠢ ᠂ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠬᠤᠷᠢᠶᠠᠨ ᠳᠠᠷᠤᠭ᠎ᠠ ᠂ ᠲᠦᠷᠦ ᠶᠢᠨ ᠶᠠᠪᠤᠳᠠᠯ ᠤᠨ ᠭᠡᠰᠢᠭᠦᠨ ᠂ ᠠᠷᠠᠳ ᠤᠨ ᠳᠡᠭᠡᠳᠦ ᠰᠢᠭᠦᠭᠦ ᠬᠤᠷᠢᠶᠠᠨ ᠤ ᠳᠠᠷᠤᠭ᠎ᠠ ᠂ ᠠᠷᠠᠳ ᠤᠨ ᠳᠡᠭᠡᠳᠦ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠂ ᠪᠡᠭᠡᠵᠢᠩ ᠳᠤ ᠪᠠᠶᠢᠭ᠎ᠠ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠵᠢᠴᠢ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠭᠡᠰᠢᠭᠦᠨ ᠪᠠᠰᠠ ᠪᠡᠭᠡᠵᠢᠩ ᠤᠨ ᠪᠠᠷᠠᠭᠤᠨ ᠲᠡᠭᠦᠷᠭᠡ ᠶᠢᠨ ᠨᠢᠰᠬᠡᠯ ᠤᠨ ᠪᠠᠭᠤᠳᠠᠯ ᠳᠤ ᠬᠦᠷᠴᠦ ᠴᠢᠨᠳᠠᠷ ᠢ ᠤᠭᠲᠤᠪᠠ ᠃
12 ᠰᠠᠷ᠎ᠠ ᠶᠢᠨ 1 ᠤ ᠡᠳᠦᠷ ᠂ ᠵᠢᠶᠠᠩ ᠽᠧ ᠮᠢᠨ ᠨᠥᠬᠦᠷ ᠤᠨ ᠴᠢᠨᠳᠠᠷ ᠢ ᠱᠠᠩᠬᠠᠢ ᠠᠴᠠ ᠲᠤᠰᠬᠠᠢ ᠨᠢᠰᠬᠡᠯ ᠢᠶᠠᠷ ᠪᠡᠭᠡᠵᠢᠩ ᠳᠤ ᠵᠠᠯᠠᠵᠤ ᠠᠪᠴᠢᠷᠠᠪᠠ ᠃ ᠰᠢ ᠶᠢᠨ ᠫᠢᠩ ᠂ ᠯᠢ ᠺᠧ ᠴᠢᠶᠠᠩ ᠂ ᠯᠢ ᠵᠠᠨ ᠱᠣ᠋ ᠂ ᠸᠠᠩ ᠶᠠᠩ ᠂ ᠯᠢ ᠴᠢᠶᠠᠩ ᠂ ᠵᠤᠤ ᠯᠧ ᠵᠢᠢ ᠂ ᠸᠠᠩ ᠬᠤ᠋ ᠨᠢᠩ ᠂ ᠬᠠᠨ ᠵᠧᠩ ᠂ ᠳ᠋ᠢᠩ ᠰᠢᠤᠸᠠᠢ ᠰᠢᠶᠠᠩ ᠂ ᠯᠢ ᠰᠢ ᠂ ᠸᠠᠩ ᠴᠢ ᠱᠠᠨ ᠵᠡᠷᠭᠡ ᠨᠠᠮ ᠪᠣᠯᠣᠨ ᠲᠦᠷᠦ ᠶᠢᠨ ᠤᠳᠤᠷᠢᠳᠬᠤ ᠨᠥᠬᠦᠳ ᠪᠡᠭᠡᠵᠢᠩ ᠤᠨ ᠪᠠᠷᠠᠭᠤᠨ ᠲᠡᠭᠦᠷᠭᠡ ᠶᠢᠨ ᠨᠢᠰᠬᠡᠯ ᠤᠨ ᠪᠠᠭᠤᠳᠠᠯ ᠳᠤ ᠬᠦᠷᠴᠦ ᠴᠢᠨᠳᠠᠷ ᠢ ᠲᠤᠰᠪᠠ ᠃ ᠼᠠᠢ ᠴᠢ ᠨᠠᠷ ᠱᠠᠩᠬᠠᠢ ᠠᠴᠠ ᠵᠢᠶᠠᠩ ᠽᠧ ᠮᠢᠨ ᠨᠥᠬᠦᠷ ᠤᠨ ᠴᠢᠨᠳᠠᠷ ᠢ ᠪᠡᠭᠡᠵᠢᠩ ᠳᠤ ᠬᠠᠮᠠᠭᠠᠯᠠᠨ ᠬᠦᠷᠭᠡᠵᠦ ᠢᠷᠡᠪᠡ ᠃