ᠵᠤᠬᠢᠶᠠᠭᠴᠢ:
ᠴᠠᠭ:2022-12-02
ᠥᠵᠡᠭᠰᠡᠨ : ℃
ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾
ᠰᠦᠨ ᠱᠣᠣ ᠴᠧᠩ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠪᠠ ᠸᠠᠩ ᠯᠢ ᠰᠢᠶᠠ ᠣᠷᠣᠯᠴᠠᠵᠠᠢ
2022 11 ᠳ᠋ᠦ᠋ᠭᠡᠷ ᠰᠠᠷ᠎ᠠ ᠶᠢᠨ 30 ᠤ ᠡᠳᠦᠷ ᠤᠨ ᠦᠳᠡ ᠶᠢᠨ ᠬᠤᠶᠢᠨ᠎ᠠ᠂ ᠰᠦᠨ ᠱᠣᠣ ᠴᠧᠩ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠠᠷᠭᠠᠴᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠨᠠᠷᠢᠯᠢᠭ ᠣᠨᠣᠴᠠᠲᠠᠢ ᠰᠠᠶᠢᠲᠤᠷ ᠬᠢᠬᠦ ᠲᠤᠬᠠᠢ ᠰᠤᠳᠤᠯᠪᠠ᠃
ᠬᠤᠷᠠᠯ ᠠᠴᠠ᠂ ᠪᠡᠷᠬᠡ ᠬᠠᠲᠠᠭᠤᠵᠢᠯᠲᠠᠢ ᠪᠣᠭᠤᠮᠲᠠ ᠰᠢᠪᠲᠤᠯᠬᠤ ᠪᠠᠷ ᠳᠠᠮᠵᠢᠨ᠂ ᠬᠦᠬᠡᠬᠤᠲᠠ ᠶᠢ ᠬᠠᠮᠠᠭᠠᠯᠠᠬᠤ ᠳᠠᠶᠢᠯᠠᠯᠳᠤᠭᠠᠨ ᠱᠠᠲᠦ ᠦᠶ᠎ᠡ ᠶᠢᠨ ᠴᠢᠨᠠᠷᠲᠠᠢ ᠦᠷ᠎ᠡ ᠪᠦᠲᠦᠮᠵᠢ ᠣᠯᠪᠠ᠂ ᠣᠶᠢᠷ᠎ᠠ ᠶᠢᠨ ᠡᠳᠦᠷ ᠤᠳ ᠲᠤ ᠡᠳᠦᠷ ᠪᠦᠷᠢ ᠶᠢᠨ ᠰᠢᠨ᠎ᠡ ᠪᠠᠷ ᠨᠡᠮᠡᠭᠳᠡᠬᠦ ᠬᠠᠯᠳᠠᠪᠤᠷᠢᠯᠠᠭᠳᠠᠭᠰᠠᠳ ᠤᠨ ᠲᠤᠭ᠎ᠠ ᠪᠠᠭᠤᠷᠠᠬᠤ ᠬᠠᠨᠳᠤᠰᠢ ᠲᠠᠢ ᠪᠣᠯᠵᠤ᠂ ᠳᠣᠣᠷ᠎ᠠ ᠲᠦᠭᠰᠢᠭᠦᠷᠢᠲᠡᠢ ᠭᠠᠵᠠᠷ ᠣᠷᠣᠨ ᠤ ᠡᠪᠡᠳᠴᠢᠨ ᠤ ᠵᠢᠱᠢᠶ᠎ᠡ ᠭᠠᠭᠴᠠ ᠣᠷᠣᠨᠲᠦ ᠲᠤᠭ᠎ᠠ ᠬᠦᠷᠲᠡᠯ᠎ᠡ ᠪᠠᠭᠠᠰᠴᠤ᠂ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠨᠦᠬᠦᠴᠡᠯ ᠳᠤ ᠬᠦᠷᠦᠭᠰᠡᠨ ᠪᠠᠶᠢᠨ᠎ᠠ ᠭᠡᠵᠦ ᠵᠢᠭᠠᠵᠤ ᠭᠠᠷᠭᠠᠵᠠᠢ᠃ ᠡᠭᠦᠨ ᠤ ᠬᠠᠮᠲᠤ᠂ ᠬᠦᠬᠡᠬᠤᠲᠠ ᠶᠢᠨ ᠬᠢᠵᠢᠭ ᠤᠨ ᠪᠠᠶᠢᠳᠠᠯ ᠤᠨ ᠠᠶᠤᠯ ᠲᠦᠭᠰᠢᠭᠦᠷᠢ ᠶᠢ ᠪᠠᠰᠠ ᠪᠦᠷᠢᠮᠦᠰᠦᠨ ᠠᠷᠢᠯᠭᠠᠵᠤ ᠳᠡᠶᠢᠯᠦᠭᠡᠳᠦᠢ ᠪᠠᠶᠢᠭᠰᠠᠭᠠᠷ᠂ ᠦᠴᠦᠬᠡᠨ ᠴᠦ ᠠᠯᠮᠠᠶᠢᠷᠠᠵᠤ ᠪᠣᠯᠬᠤ ᠦᠭᠡᠢ᠂ ᠲᠦᠪ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ ᠡᠯ᠎ᠡ ᠵᠦᠢᠯ ᠤᠨ ᠠᠵᠢᠯ ᠢᠶᠠᠨ ᠰᠠᠶᠢᠲᠤᠷ ᠬᠢᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠬᠤᠷᠠᠯ ᠠᠴᠠ ᠭᠦᠭᠡᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠵᠢᠯ ᠢ ᠰᠠᠶᠢᠲᠤᠷ ᠬᠢᠬᠦ ᠲᠤᠬᠠᠢ ᠱᠠᠭᠠᠷᠳᠠᠯᠭ᠎ᠠ ᠳᠤᠷᠠᠳᠴᠠᠢ᠃ ᠨᠢᠭᠡ ᠳᠤ᠂ ᠰᠢᠯᠵᠢᠯᠲᠡ ᠶᠢᠨ ᠬᠤᠭᠤᠴᠠᠭ᠎ᠠ ᠦᠯᠡᠳᠡᠭᠡᠵᠦ᠂ ᠤᠳᠤ ᠶᠢᠨ ᠵᠢᠯᠤᠭᠤᠳᠬᠤ ᠰᠢᠰᠲ᠋ᠧᠮ ᠢ ᠲᠦᠷ ᠬᠤᠪᠢᠷᠠᠭᠤᠯᠬᠤ ᠦᠭᠡᠢ᠃ ᠬᠤᠶᠠᠷ ᠲᠤ᠂ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠠᠷᠭ᠎ᠠ ᠬᠡᠮᠵᠢᠶ᠎ᠡ ᠶᠢ ᠨᠠᠷᠢᠯᠢᠭ ᠠᠴᠠ ᠨᠠᠷᠢᠯᠢᠭ ᠨᠠᠶᠢᠳᠠᠪᠤᠷᠢᠵᠢᠭᠤᠯᠵᠤ᠂ ᠬᠠᠮᠢᠶᠠᠷᠬᠤ ᠶᠣᠰᠣᠲᠠᠢ ᠶᠢ ᠨᠢ ᠡᠷᠡᠰ ᠬᠠᠮᠢᠶᠠᠷᠴᠤ᠂ ᠲᠠᠯᠪᠢᠬᠤ ᠶᠣᠰᠣᠲᠠᠢ ᠶᠢ ᠨᠢ ᠦᠨᠡᠨ ᠬᠦ ᠲᠠᠯᠪᠢᠵᠤ᠂ ᠲᠠᠭᠢᠨ ᠲᠠᠷᠬᠠᠨ ᠳᠡᠯᠭᠡᠷᠡᠬᠦ ᠶᠢ ᠰᠡᠷᠭᠡᠶᠢᠯᠡᠬᠦ᠂ ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠭᠠᠳᠠᠭᠰᠢ ᠪᠠᠨ ᠬᠠᠯᠳᠠᠪᠤᠷᠢᠯᠠᠵᠤ ᠲᠠᠷᠬᠠᠨ ᠳᠡᠯᠭᠡᠷᠡᠬᠦ ᠶᠢ ᠰᠡᠷᠭᠡᠶᠢᠯᠡᠬᠦ ᠶᠢ ᠵᠡᠷᠭᠡ ᠪᠠᠷ ᠠᠳᠬᠤᠵᠤ᠂ ᠡᠯ᠎ᠡ ᠱᠠᠲᠤ ᠨᠥᠬᠦᠴᠡᠯ ᠱᠠᠭᠠᠷᠳᠠᠯᠭ᠎ᠠ ᠨᠡᠮᠡᠵᠦ ᠪᠤᠯᠬᠤ ᠦᠭᠡᠢ ᠮᠥᠷᠲᠡᠭᠡᠨ ᠰᠤᠯᠠ ᠲᠠᠯᠪᠢᠭᠠᠳ ᠬᠠᠶᠠᠨ ᠳᠤᠨᠢ ᠬᠠᠶᠠᠵᠤ ᠴᠤ ᠪᠤᠯᠬᠤ ᠦᠭᠡᠢ᠃ ᠭᠤᠷᠪᠠ ᠳᠤ᠂ ᠬᠡᠪ ᠤᠨ ᠦᠢᠯᠡᠳᠪᠦᠷᠢᠯᠡᠯ ᠠᠮᠢᠳᠤᠷᠠᠯ ᠤᠨ ᠡᠮᠬᠢ ᠳᠢᠭᠯᠢᠮ ᠢ ᠲᠦᠷᠭᠡᠬᠡᠨ ᠰᠡᠷᠭᠦᠭᠡᠵᠦ᠂ ᠤᠯᠠᠨ ᠲᠦᠮᠡᠨ ᠳᠤ ᠦᠢᠯᠡᠴᠢᠯᠡᠬᠦ ᠨᠢᠭᠡᠴᠢ ᠬᠡᠪ ᠤᠨ ᠡᠵᠡᠩᠨᠡᠯᠲᠡ ᠪᠠᠨ ᠰᠡᠷᠭᠦᠭᠡᠵᠦ᠂ ᠪᠠᠶᠢᠭᠤᠯᠭ᠎ᠠ ᠪᠠ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠬᠡᠪ ᠤᠨ ᠶᠣᠰᠣᠭᠠᠷ ᠠᠵᠢᠯ ᠳᠠᠭᠠᠨ ᠭᠠᠷᠴᠤ ᠠᠵᠢᠯ ᠠᠴᠠ ᠪᠠᠨ ᠪᠠᠭᠤᠬᠤ ᠶᠢ ᠰᠡᠷᠭᠦᠭᠡᠵᠦ᠂ ᠡᠯ᠎ᠡ ᠱᠠᠲᠤᠨ ᠤ ᠡᠮᠨᠡᠯᠭᠡ ᠶᠢᠨ ᠬᠤᠷᠢᠶ᠎ᠠ ᠬᠡᠪ ᠤᠨ ᠠᠵᠢᠯᠯᠠᠭ᠎ᠠ ᠪᠠᠨ ᠰᠡᠷᠭᠦᠭᠡᠵᠦ᠂ ᠬᠤᠳᠠ ᠶᠢᠨ ᠡᠯ᠎ᠡ ᠵᠦᠢᠯ ᠤᠨ ᠴᠢᠳᠠᠮᠵᠢ ᠪᠠ ᠬᠥᠮᠥᠨ ᠠᠷᠠᠳ ᠬᠤᠳᠠᠯᠳᠤᠭ᠎ᠠ ᠮᠠᠶᠢᠮᠠᠢ ᠶᠢ ᠬᠥᠭᠵᠢᠶᠡᠨ ᠲᠠᠢ ᠪᠤᠯᠭᠠᠵᠤ ᠠᠮᠢᠵᠢᠷᠠᠯ ᠤᠨ ᠬᠦᠴᠦᠨ ᠢ ᠲᠦᠷᠭᠡᠬᠡᠨ ᠰᠡᠷᠭᠦᠭᠡᠬᠦ ᠬᠡᠷᠡᠭᠲᠡᠢ᠃ ᠳᠥᠷᠪᠡ ᠳᠤ᠂ ᠠᠷᠭ᠎ᠠ ᠪᠦᠭᠦᠨ ᠢ ᠰᠦᠪᠡᠭᠴᠢᠯᠡᠨ ᠠᠷᠠᠳ ᠲᠦᠮᠡᠨ ᠢ ᠣᠷᠣᠯᠭ᠎ᠠ ᠲᠠᠢ ᠪᠤᠯᠭᠠᠵᠤ᠂ ᠠᠵᠢᠯ ᠦᠢᠯᠡᠳᠪᠦᠷᠢᠯᠡᠯ ᠢ ᠰᠡᠷᠭᠦᠭᠡᠬᠦ᠂ ᠬᠤᠳᠠᠯᠳᠤᠭ᠎ᠠ ᠵᠠᠬ᠎ᠠ ᠳᠡᠯᠭᠡᠭᠦᠷ ᠢ ᠰᠡᠷᠭᠦᠭᠡᠬᠦ ᠶᠢ ᠲᠦᠷᠭᠡᠳᠬᠡᠨ ᠠᠬᠢᠭᠤᠯᠵᠤ᠂ ᠵᠢᠵᠢᠭ ᠪᠢᠴᠢᠯ ᠠᠵᠤ ᠠᠬᠤᠶᠢᠯᠠᠯ ᠪᠣᠯᠣᠨ ᠦᠢᠯᠡᠳᠪᠦᠷᠢ ᠬᠤᠳᠠᠯᠳᠤᠭᠠᠨ ᠤ ᠬᠤᠪᠢ ᠡᠷᠦᠭᠡ ᠶᠢ ᠬᠠᠪᠰᠤᠷᠤᠨ ᠲᠡᠳᠭᠦᠭᠦ ᠡᠷᠴᠢᠮ ᠢᠶᠠᠨ ᠴᠢᠩᠭᠠᠷᠠᠭᠤᠯᠵᠤ᠂ ᠬᠦᠴᠢᠷᠳᠡᠯᠲᠡᠢ ᠬᠥᠮᠥᠰ ᠢ ᠲᠡᠩᠬᠡᠷᠡᠭᠦᠯᠦᠨ ᠲᠤᠰᠠᠯᠠᠬᠤ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠲᠠᠪᠤ ᠳᠤ᠂ ᠡᠮᠴᠢᠯᠡᠭᠡᠨ ᠤ ᠠᠪᠤᠷᠠᠨ ᠵᠠᠰᠠᠬᠤ ᠴᠢᠳᠠᠪᠤᠷᠢ ᠶᠢ ᠳᠡᠭᠡᠭᠰᠢᠯᠡᠭᠦᠯᠵᠦ᠂ ᠡᠮᠴᠢᠯᠡᠭᠡᠨ ᠤ ᠡᠬᠢ ᠪᠠᠶᠠᠯᠢᠭ ᠤᠨ ᠨᠥᠭᠡᠴᠡ ᠶᠢ ᠴᠢᠩᠭᠠᠳᠬᠠᠵᠤ᠂ ᠨᠠᠰᠤᠲᠠᠶᠢᠴᠤᠳ ᠲᠤ ᠸᠠᠺᠼᠢᠨ ᠤ ᠲᠠᠷᠢᠯᠭ᠎ᠠ ᠬᠢᠬᠦ ᠪᠦᠷᠬᠦᠴᠡ ᠶᠢ ᠨᠡᠮᠡᠭᠳᠡᠭᠦᠯᠬᠦ ᠬᠡᠷᠡᠭᠲᠡᠢ᠃ ᠵᠢᠷᠭᠤᠭ᠎ᠠ ᠳᠤ᠂ ᠵᠢᠯ ᠤᠨ ᠡᠴᠦᠰ ᠤᠨ ᠡᠯ᠎ᠡ ᠵᠦᠢᠯ ᠤᠨ ᠰᠡᠭᠦᠯ ᠬᠤᠷᠢᠶᠠᠬᠤ ᠠᠵᠢᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ᠂ ᠳᠠᠷᠠᠭ᠎ᠠ ᠵᠢᠯ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠱᠠᠯᠠᠪᠳᠠᠨ ᠲᠥᠯᠥᠪᠵᠢᠭᠦᠯᠵᠦ᠂ ᠬᠢᠵᠢᠭ ᠤᠨ ᠪᠠᠶᠢᠳᠠᠯ ᠳᠤ ᠰᠠᠭᠠᠲᠠᠭᠰᠠᠨ ᠴᠠᠭ ᠢ ᠵᠠᠪᠳᠤᠨ ᠨᠥᠬᠦᠪᠦᠷᠢᠯᠡᠬᠦ ᠪᠠᠷ ᠴᠢᠷᠮᠠᠶᠢᠬᠤ ᠬᠡᠷᠡᠭᠲᠡᠢ᠃ ᠲᠤᠯᠤᠭ᠎ᠠ ᠳᠤ᠂ ᠡᠯ᠎ᠡ ᠲᠦᠷᠦᠯ ᠤᠨ ᠠᠶᠤᠯ ᠲᠦᠭᠰᠢᠭᠦᠷᠢ ᠭᠡᠮ ᠰᠣᠭᠤᠭ ᠢ ᠰᠡᠷᠭᠡᠶᠢᠯᠡᠨ ᠠᠷᠢᠯᠭᠠᠵᠤ᠂ ᠨᠡᠶᠢᠭᠡᠮ ᠤᠨ ᠶᠡᠭᠡ ᠲᠠᠯ᠎ᠠ ᠶᠢᠨ ᠲᠣᠭᠲᠠᠭᠤᠨ ᠢ ᠪᠠᠲᠤᠯᠠᠬᠤ ᠬᠡᠷᠡᠭᠲᠡᠢ᠃
ᠬᠤᠷᠠᠯ ᠠᠴᠠ᠂ ᠪᠤᠰᠤᠳ ᠠᠶᠢᠮᠠᠭ ᠬᠤᠳᠠ ᠶᠢᠨ ᠬᠢᠵᠢᠭ ᠤᠨ ᠪᠠᠶᠢᠳᠠᠯ ᠠᠩᠬ᠎ᠠ ᠡᠭᠦᠰᠭᠦ ᠬᠤᠭᠤᠴᠠᠭᠠᠨ ᠳᠤ ᠣᠷᠣᠰᠢᠵᠤ ᠪᠠᠶᠢᠨ᠎ᠠ᠂ ᠰᠡᠷᠭᠡᠶᠢᠯᠡᠨ ᠡᠵᠡᠮᠳᠡᠬᠦ ᠠᠵᠢᠯ ᠢ ᠰᠤᠯᠠᠷᠠᠭᠤᠯᠵᠤ ᠪᠤᠯᠬᠤ ᠦᠭᠡᠢ᠂ ᠬᠦᠴᠦᠨ ᠢᠶᠠᠨ ᠲᠥᠪᠯᠡᠷᠡᠭᠦᠯᠦᠨ ᠰᠥᠨᠥᠭᠡᠯᠲᠡ ᠶᠢᠨ ᠳᠠᠶᠢᠯᠠᠯᠳᠤᠭᠠᠨ ᠤ ᠢᠯᠠᠯᠲᠠ ᠶᠢ ᠣᠯᠬᠤ ᠬᠡᠷᠡᠭᠲᠡᠢ ᠭᠡᠵᠦ ᠴᠢᠬᠤᠯᠠᠴᠢᠯᠠᠪᠠ᠃
ᠸᠠᠩ ᠯᠢ ᠰᠢᠶᠠ ᠵᠡᠷᠭᠡ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠥᠪᠥᠷ ᠮᠣᠩᠭᠤᠯ ᠤᠨ ᠠᠵᠢᠯᠯᠠᠬᠤ ᠳᠤᠭᠤᠶᠢᠯᠠᠩ ᠤᠨ ᠳᠠᠷᠤᠭ᠎ᠠ ᠰᠦᠨ ᠶᠠᠩ ᠬᠤᠷᠠᠯ ᠳᠤ ᠣᠷᠣᠯᠴᠠᠵᠠᠢ᠃