ᠵᠤᠬᠢᠶᠠᠭᠴᠢ:
ᠴᠠᠭ:2022-12-23
ᠥᠵᠡᠭᠰᠡᠨ : ℃
ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾
ᠲᠠᠪᠤᠨ ᠶᠡᠭᠡ ᠡᠭᠦᠷᠭᠡ ᠶᠢ ᠦᠢᠯᠡᠳᠦᠯᠭᠡᠵᠢᠭᠦᠯᠦᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ ᠮᠠᠨ ᠤ ᠣᠷᠣᠨ ᠲᠣᠳᠣᠷᠬᠠᠢ ᠵᠠᠮ ᠱᠤᠭᠤᠮ ᠤᠨ ᠵᠢᠷᠤᠭ ᠪᠠ ᠴᠠᠭ ᠤᠨ ᠬᠦᠰᠦᠨᠦᠭ ᠭᠠᠷᠭᠠᠪᠠ
ᠲᠠᠪᠤᠨ ᠶᠡᠭᠡ ᠡᠭᠦᠷᠭᠡ ᠪᠣᠯ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠪᠠᠶᠢᠳᠠᠯ ᠳᠤ ᠲᠣᠬᠢᠷᠠᠭᠤᠯᠤᠨ ᠲᠣᠭᠲᠠᠭᠠᠵᠤ ᠥᠭᠭᠦᠭᠰᠡᠨ ᠠᠵᠢᠯᠯᠠᠭᠠᠨ ᠤ ᠬᠥᠲᠥᠯᠪᠦᠷᠢ ᠪᠣᠯᠣᠨ᠎ᠠ᠃ 2022 ᠣᠨ ᠤ 12 ᠳ᠋ᠤᠭᠠᠷ ᠰᠠᠷ᠎ᠠ ᠶᠢᠨ 12 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ《ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ · ᠲᠠᠪᠤᠨ ᠶᠡᠭᠡ ᠡᠭᠦᠷᠭᠡ ᠶᠢ ᠦᠢᠯᠡᠳᠦᠯᠭᠡᠵᠢᠭᠦᠯᠵᠦ ᠦᠷ᠎ᠡ ᠪᠦᠲᠦᠮᠵᠢ ᠭᠠᠷᠭᠠᠬᠤ ᠶᠢ ᠠᠬᠢᠭᠤᠯᠬᠤ》ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠲᠠᠪᠤᠨ ᠶᠡᠭᠡ ᠡᠭᠦᠷᠭᠡ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠮᠠᠯ ᠠᠵᠤ ᠠᠬᠤᠢ ᠪᠠ ᠲᠠᠷᠢᠶᠠᠯᠠᠬᠤ ᠮᠠᠯᠵᠢᠬᠤ ᠣᠷᠣᠨ ᠤ ᠲᠢᠩᠬᠢᠮ ᠂ ᠡᠨᠧᠷᠭᠢ ᠶᠢᠨ ᠲᠣᠪᠴᠢᠶ᠎ᠠ ᠂ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠮᠠᠨ ᠤ ᠣᠷᠣᠨ ᠤ ᠲᠠᠪᠤᠨ ᠶᠡᠭᠡ ᠡᠭᠦᠷᠭᠡ ᠶᠢᠨ ᠶᠡᠷᠦᠩᠬᠡᠢ ᠪᠠᠶᠢᠳᠠᠯ ᠪᠠ ᠭᠤᠣᠯᠳᠠᠯᠭ᠎ᠠ ᠲᠠᠢ ᠠᠵᠢᠯ ᠂ ᠠᠷᠭ᠎ᠠ ᠬᠡᠮᠵᠢᠶ᠎ᠡ ᠶᠢᠨ ᠲᠤᠬᠠᠢ ᠲᠠᠶᠢᠯᠤᠮᠵᠢ ᠬᠢᠪᠡ ᠃
ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠦᠲᠦᠭᠡᠨ ᠪᠠᠶᠢᠭᠤᠯᠬᠤ ᠲᠠᠯ᠎ᠠ ᠪᠠᠷ᠂ ᠮᠠᠨ ᠤ ᠣᠷᠣᠨ ᠬᠥᠭᠵᠢᠯᠲᠡ ᠶᠢᠨ ᠠᠷᠭ᠎ᠠ ᠭᠡᠯᠪᠡᠷᠢ ᠪᠠᠨ ᠪᠣᠬᠢᠷᠳᠤᠯ ᠦᠭᠡᠢ ᠲᠡᠶᠢᠰᠢ ᠬᠤᠪᠢᠷᠠᠭᠤᠯᠬᠤ ᠶᠢ ᠲᠦᠷᠭᠡᠳᠬᠡᠨ ᠂ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠤᠷᠭᠢᠯ ᠬᠡᠮᠵᠢᠭᠳᠡᠯ ᠳᠤ ᠬᠦᠷᠬᠦ ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠢᠳᠡᠪᠬᠢᠲᠡᠢ ᠪᠥᠭᠡᠳ ᠯᠠᠪᠳᠠᠭᠤᠨ ᠢᠶᠠᠷ ᠠᠬᠢᠭᠤᠯᠵᠤ ᠂ ᠨᠤᠲᠤᠭ ᠪᠡᠯᠴᠢᠭᠡᠷ ᠢ ᠬᠠᠮᠠᠭᠠᠯᠠᠬᠤ ᠂ ᠤᠢ ᠰᠢᠭᠤᠢ ᠶᠢ ᠬᠠᠮᠠᠭᠠᠯᠠᠬᠤ ᠡᠯ᠎ᠡ ᠵᠦᠢᠯ ᠤᠨ ᠳᠦᠷᠢᠮ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠤᠨ ᠂ ᠬᠥᠬᠡ ᠣᠭᠲᠠᠷᠭᠤᠢ᠂ ᠬᠥᠬᠡᠮᠳᠦᠭ ᠤᠰᠤᠨ ᠂ ᠠᠷᠢᠭᠤᠨ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠪᠣᠯᠣᠨ ᠬᠠᠳᠤᠨ ᠭᠤᠣᠯ ᠤᠨ ᠠᠮᠢ ᠠᠬᠤᠢ ᠶᠢ ᠬᠠᠮᠠᠭᠠᠯᠠᠵᠤ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠪᠦᠭᠦ ᠬᠦᠴᠦᠨ ᠢᠶᠠᠷ ᠰᠠᠶᠢᠲᠤᠷ ᠬᠢᠵᠦ ᠂ ᠠᠮᠢ ᠠᠬᠤᠢ ᠶᠢᠨ ᠲᠣᠭᠲᠠᠯᠴᠠᠭ᠎ᠠ ᠶᠢᠨ ᠣᠯᠠᠨ ᠶᠠᠩᠵᠤᠲᠤ ᠴᠢᠨᠠᠷ᠂ ᠲᠣᠭᠲᠠᠪᠤᠷᠢᠲᠤ ᠴᠢᠨᠠᠷ ᠪᠠ ᠦᠷᠭᠦᠯᠵᠢᠯᠡᠬᠦ ᠴᠢᠨᠠᠷ ᠢ ᠪᠦᠭᠦ ᠲᠠᠯ᠎ᠠ ᠪᠠᠷ ᠳᠡᠭᠡᠭᠰᠢᠯᠡᠭᠦᠯᠦᠨ ᠂ ᠪᠦᠭᠦ ᠣᠷᠣᠨ ᠪᠦᠰᠡ ᠶᠢᠨ ᠠᠮᠢ ᠠᠬᠤᠢ ᠶᠢᠨ ᠠᠮᠤᠷ ᠲᠦᠪᠰᠢᠨ ᠤ ᠪᠠᠶᠢᠷᠢᠰᠢᠯ ᠢ ᠴᠣᠭᠴᠠᠯᠠᠬᠤ ᠪᠣᠯᠣᠨ᠎ᠠ᠃
ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠶᠢᠭᠤᠯᠬᠤ ᠲᠠᠯ᠎ᠠ ᠪᠠᠷ ᠂ ᠮᠠᠨ ᠤ ᠣᠷᠣᠨ ᠤᠯᠤᠰ ᠤᠨ ᠠᠮᠤᠷ ᠲᠦᠪᠰᠢᠨ ᠤ ᠲᠣᠭᠲᠠᠯᠴᠠᠭ᠎ᠠ ᠪᠣᠯᠣᠨ ᠴᠢᠳᠠᠪᠤᠷᠢ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠂ ᠠᠶᠤᠯ ᠲᠦᠭᠰᠢᠭᠦᠷᠢ ᠶᠢ ᠪᠦᠲᠦᠮᠵᠢᠲᠡᠶ ᠰᠡᠷᠭᠡᠶᠢᠯᠡᠨ ᠠᠷᠢᠯᠭᠠᠵᠤ ᠂ ᠨᠡᠶᠢᠭᠡᠮ ᠤᠨ ᠵᠠᠰᠠᠯᠲᠠ ᠶᠢᠨ ᠲᠣᠭᠲᠠᠯᠴᠠᠭ᠎ᠠ ᠶᠢ ᠲᠡᠭᠦᠯᠳᠡᠷᠵᠢᠭᠦᠯᠦᠨ ᠂ ᠨᠡᠶᠢᠭᠡᠮ ᠤᠨ ᠵᠠᠰᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠦᠨᠳᠦᠰᠦᠲᠡᠨ ᠪᠦᠯᠬᠦᠮᠳᠡᠯ ᠲᠠᠢ᠂ ᠨᠡᠶᠢᠭᠡᠮ ᠡᠶ᠎ᠡ ᠵᠣᠬᠢᠴᠠᠩᠭᠤᠢ᠂ ᠬᠢᠯᠢ ᠬᠢᠵᠠᠭᠠᠷ ᠠᠮᠤᠷ ᠲᠣᠭᠲᠠᠭᠤᠨ ᠪᠠᠶᠢᠬᠤ ᠰᠠᠶᠢᠨ ᠰᠠᠶᠢᠬᠠᠨ ᠪᠠᠶᠢᠳᠠᠯ ᠢ ᠪᠦᠭᠦ ᠬᠦᠴᠦᠨ ᠢᠶᠠᠷ ᠬᠠᠮᠠᠭᠠᠯᠠᠵᠤ ᠂ ᠥᠪᠥᠷ ᠮᠣᠩᠭᠤᠯ ᠤᠨ ᠠᠮᠤᠷ ᠲᠣᠭᠲᠠᠭᠤᠨ ᠢᠶᠠᠷ ᠬᠢᠯᠢ ᠬᠢᠵᠠᠭᠠᠷ ᠤᠨ ᠠᠮᠤᠷ ᠲᠦᠪᠰᠢᠨ ᠢ ᠰᠠᠬᠢᠨ ᠬᠠᠮᠠᠭᠠᠯᠠᠵᠤ᠂ ᠨᠡᠶᠢᠰᠯᠡᠯ ᠤᠨ ᠠᠮᠤᠷ ᠲᠦᠪᠰᠢᠨ ᠢ ᠬᠠᠮᠠᠭᠠᠯᠠᠨ᠎ᠠ᠃ ᠶᠡᠭᠡ ᠠᠮᠤᠷ ᠲᠦᠪᠰᠢᠨ ᠶᠡᠭᠡ ᠪᠠᠴᠢᠮ ᠪᠠᠶᠢᠳᠠᠯ ᠢ ᠠᠷᠭᠠᠴᠠᠬᠤ ᠪᠣᠷᠣ ᠲᠥᠯᠥᠪ ᠢ ᠪᠠᠶᠢᠭᠤᠯᠵᠤ᠂ ᠭᠤᠣᠯᠳᠠᠯᠭ᠎ᠠ ᠲᠠᠢ ᠬᠦᠷᠢᠶᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠ ᠬᠦᠨᠳᠦ ᠶᠡᠭᠡ ᠭᠡᠨᠡᠳᠲᠡ ᠶᠢᠨ ᠤᠯᠠᠨ ᠨᠡᠶᠢᠲᠡ ᠶᠢᠨ ᠬᠡᠷᠡᠭ ᠢ ᠰᠢᠢᠳᠪᠦᠷᠢᠯᠡᠬᠦ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠠᠷᠠᠳ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤ ᠶᠢᠨ ᠴᠢᠨᠠᠷᠲᠠᠢ ᠥᠷᠨᠢᠭᠦᠯᠦᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠪᠠᠷ ᠭᠤᠣᠯ ᠰᠢᠵᠢᠮ ᠪᠤᠯᠭᠠᠵᠤ ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠬᠥᠮᠦᠵᠢᠯ ᠤᠨ ᠠᠵᠢᠯᠯᠠᠭ᠎ᠠ ᠶᠢ ᠭᠦᠨᠵᠡᠭᠡᠢ ᠥᠷᠨᠢᠭᠦᠯᠬᠦ ᠪᠣᠯᠣᠨ᠎ᠠ᠃
ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠲᠠᠯ᠎ᠠ ᠪᠠᠷ ᠂ ᠮᠠᠨ ᠤ ᠣᠷᠣᠨ ᠰᠢᠨ᠎ᠡ ᠡᠨᠧᠷᠭᠢ ᠶᠢᠨ ᠪᠦᠭᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠵᠤ ᠂ ᠡᠨᠧᠷᠭᠢ ᠶᠢᠨ ᠦᠢᠯᠡᠳᠪᠦᠷᠢᠯᠡᠬᠦ ᠬᠠᠩᠭᠠᠬᠤ ᠨᠥᠭᠡᠴᠡᠯᠡᠬᠦ ᠪᠣᠷᠣᠯᠠᠭᠤᠯᠬᠤ ᠰᠢᠰᠲ᠋ᠧᠮ ᠤᠨ ᠪᠠᠶᠢᠭᠤᠯᠤᠯᠲᠠ ᠶᠢ ᠴᠢᠩᠭᠠᠳᠬᠠᠨ᠂ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠬᠠᠩᠭᠠᠯᠭ᠎ᠠ ᠶᠢ ᠪᠠᠲᠤᠯᠠᠬᠤ ᠴᠢᠳᠠᠪᠤᠷᠢ ᠶᠢ ᠴᠢᠩᠭᠠᠳᠬᠠᠨ᠎ᠠ ᠃ ᠲᠣᠮᠣ ᠭᠡᠯᠪᠡᠷᠢ ᠶᠢᠨ ᠰᠠᠯᠬᠢᠨ ᠬᠦᠴᠦᠨ ᠤ ᠴᠠᠭᠢᠯᠭᠠᠨ ᠭᠡᠷᠡᠯᠴᠢ ᠴᠡᠨᠡᠭ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠰᠢᠨ᠎ᠡ ᠡᠨᠧᠷᠭᠢ ᠶᠢᠨ ᠬᠡᠷᠡᠭᠯᠡᠭᠡᠨ ᠤ ᠲᠠᠯᠠᠪᠤᠷ ᠢ ᠶᠡᠭᠡ ᠪᠠᠷ ᠥᠷᠭᠡᠳᠬᠡᠨ ᠂ ᠰᠠᠯᠬᠢᠨ ᠬᠦᠴᠦᠨ ᠤ ᠡᠨᠧᠷᠭᠢ ᠂ ᠭᠡᠷᠡᠯᠴᠢ ᠴᠡᠨᠡᠭ ᠂ ᠤᠰᠤᠲᠥ᠋ᠷᠥᠭᠴᠢ ᠡᠨᠧᠷᠭᠢ ᠪᠣᠯᠣᠨ ᠨᠥᠭᠡᠴᠡ ᠡᠨᠧᠷᠭᠢ ᠶᠢᠨ ᠳᠥᠷᠪᠡᠨ ᠶᠡᠭᠡ ᠠᠵᠤ ᠦᠢᠯᠡᠰ ᠤᠨ ᠪᠦᠯᠦᠭᠵᠢᠯ ᠢ ᠲᠥᠪᠯᠡᠷᠡᠭᠦᠯᠦᠨ ᠪᠠᠶᠢᠭᠤᠯᠵᠤ ᠂ ᠪᠦᠭᠦ ᠤᠯᠤᠰ ᠲᠤ ᠡᠩ ᠲᠡᠷᠢᠭᠦᠨ ᠳᠤ ᠰᠢᠨ᠎ᠡ ᠡᠨᠧᠷᠭᠢ ᠪᠠᠷ ᠭᠤᠣᠯ ᠴᠣᠭᠴᠠ ᠪᠣᠯᠭᠠᠭᠰᠠᠨ ᠰᠢᠨ᠎ᠡ ᠭᠡᠯᠪᠡᠷᠢ ᠶᠢᠨ ᠴᠠᠭᠢᠯᠭᠠᠨ ᠬᠦᠴᠦᠨ ᠤ ᠲᠣᠭᠲᠠᠯᠴᠠᠭ᠎ᠠ ᠶᠢ ᠪᠠᠶᠢᠭᠤᠯᠤᠨ᠎ᠠ᠃ ᠣᠳᠣ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠰᠠᠭᠤᠷᠢᠨ ᠭᠠᠵᠠᠷ ᠢ ᠶᠡᠭᠡ ᠪᠠᠷ ᠪᠦᠲᠦᠭᠡᠨ ᠪᠠᠶᠢᠭᠤᠯᠵᠤ᠂ ᠬᠤᠪᠣᠷ ᠰᠢᠷᠣᠢ ᠶᠢᠨ ᠠᠵᠤ ᠦᠢᠯᠡᠰ ᠤᠨ ᠬᠡᠯᠬᠢᠶ᠎ᠡ ᠶᠢ ᠬᠦᠴᠦᠷᠬᠡᠭᠵᠢᠭᠦᠯᠦᠨ ᠂ ᠪᠦᠭᠦ ᠤᠯᠤᠰ ᠤᠨ ᠬᠠᠮᠤᠭ ᠤᠨ ᠶᠡᠭᠡ ᠬᠤᠪᠣᠷ ᠰᠢᠷᠣᠢ ᠶᠢᠨ ᠰᠢᠨ᠎ᠡ ᠮᠠᠲ᠋ᠧᠷᠢᠶᠠᠯ ᠤᠨ ᠰᠠᠭᠤᠷᠢᠨ ᠭᠠᠵᠠᠷ ᠪᠣᠯᠣᠨ ᠪᠦᠭᠦ ᠤᠯᠤᠰ ᠤᠨ ᠲᠡᠷᠢᠭᠦᠨ ᠤ ᠬᠤᠪᠣᠷ ᠰᠢᠷᠣᠢ ᠶᠢᠨ ᠬᠡᠷᠡᠭᠯᠡᠭᠡᠨ ᠤ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠪᠣᠯᠣᠨ᠎ᠠ᠃
