ᠵᠤᠬᠢᠶᠠᠭᠴᠢ:
ᠴᠠᠭ:2022-12-09
ᠥᠵᠡᠭᠰᠡᠨ : ℃
ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾
ᠰᠦᠨ ᠱᠤᠤ ᠴᠧᠩ ᠤᠰᠤᠨ ᠠᠰᠢᠭᠯᠠᠯᠲᠠ ᠶᠢᠨ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ
2022 ᠣᠨ ᠤ 12 ᠳ᠋ᠤᠭᠠᠷ ᠰᠠᠷ᠎ᠠ ᠶᠢᠨ 1 ᠤ ᠡᠳᠦᠷ᠂ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠳᠤ ᠬᠦᠷᠴᠦ᠂ ᠪᠦᠭᠦ ᠣᠷᠣᠨ ᠤ ᠤᠰᠤᠨ ᠠᠰᠢᠭᠯᠠᠯᠲᠠ ᠶᠢᠨ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ᠃
ᠤᠰᠤᠨ ᠠᠰᠢᠭᠯᠠᠯᠲᠠ ᠶᠢᠨ ᠲᠢᠩᠬᠢᠮ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ᠂ ᠰᠦᠨ ᠱᠤᠤ ᠴᠧᠩ᠂ ᠥᠪᠥᠷ ᠮᠣᠩᠭᠤᠯ ᠳᠤ ᠠᠪᠴᠤ ᠬᠡᠯᠡᠪᠡᠯ᠂ ᠤᠰᠤ ᠪᠣᠯ ᠦᠬᠦᠵᠦ ᠰᠡᠭᠡᠭᠦ ᠲᠠᠢ ᠬᠤᠯᠪᠣᠭᠳᠠᠬᠤ ᠲᠣᠮᠣ ᠶᠠᠪᠤᠳᠠᠯ ᠪᠣᠯᠣᠨ᠎ᠠ᠂ ᠲᠡᠭᠦᠨ ᠤ ᠴᠢᠬᠤᠯᠠ ᠴᠢᠨᠠᠷ ᠢ ᠶᠠᠭᠠᠬᠢᠵᠤ ᠴᠢᠬᠤᠯᠠᠴᠢᠯᠠᠭᠰᠠᠨ ᠴᠤ ᠢᠯᠡᠭᠦᠳᠡᠬᠦ ᠦᠭᠡᠢ ᠶᠤᠮ᠂ ᠪᠣᠳᠠᠲᠤ ᠠᠬᠤᠢ ᠶᠢᠨ ᠳᠤᠮᠳᠠ ᠤᠰᠤᠨ ᠤ ᠨᠥᠬᠦᠴᠡᠯ ᠳᠤ ᠬᠢᠵᠠᠭᠠᠷᠯᠠᠭᠳᠠᠵᠤ᠂ ᠤᠰᠤᠨ ᠤ ᠨᠥᠬᠦᠴᠡᠯ ᠳᠤ ᠬᠦᠯᠢᠶᠡᠰᠦᠯᠡᠭᠳᠡᠬᠦ ᠠᠰᠠᠭᠤᠳᠠᠯ ᠡᠳᠦᠷ ᠢᠷᠡᠬᠦᠶ᠎ᠡ ᠲᠣᠪᠣᠶᠢᠮ᠎ᠠ ᠪᠣᠯᠵᠤ ᠪᠠᠶᠢᠨ᠎ᠠ᠃ ᠪᠢᠳᠡ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠡᠶᠡᠯᠡᠭᠦᠯᠬᠦ ᠳᠤ ᠠᠯᠢ ᠨᠢ ᠴᠦ ᠤᠰᠤᠨ ᠤ ᠲᠤᠯᠭᠠᠭᠤᠷᠢᠯᠠᠯ ᠪᠠ ᠪᠠᠲᠤᠯᠠᠭ᠎ᠠ ᠠᠴᠠ ᠰᠠᠯᠵᠤ ᠴᠢᠳᠠᠬᠤ ᠦᠭᠡᠢ ᠶᠤᠮ ᠭᠡᠵᠦ ᠬᠡᠯᠡᠪᠡ᠃
ᠰᠦᠨ ᠱᠤᠤ ᠴᠧᠩ᠂ ᠪᠦᠭᠦ ᠣᠷᠣᠨ ᠤ ᠤᠰᠤᠨ ᠠᠰᠢᠭᠯᠠᠯᠲᠠ ᠶᠢᠨ ᠠᠵᠢᠯ ᠢ ᠰᠠᠶᠢᠲᠤᠷ ᠬᠢᠬᠦ ᠳᠤ ᠲᠠᠪᠤᠨ ᠲᠠᠯ᠎ᠠ ᠪᠠᠷ ᠬᠦᠴᠦ ᠲᠠᠯᠪᠢᠬᠤ ᠬᠡᠷᠡᠭᠲᠡᠢ᠃ ᠨᠢᠭᠡ ᠳᠤ᠂ ᠪᠠᠶᠢᠷᠢᠰᠢᠭᠤᠯᠤᠯᠲᠠ ᠶᠢ ᠰᠠᠶᠢᠲᠤᠷ ᠬᠢᠵᠦ᠂ ᠤᠯᠤᠰ ᠠᠴᠠ ᠪᠦᠭᠦ ᠤᠯᠤᠰ ᠤᠨ ᠤᠰᠤᠨ ᠤ ᠲᠣᠣᠷ ᠤᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠪᠠᠶᠢᠭ᠎ᠠ ᠴᠢᠬᠤᠯᠠ ᠠᠵᠠ ᠲᠣᠭᠢᠶᠠᠯ ᠢ ᠠᠳᠬᠤᠵᠤ᠂ ᠪᠦᠭᠦ ᠣᠷᠣᠨ ᠤ ᠤᠰᠤᠨ ᠤ ᠲᠣᠣᠷ ᠤᠨ ᠨᠠᠶᠢᠷᠠᠭᠤᠯᠤᠨ ᠵᠣᠬᠢᠶᠠᠬᠤ ᠠᠵᠢᠯ ᠢ ᠰᠠᠶᠢᠲᠤᠷ ᠬᠢᠵᠦ᠂ ᠲᠣᠮᠣ ᠲᠥᠷᠥᠯ ᠵᠦᠢᠯ ᠢ ᠰᠠᠶᠢᠲᠤᠷ ᠲᠥᠯᠥᠪᠵᠢᠭᠦᠯᠬᠦ ᠪᠥᠭᠡᠳ ᠪᠠᠰᠠ ᠵᠢᠵᠢᠭ ᠲᠥᠷᠥᠯ ᠵᠦᠢᠯ ᠢ ᠴᠦ ᠰᠠᠶᠢᠲᠤᠷ ᠵᠢᠷᠤᠵᠤ ᠲᠥᠯᠥᠪᠯᠡᠨ᠂ ᠤᠯᠤᠰ ᠤᠨ ᠳᠡᠮᠵᠢᠯᠭᠡ ᠶᠢ ᠪᠦᠭᠦ ᠬᠦᠴᠦᠨ ᠢᠶᠠᠷ ᠢᠶᠠᠨ ᠴᠢᠷᠮᠠᠶᠢᠨ ᠣᠯᠵᠤ᠂ ᠮᠠᠨ ᠤ ᠣᠷᠣᠨ ᠤ ᠤᠰᠤᠨ ᠠᠰᠢᠭᠯᠠᠯᠲᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠦᠭᠦ ᠲᠠᠯ᠎ᠠ ᠪᠠᠷ ᠤᠯᠤᠰ ᠤᠨ ᠤᠰᠤᠨ ᠤ ᠲᠣᠣᠷ ᠲᠤ ᠣᠷᠣᠭᠤᠯᠬᠤ ᠶᠢ ᠠᠬᠢᠭᠤᠯᠬᠤ ᠬᠡᠷᠡᠭᠲᠡᠢ᠃ ᠬᠤᠶᠠᠷ ᠲᠤ᠂ ᠡᠬᠢ ᠰᠤᠷᠪᠤᠯᠵᠢ ᠶᠢ ᠰᠠᠶᠢᠲᠤᠷ ᠨᠡᠭᠡᠭᠡᠵᠦ᠂ ᠬᠠᠲᠤᠨ ᠭᠤᠣᠯ ᠵᠡᠷᠭᠡ ᠰᠠᠪᠠ ᠭᠠᠵᠠᠷ ᠤᠨ ᠤᠰᠤ ᠬᠡᠷᠡᠭᠯᠡᠬᠦ ᠭᠦᠢᠴᠡᠳᠬᠡᠯ ᠲᠤᠭ᠎ᠠ ᠶᠢ ᠢᠳᠡᠪᠬᠢᠯᠡᠨ ᠴᠢᠷᠮᠠᠢᠨ ᠣᠯᠵᠤ᠂ ᠤᠰᠤ ᠲᠠᠲᠠᠵᠤ ᠤᠰᠤ ᠭᠦᠷᠭᠡᠭᠦ ᠴᠢᠬᠤᠯᠠ ᠶᠡᠭᠡ ᠢᠨᠵᠧᠨᠧᠷᠢᠩ ᠢ ᠰᠠᠶᠢᠲᠤᠷ ᠲᠥᠯᠥᠪᠵᠢᠭᠦᠯᠦᠨ ᠬᠡᠷᠡᠭᠵᠢᠭᠦᠯᠵᠦ᠂ ᠦᠶᠡᠷ ᠢ ᠲᠣᠭᠲᠠᠭᠠᠨ ᠬᠠᠳᠠᠭᠠᠯᠠᠬᠤ ᠣᠷᠣᠨ ᠤ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠤᠰᠤᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠭᠦ ᠬᠡᠷᠡᠭᠲᠡᠢ᠃ ᠭᠤᠷᠪᠠ ᠳᠤ᠂ ᠤᠷᠤᠰᠬᠠᠯ ᠢ ᠰᠠᠶᠢᠲᠤᠷ ᠠᠷᠪᠢᠯᠠᠵᠤ᠂ 《ᠤᠰᠤ ᠪᠠᠷ ᠳᠥᠷᠪᠡ ᠶᠢ ᠲᠣᠭᠲᠠᠭᠠᠬᠤ》ᠵᠠᠷᠴᠢᠮ ᠢ ᠴᠢᠩᠭ᠎ᠠ ᠨᠠᠶᠢᠳᠠᠪᠤᠷᠢᠵᠢᠭᠤᠯᠵᠤ᠂ ᠬᠠᠮᠤᠭ ᠤᠨ ᠴᠢᠩᠭ᠎ᠠ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠳᠦᠷᠢᠮ ᠢ ᠬᠡᠷᠡᠭᠵᠢᠭᠦᠯᠵᠦ᠂ ᠵᠠᠷᠢᠮ ᠭᠠᠵᠠᠷ ᠣᠷᠣᠨ ᠳᠤ ᠣᠷᠣᠰᠢᠵᠤ ᠪᠠᠶᠢᠭ᠎ᠠ ᠲᠠᠷᠢᠶᠠᠯᠠᠩ ᠤᠨ《ᠶᠡᠭᠡ ᠤᠰᠤ ᠪᠠᠷ ᠨᠡᠯᠦᠶᠢᠲᠡᠯ᠎ᠡ ᠤᠰᠤᠯᠠᠬᠤ》᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠬᠤ ᠵᠡᠷᠭᠡ ᠠᠰᠠᠭᠤᠳᠠᠯ ᠢ ᠱᠠᠯᠠᠪᠳᠠᠭᠤᠯᠤᠨ ᠰᠤᠳᠤᠯᠵᠤ ᠰᠢᠢᠳᠪᠦᠷᠢᠯᠡᠬᠦ ᠬᠡᠷᠡᠭᠲᠡᠢ᠃ ᠡᠯ᠎ᠡ ᠱᠠᠲᠤᠨ ᠤ ᠵᠠᠰᠠᠭ ᠤᠨ ᠣᠷᠳᠣᠨ ᠨᠠᠷᠢᠨ ᠨᠢᠮᠪᠠᠢ ᠰᠤᠳᠤᠯᠵᠤ᠂ ᠦᠨᠡᠨ ᠬᠦ ᠲᠤᠰᠠᠲᠠᠢ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠠᠵᠤ ᠠᠬᠤᠢ ᠶᠢᠨ ᠠᠷᠭ᠎ᠠ ᠪᠠᠷᠢᠯ ᠢᠶᠠᠷ ᠲᠠᠷᠢᠶᠠᠴᠢᠳ ᠢ ᠵᠣᠷᠢᠭᠵᠢᠭᠤᠯᠤᠨ ᠤᠰᠤ ᠠᠷᠪᠢᠯᠠᠬᠤ ᠲᠠᠷᠢᠶᠠᠯᠠᠩ ᠢ ᠤᠬᠠᠮᠰᠠᠷ ᠠᠴᠠ ᠪᠠᠨ ᠬᠥᠭᠵᠢᠭᠦᠯᠬᠦ ᠶᠢ ᠴᠢᠬᠤᠯᠠᠴᠢᠯᠠᠬᠤ ᠬᠡᠷᠡᠭᠲᠡᠢ᠃ ᠳᠥᠷᠪᠡ ᠳᠤ᠂ ᠲᠣᠭᠲᠠᠴᠠ ᠶᠢ ᠰᠠᠶᠢᠲᠤᠷ ᠪᠠᠶᠢᠭᠤᠯᠵᠤ᠂ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠤᠰᠤ ᠬᠡᠷᠡᠭᠯᠡᠬᠦ ᠡᠷᠬᠡ ᠶᠢ ᠠᠷᠠᠯᠵᠢᠶᠠᠯᠠᠬᠤ ᠵᠡᠷᠭᠡ ᠠᠷᠭ᠎ᠠ ᠶᠢ ᠰᠦᠪᠡᠭᠴᠢᠯᠡᠨ ᠰᠠᠶᠢᠲᠤᠷ ᠬᠡᠷᠡᠭᠯᠡᠵᠦ᠂ ᠤᠰᠤᠨ ᠤ ᠡᠬᠢ ᠪᠠᠶᠠᠯᠢᠭ ᠢ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠭᠦ ᠶᠢ ᠭᠡᠳᠡᠷᠭᠦ ᠰᠢᠬᠠᠮᠳᠠᠭᠤᠯᠬᠤ ᠬᠡᠷᠡᠭᠲᠡᠢ᠃ ᠲᠠᠪᠤ ᠳᠤ᠂ ᠵᠣᠭᠤᠰ ᠢ ᠰᠠᠶᠢᠲᠤᠷ ᠬᠠᠮᠢᠶᠠᠷᠴᠤ᠂ ᠤᠰᠤᠨ ᠠᠰᠢᠭᠯᠠᠯᠲᠠ ᠶᠢᠨ ᠪᠡᠯᠡ ᠮᠥᠩᠭᠦ ᠶᠢ ᠬᠤᠪᠢᠶᠠᠷᠢᠯᠠᠬᠤ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠠᠶᠢᠮᠠᠭ ᠬᠤᠲᠠ᠂ ᠬᠤᠰᠢᠭᠤ ᠰᠢᠶᠠᠨ ᠤ ᠢᠵᠢ ᠪᠦᠷᠢᠳᠦᠭᠦᠯᠬᠦ ᠪᠡᠯᠡ ᠮᠥᠩᠭᠦ ᠶᠢ ᠪᠠᠭᠠᠰᠬᠠᠬᠤ ᠪᠤᠶᠤ ᠬᠦᠴᠦᠨ ᠦᠭᠡᠢ ᠪᠤᠯᠭᠠᠬᠤ ᠶᠢ ᠰᠦᠪᠡᠭᠴᠢᠯᠡᠬᠦ ᠶᠢᠨ ᠵᠡᠷᠭᠡ ᠪᠠᠷ᠂ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠵᠠᠯᠬᠠᠭᠠᠨ ᠴᠡᠭᠡᠷᠯᠡᠭᠦᠯᠵᠦ᠂ ᠡᠳ᠋ ᠤᠨ ᠵᠠᠰᠠᠭ ᠤᠨ ᠰᠠᠬᠢᠯᠭ᠎ᠠ ᠪᠠᠲᠤ ᠶᠢ ᠦᠨᠡᠨ ᠬᠦ 《ᠥᠨᠳᠥᠷ ᠳᠠᠷᠤᠯᠲᠠᠲᠤ ᠤᠲᠠᠰᠤ》 ᠪᠤᠯᠭᠠᠵᠤ᠂ ᠲᠤᠰᠬᠠᠢ ᠪᠡᠯᠡ ᠮᠥᠩᠭᠦ ᠶᠢ ᠡᠵᠡᠯᠡᠨ ᠬᠡᠷᠡᠭᠯᠡᠬᠦ ᠦᠭᠡᠢ᠂ ᠨᠡᠭᠦᠯᠭᠡᠨ ᠬᠡᠷᠡᠭᠯᠡᠬᠦ ᠦᠭᠡᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠬᠡᠯᠡᠪᠡ᠃
ᠢᠦᠢ ᠯᠢ ᠰᠢᠨ ᠠᠵᠢᠯᠯᠠᠭ᠎ᠠ ᠳᠤ ᠣᠷᠣᠯᠴᠠᠵᠠᠢ᠃