ᠵᠤᠬᠢᠶᠠᠭᠴᠢ:
ᠴᠠᠭ:2022-12-09
ᠥᠵᠡᠭᠰᠡᠨ : ℃
ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾
ᠰᠢ ᠶᠢᠨ ᠫᠢᠩ ᠰᠠᠦ᠋ᠳᠢ ᠠᠷᠠᠪ ᠤᠨ ᠤᠯᠤᠰ ᠤᠨ ᠸᠠᠩ ᠰᠠᠯᠧᠮᠠᠨ ᠲᠠᠢ ᠠᠭᠤᠯᠵᠠᠪᠠ
ᠲᠤᠬᠠᠢ ᠶᠢᠨ ᠭᠠᠵᠠᠷ ᠤᠨ ᠴᠠᠭ ᠢᠶᠠᠷ 2022 ᠣᠨ ᠤ 12 ᠳ᠋ᠤᠭᠠᠷ ᠰᠠᠷ᠎ᠠ ᠶᠢᠨ 8 ᠤ ᠦᠳᠡ ᠶᠢᠨ ᠬᠤᠶᠢᠨ᠎ᠠ ᠂ ᠤᠯᠤᠰ ᠤᠨ ᠲᠡᠷᠢᠭᠦᠯᠡᠭᠴᠢ ᠰᠢ ᠶᠢᠨ ᠫᠢᠩ ᠷᠢᠶᠠᠳ᠋ ᠤᠨ ᠸᠠᠩ ᠤᠨ ᠣᠷᠳᠣᠨ ᠳᠤ ᠰᠠᠦ᠋ᠳᠢ ᠠᠷᠠᠪ ᠤᠨ ᠤᠯᠤᠰ ᠤᠨ ᠸᠠᠩ ᠰᠠᠯᠧᠮᠠᠨ ᠲᠠᠢ ᠠᠭᠤᠯᠵᠠᠪᠠ ᠃
ᠰᠢ ᠶᠢᠨ ᠫᠢᠩ ᠂ 6 ᠵᠢᠯ ᠠᠯᠤᠰᠯᠠᠭᠠᠳ ᠰᠡᠦ᠋ᠳᠢ ᠠᠷᠠᠪ ᠲᠤ ᠳᠠᠬᠢᠨᠲᠠ ᠠᠶᠢᠯᠴᠢᠯᠠᠬᠰᠠᠨ ᠳᠠᠭᠠᠨ ᠮᠠᠰᠢ ᠪᠠᠶᠠᠷ ᠲᠠᠢ ᠪᠠᠶᠢᠨ᠎ᠠ ᠃ ᠪᠢ ᠳᠡᠭᠡᠷ᠎ᠡ ᠤᠳᠠᠭ᠎ᠠ ᠰᠠᠦ᠋ᠳᠢ ᠠᠷᠠᠪ ᠲᠤ ᠠᠶᠢᠯᠴᠢᠯᠠᠬᠰᠠᠨ ᠪᠠᠶᠢᠳᠠᠯ ᠢ ᠲᠣᠳᠣᠷᠬᠠᠢ ᠴᠡᠭᠡᠵᠢᠯᠡᠵᠦ ᠪᠠᠶᠢᠨ᠎ᠠ ᠃ ᠪᠢᠲᠠᠨ ᠤ ᠳᠤᠮᠳᠠᠳᠤ ᠰᠠᠦ᠋ᠳᠢ ᠠᠷᠠᠪ ᠤᠨ ᠬᠠᠷᠢᠯᠴᠠᠭ᠎ᠠ ᠶᠢ ᠬᠥᠭᠵᠢᠭᠦᠯᠬᠦ ᠪᠠᠷ ᠲᠣᠬᠢᠷᠠᠯᠴᠠᠭᠰᠠᠨ ᠴᠢᠬᠤᠯᠠ ᠬᠠᠮᠲᠤ ᠶᠢᠨ ᠲᠠᠨᠢᠯᠲᠠ ᠪᠦᠭᠦᠨ ᠦᠨᠡᠨ ᠪᠣᠳᠠᠲᠠᠢ ᠬᠠᠮᠲᠤᠷᠠᠯᠴᠠᠭᠠᠨ ᠤ ᠦᠷ᠎ᠡ ᠪᠦᠲᠦᠭᠡᠯ ᠪᠣᠯᠣᠨ ᠬᠤᠪᠢᠷᠠᠵᠤ ᠪᠠᠶᠢᠬᠤ ᠶᠢ ᠪᠢ ᠪᠠᠶᠠᠷ ᠲᠠᠢ ᠣᠯᠵᠤ ᠬᠠᠷᠠᠯ᠎ᠠ ᠃ ᠳᠤᠮᠳᠠᠳᠤ ᠰᠠᠦ᠋ᠳᠢ ᠠᠷᠠᠪ ᠤᠨ ᠬᠠᠮᠲᠤᠷᠠᠯᠴᠠᠭ᠎ᠠ ᠥᠷᠭᠡᠨ ᠠᠭᠤᠳᠠᠮ ᠠᠯᠤᠰ ᠢᠷᠡᠭᠡᠳᠦᠢ ᠲᠠᠢ ᠶᠤᠮ ᠃ ᠳᠤᠮᠳᠠᠳᠤ ᠤᠯᠤᠰ ᠰᠠᠦ᠋ᠳᠢ ᠠᠷᠠᠪ ᠢ ᠤᠯᠠᠨ ᠲᠤᠶᠢᠯᠵᠢᠭᠰᠠᠨ ᠳᠡᠯᠡᠬᠡᠢ ᠶᠢᠷᠲᠢᠨᠴᠦ ᠶᠢᠨ ᠴᠢᠬᠤᠯᠠ ᠬᠦᠴᠦᠨ ᠢᠶᠠᠷ ᠦᠵᠡᠵᠦ ᠂ ᠰᠠᠦ᠋ᠳᠢ ᠠᠷᠠᠪ ᠯᠤᠭ᠎ᠠ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠪᠠᠨ ᠬᠥᠭᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠨ᠎ᠠ ᠃ ᠳᠤᠮᠳᠠᠳᠤ ᠤᠯᠤᠰ ᠳᠤᠷᠠᠲᠠᠶ᠎ᠠ ᠰᠠᠦ᠋ᠳᠢ ᠠᠷᠠᠪ ᠯᠤᠭ᠎ᠠ ᠪᠠᠶᠢᠯᠳᠤᠬᠤ ᠪᠣᠳᠣᠯᠭ᠎ᠠ ᠶᠢᠨ ᠣᠯᠣᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ ᠂ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠂ ᠬᠤᠶᠠᠷ ᠤᠯᠤᠰ ᠤᠨ ᠬᠥᠭᠵᠢᠯᠲᠡ ᠶᠢᠨ ᠠᠰᠢᠭ ᠲᠤᠰᠠ ᠳᠤ ᠦᠢᠯᠡᠴᠢᠯᠡᠵᠦ ᠂ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠢ ᠬᠠᠮᠠᠭᠠᠯᠠᠨ᠎ᠠ ᠭᠡᠵᠦ ᠵᠢᠭᠠᠵᠤ ᠭᠠᠷᠭᠠᠪᠠ ᠃
ᠰᠠᠯᠧᠮᠠᠨ ᠂ ᠲᠡᠷᠢᠭᠦᠯᠡᠭᠴᠢ ᠰᠢ ᠶᠢᠨ ᠫᠢᠩ ᠤᠨ ᠰᠡᠦ᠋ᠳᠢ ᠠᠷᠠᠪ ᠲᠤ ᠳᠠᠬᠢᠨᠲᠠ ᠠᠶᠢᠯᠴᠢᠯᠠᠬᠰᠠᠨ ᠢ ᠪᠠᠶᠠᠷᠯᠠᠨ ᠤᠭᠲᠤᠵᠤ ᠪᠠᠶᠢᠨ᠎ᠠ ᠂ ᠲᠠᠨ ᠤ 2016 ᠣᠨ ᠤ ᠰᠡᠦ᠋ᠳᠢ ᠠᠷᠠᠪ ᠲᠠᠬᠢ ᠠᠮᠵᠢᠯᠲᠠ ᠲᠠᠢ ᠠᠶᠢᠯᠴᠢᠯᠠᠯᠲᠠ ᠪᠣᠯ ᠮᠠᠷᠲᠠᠭᠳᠠᠰᠢ ᠦᠭᠡᠢ ᠶᠤᠮ ᠃ ᠣᠶᠢᠷ᠎ᠠ ᠶᠢᠨ ᠵᠢᠯ ᠠᠴᠠ ᠂ ᠰᠡᠦ᠋ᠳᠢ ᠠᠷᠠᠪ ᠳᠤᠮᠳᠠᠳᠤ ᠬᠤᠶᠠᠷ ᠤᠯᠤᠰ ᠤᠨ ᠪᠠᠶᠢᠯᠳᠤᠬᠤ ᠪᠣᠳᠣᠯᠭ᠎ᠠ ᠶᠢᠨ ᠵᠣᠯᠭᠠᠯᠴᠠᠭ᠎ᠠ ᠪᠣᠯᠣᠨ ᠡᠯ᠎ᠡ ᠬᠦᠷᠢᠶᠡᠨ ᠳᠠᠬᠢ ᠬᠠᠮᠲᠤᠷᠠᠯᠴᠠᠭ᠎ᠠ ᠴᠥᠮ ᠰᠠᠶᠢᠨ ᠰᠠᠶᠢᠬᠠᠨ ᠠᠬᠢᠴᠠ ᠲᠠᠢ ᠪᠣᠯᠵᠤ ᠂ ᠬᠤᠶᠠᠷ ᠲᠠᠯ᠎ᠠ ᠪᠠᠷ ᠢᠶᠠᠨ ᠮᠠᠰᠢ ᠤᠯᠠᠨ ᠠᠰᠠᠭᠤᠳᠠᠯ ᠳᠡᠭᠡᠷ᠎ᠡ ᠴᠥᠮ ᠴᠢᠬᠤᠯᠠ ᠬᠠᠮᠲᠤ ᠶᠢᠨ ᠲᠠᠨᠢᠯᠲᠠ ᠲᠠᠢ ᠶᠤᠮ ᠂ ᠳᠤᠮᠳᠠᠳᠤ ᠶᠢᠨ ᠲᠠᠯ᠎ᠠ ᠶᠢᠨ ᠠᠰᠢᠭ ᠲᠤᠰᠠ ᠪᠣᠯ ᠳᠠᠷᠤᠢ ᠰᠡᠦ᠋ᠳᠢ ᠠᠷᠠᠪ ᠤᠨ ᠲᠠᠯ᠎ᠠ ᠶᠢᠨ ᠠᠰᠢᠭ ᠲᠤᠰᠠ ᠪᠣᠯᠣᠨ᠎ᠠ ᠃ ᠪᠢ ᠳᠤᠮᠳᠠᠳᠤ ᠤᠯᠤᠰ ᠯᠤᠭ᠎ᠠ ᠶᠢᠨ ᠬᠠᠷᠢᠯᠴᠠᠭ᠎ᠠ ᠪᠠᠨ ᠬᠥᠭᠵᠢᠭᠦᠯᠬᠦ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠳᠤᠷᠠᠲᠠᠶ᠎ᠠ ᠲᠡᠷᠢᠭᠦᠯᠡᠭᠴᠢ ᠰᠢ ᠶᠢᠨ ᠫᠢᠩ ᠲᠠᠢ ᠬᠠᠮᠲᠤ ᠪᠠᠷ ᠴᠢᠷᠮᠠᠶᠢᠵᠤ ᠰᠡᠦ᠋ᠳᠢ ᠠᠷᠠᠪ ᠳᠤᠮᠳᠠᠳᠤ ᠶᠢᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠲᠠᠰᠤᠷᠠᠯᠳᠡ ᠦᠭᠡᠢ ᠤᠷᠤᠭᠰᠢ ᠭᠦᠭᠵᠢᠭᠦ ᠶᠢ ᠠᠬᠢᠭᠤᠯᠵᠤ ᠂ ᠬᠤᠶᠠᠷ ᠤᠯᠤᠰ ᠤᠨ ᠨᠥᠭᠦᠷᠰᠡᠭ ᠠᠷᠠᠳ ᠲᠦᠮᠡᠨ ᠳᠤ ᠪᠤᠶᠠᠨ ᠦᠢᠯᠡᠳᠦᠨ᠎ᠡ ᠂ ᠡᠨᠡ ᠨᠢ ᠪᠠᠰᠠ ᠭᠠᠵᠠᠷ ᠣᠷᠣᠨ ᠪᠣᠯᠣᠨ ᠳᠡᠯᠡᠬᠡᠢ ᠶᠢᠨ ᠡᠩᠬᠡ ᠲᠠᠶᠢᠪᠤᠩ ᠲᠣᠭᠲᠠᠭᠤᠨ ᠪᠣᠯᠣᠨ ᠠᠮᠤᠷ ᠠᠮᠤᠭᠤᠯᠠᠩ ᠢ ᠪᠡᠶᠡᠯᠡᠭᠦᠯᠬᠦ ᠳᠤ ᠠᠰᠢᠭᠲᠠᠢ ᠶᠤᠮ ᠭᠡᠵᠦ ᠢᠯᠡᠳᠬᠡᠪᠡ ᠃
ᠬᠤᠶᠠᠷ ᠤᠯᠤᠰ ᠤᠨ ᠲᠡᠷᠢᠭᠦᠨ ᠪᠡᠶ᠎ᠡ ᠪᠠᠷ ᠢᠶᠠᠨ 《ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠣᠯᠣᠨ ᠰᠠᠦ᠋ᠳᠢ ᠠᠷᠠᠪ ᠸᠠᠩᠲᠤ ᠤᠯᠤᠰ ᠤᠨ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠤ ᠬᠠᠷᠢᠯᠴᠠᠭ᠎ᠠ ᠶᠢᠨ ᠵᠥᠪᠯᠡᠯᠴᠡᠭᠡᠷ》 ᠲᠤ ᠭᠠᠷ ᠤᠨ ᠦᠰᠦᠭ ᠵᠢᠷᠤᠵᠤ ᠂ ᠬᠤᠶᠠᠷ ᠵᠢᠯ ᠪᠦᠷᠢ ᠳᠤ ᠬᠤᠶᠠᠷ ᠤᠯᠤᠰ ᠲᠤ ᠡᠭᠡᠯᠵᠢᠯᠡᠨ ᠨᠢᠭᠡ ᠤᠳᠠᠭᠠᠨ ᠤ ᠬᠤᠶᠠᠷ ᠤᠯᠤᠰ ᠤᠨ ᠲᠡᠷᠢᠭᠦᠨ ᠤ ᠠᠭᠤᠯᠵᠠᠯᠲᠠ ᠬᠢᠬᠦ ᠶᠢ ᠵᠥᠪᠰᠢᠶᠡᠷᠡᠪᠡ ᠃
ᠳ᠋ᠢᠩ ᠰᠢᠤᠸᠠᠢ ᠰᠢᠶᠠᠩ ᠂ ᠸᠠᠩ ᠢ ᠳᠡᠭᠡᠷᠡᠬᠢ ᠠᠵᠢᠯᠯᠠᠭ᠎ᠠ ᠳᠤ ᠣᠷᠣᠯᠴᠠᠵᠠᠢ ᠃