ᠤᠯᠤᠰ ᠤᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠴᠢᠬᠤᠯᠠ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠲᠠᠯ᠎ᠠ ᠪᠠᠷ ᠂ ᠮᠠᠨ ᠤ ᠣᠷᠣᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠪᠡᠯᠡᠳᠭᠡᠮᠵᠢᠲᠦ ᠮᠠᠯ ᠠᠵᠤ ᠠᠬᠤᠢ ᠲᠠᠷᠢᠶᠠᠯᠠᠩ ᠂ ᠲᠡᠵᠢᠭᠡᠯ ᠡᠪᠡᠰᠦᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠂ ᠬᠦᠢᠲᠡᠨ ᠬᠡᠯᠬᠢᠶᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ᠂ ᠲᠥᠷᠥᠯ ᠲᠡᠮᠳᠡᠭ ᠡᠭᠦᠳᠭᠦ ᠵᠡᠷᠭᠡ ᠭᠤᠣᠯᠳᠠᠯᠭ᠎ᠠ ᠲᠠᠢ ᠠᠵᠢᠯ ᠢ ᠬᠦᠴᠦᠯᠡᠨ ᠰᠠᠶᠢᠲᠤᠷ ᠠᠳᠬᠤᠵᠤ ᠂ ᠴᠢᠨᠠᠷ ᠰᠠᠶᠢᠲᠠᠢ ᠣᠲᠣ ᠦᠶ᠎ᠡ ᠶᠢᠨ ᠮᠠᠯ ᠠᠵᠤ ᠠᠬᠤᠢ ᠲᠠᠷᠢᠶᠠᠯᠠᠩ ᠤᠨ ᠬᠥᠭᠵᠢᠯᠲᠡ ᠶᠢᠨ ᠲᠣᠭᠲᠠᠯᠴᠠᠭ᠎ᠠ ᠶᠢ ᠪᠠᠶᠢᠭᠤᠯᠤᠨ ᠂ ᠬᠠᠩᠭᠠᠯᠭ᠎ᠠ ᠶᠢ ᠪᠠᠲᠤᠯᠠᠬᠤ ᠴᠢᠳᠠᠪᠤᠷᠢ ᠪᠠᠷ ᠴᠢᠩᠭ᠎ᠠ᠂ ᠠᠵᠤ ᠦᠢᠯᠡᠰ ᠤᠨ ᠬᠡᠯᠬᠢᠶ᠎ᠡ ᠶᠢᠨ ᠤᠶᠠᠨ ᠬᠠᠲᠠᠨ ᠴᠢᠨᠠᠷ ᠢᠶᠠᠷ ᠴᠢᠩᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠨᠤᠭ ᠲᠥᠬᠦᠭᠡᠷᠦᠮᠵᠢ ᠶᠢᠨ ᠲᠤᠯᠭᠠᠭᠤᠷᠢᠯᠠᠯ ᠢᠶᠠᠷ ᠴᠢᠩᠭ᠎ᠠ᠂ ᠰᠢᠨ᠎ᠡ ᠭᠡᠯᠪᠡᠷᠢ ᠶᠢᠨ ᠡᠵᠡᠩᠨᠡᠯᠲᠡ ᠶᠢᠨ ᠰᠢᠰᠲ᠋ᠧᠮ ᠨᠢ ᠴᠢᠩᠭ᠎ᠠ ᠂ ᠪᠣᠬᠢᠷᠳᠤᠯ ᠦᠭᠡᠢ ᠬᠥᠭᠵᠢᠯᠲᠡ ᠶᠢᠨ ᠲᠦᠪᠰᠢᠨ ᠴᠢᠩᠭ᠎ᠠ ᠪᠠᠶᠢᠳᠠᠭ ᠮᠠᠯ ᠠᠵᠤ ᠠᠬᠤᠢ ᠲᠠᠷᠢᠶᠠᠯᠠᠩ ᠤᠨ ᠬᠦᠴᠦᠷᠬᠡᠭ ᠣᠷᠣᠨ ᠢ ᠲᠦᠷᠭᠡᠪᠴᠢᠯᠡᠨ ᠪᠦᠲᠦᠭᠡᠨ ᠪᠠᠶᠢᠭᠤᠯᠤᠨ᠎ᠠ᠃ ᠲᠥᠪ ᠤᠨ ᠪᠠᠶᠢᠷᠢᠯᠠᠭᠤᠯᠤᠯᠲᠠ ᠶᠣᠰᠣᠭᠠᠷ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠢ ᠠᠯᠬᠤᠮ ᠠᠯᠬᠤᠮ ᠢᠶᠠᠷ ᠪᠦᠬᠦᠨ ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭᠠᠨ ᠪᠦᠲᠦᠭᠡᠨ ᠪᠠᠶᠢᠭᠤᠯᠵᠤ᠂ 2025 ᠣᠨ ᠪᠣᠯᠬᠤ ᠳᠤ ᠪᠦᠬᠦ ᠣᠷᠣᠨ ᠤ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠬᠦ ᠴᠢᠳᠠᠪᠤᠷᠢ ᠶᠢ 800 ᠳ᠋ᠦᠩᠰᠢᠭᠤᠷ ᠵᠢᠩ ᠳᠤ ᠬᠦᠷᠦᠭᠦᠯᠬᠦ ᠪᠠᠷ ᠴᠢᠷᠮᠠᠶᠢᠨ᠎ᠠ᠃ ᠦᠢᠯᠡᠳᠬᠦᠨ ᠤ ᠥᠷᠲᠡᠭ ᠨᠢ 1000 ᠳ᠋ᠦᠩᠰᠢᠭᠤᠷ ᠲᠥᠭᠦᠷᠢᠭ ᠢ ᠳᠠᠪᠠᠭᠰᠠᠨ ᠡᠷᠳᠡᠨᠢ ᠰᠢᠰᠢ ᠪᠣᠯᠣᠨ ᠰᠦ ᠰᠠᠭᠠᠯᠢ ᠶᠢᠨ ᠠᠵᠤ ᠦᠢᠯᠡᠰ ᠂ ᠦᠢᠯᠡᠳᠬᠦᠨ ᠤ ᠥᠷᠲᠡᠭ ᠨᠢ 500 ᠳ᠋ᠦᠩᠰᠢᠭᠤᠷ ᠲᠥᠭᠦᠷᠢᠭ ᠢ ᠳᠠᠪᠠᠭᠰᠠᠨ ᠢᠳᠡᠰᠢᠨ ᠤ ᠦᠬᠡᠷ᠂ ᠠᠯᠠᠰᠢᠨ ᠤ ᠬᠤᠨᠢ ᠪᠣᠯᠣᠨ ᠲᠡᠵᠢᠭᠡᠯ ᠡᠪᠡᠰᠦᠨ ᠤ ᠠᠵᠤ ᠦᠢᠯᠡᠰ᠂ ᠦᠢᠯᠡᠳᠬᠦᠨ ᠤ ᠥᠷᠲᠡᠭ ᠨᠢ 100 ᠳ᠋ᠦᠩᠰᠢᠭᠤᠷ ᠲᠥᠭᠦᠷᠢᠭ ᠢ ᠳᠠᠪᠠᠭᠰᠠᠨ ᠲᠥᠮᠥᠰᠥ᠂ ᠰᠢᠷ᠎ᠠ ᠪᠤᠷᠴᠠᠭ᠂ ᠨᠡᠷᠡᠨ ᠬᠤᠸᠠᠷ ᠪᠣᠯᠣᠨ ᠢᠮᠠᠭᠠᠨ ᠨᠣᠣᠯᠣᠭᠤᠷ ᠤᠨ ᠠᠵᠤ ᠦᠢᠯᠡᠰ ᠵᠡᠷᠭᠡ 8 ᠳᠠᠪᠠᠭᠤᠯᠢᠭ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠪᠣᠯᠣᠨ᠎ᠠ᠃
ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠦᠲᠦᠭᠡᠨ ᠪᠠᠶᠢᠭᠤᠯᠬᠤ ᠲᠠᠯ᠎ᠠ ᠪᠠᠷ ᠂ ᠮᠠᠨ ᠤ ᠣᠷᠣᠨ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠬᠤ ᠠᠵᠢᠯ ᠢ ᠶᠡᠭᠡ ᠪᠠᠷ ᠠᠬᠢᠭᠤᠯᠵᠤ ᠂ ᠨᠡᠭᠡᠭᠡᠯᠲᠡᠲᠤ ᠬᠡᠯᠪᠡᠷᠢ ᠶᠢᠨ ᠠᠵᠤ ᠠᠬᠤᠢ ᠶᠢ ᠶᠡᠭᠡ ᠪᠠᠷ ᠬᠥᠭᠵᠢᠭᠦᠯᠦᠨ᠂ ᠨᠡᠭᠡᠭᠡᠯᠲᠡᠲᠤ ᠪᠣᠭᠤᠮᠲᠠ ᠂ ᠨᠡᠭᠡᠭᠡᠯᠲᠡᠲᠤ ᠵᠠᠮ ᠢ ᠶᠡᠭᠡ ᠪᠠᠷ ᠪᠦᠲᠦᠭᠡᠨ ᠪᠠᠶᠢᠭᠤᠯᠵᠤ ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠶᠡᠭᠡ ᠪᠠᠷ ᠰᠢᠯᠢᠳᠡᠭᠵᠢᠭᠦᠯᠦᠨ᠂ ᠨᠠᠷᠮᠠᠢ ᠪᠣᠭᠤᠮᠲᠠ ᠶᠢᠨ ᠠᠵᠤ ᠠᠬᠤᠢ ᠶᠢ ᠲᠦᠷᠭᠡᠳᠬᠡᠨ ᠬᠥᠭᠵᠢᠭᠦᠯᠵᠦ ᠂ ᠥᠪᠥᠷ ᠮᠣᠩᠭᠤᠯ ᠢ ᠳᠣᠲᠣᠭᠠᠳᠤ ᠭᠠᠳᠠᠭᠠᠳᠤ ᠶᠢ ᠬᠤᠯᠪᠣᠭᠰᠠᠨ᠂ ᠡᠷᠬᠢᠨ ᠲᠣᠭᠤᠷᠢᠨ ᠢᠶᠠᠨ ᠨᠥᠯᠥᠭᠡᠯᠡᠨ ᠳᠠᠶᠢᠴᠢᠯᠠᠭᠰᠠᠨ ᠂ ᠡᠬᠢ ᠪᠠᠶᠠᠯᠢᠭ ᠢ ᠲᠥᠪᠯᠡᠷᠡᠭᠦᠯᠦᠨ ᠲᠠᠷᠬᠠᠭᠠᠭᠰᠠᠨ᠂ ᠴᠢᠬᠤᠯᠠ ᠬᠦᠴᠦᠨ ᠵᠦᠢᠯ ᠠᠭᠤᠰᠤᠯᠴᠠᠭᠤᠯᠤᠨ ᠨᠡᠪᠲᠡᠷᠡᠯᠴᠡᠭᠦᠯᠦᠭᠰᠡᠨ ᠪᠥᠬᠦ ᠣᠷᠣᠨ ᠪᠦᠰᠡ ᠶᠢᠨ ᠨᠡᠭᠡᠭᠡᠯᠲᠡ ᠶᠢᠨ ᠲᠠᠪᠴᠠᠩ ᠪᠣᠯᠭᠠᠨ ᠪᠦᠲᠦᠭᠡᠨ ᠪᠠᠶᠢᠭᠤᠯᠤᠨ᠎ᠠ᠃ ᠳᠤᠮᠳᠠᠳᠤ ᠡᠸᠦ᠋ᠷᠦᠫᠡ ᠶᠢᠨ ᠵᠢᠰᠢᠶᠡᠨ ᠤ ᠭᠠᠯᠲᠤ ᠲᠡᠷᠭᠡ ᠶᠢᠨ ᠳᠤᠮᠳᠠ ᠵᠠᠮ ᠂ ᠵᠡᠭᠦᠨ ᠵᠠᠮ ᠤᠨ ᠪᠠᠭᠲᠠᠭᠠᠮᠵᠢ ᠶᠢ ᠥᠷᠭᠡᠳᠬᠡᠨ ᠬᠡᠮᠵᠢᠶ᠎ᠡ ᠶᠢ ᠨᠡᠮᠡᠭᠳᠡᠭᠦᠯᠵᠦ᠂ ᠤᠯᠠᠭᠠᠨᠴᠠᠪ ᠤᠨ ᠲᠥᠪᠯᠡᠷᠡᠭᠦᠯᠦᠨ ᠲᠠᠷᠬᠠᠭᠠᠬᠤ ᠲᠥᠪ ᠂ ᠵᠢᠨᠢᠩ — ᠡᠷᠢᠶᠡᠨ ᠬᠦᠷᠬᠦ ᠲᠡᠮᠦᠷ ᠵᠠᠮ ᠪᠣᠯᠣᠨ ᠡᠷᠢᠶᠡᠨ ᠬᠢᠯᠢ ᠶᠢᠨ ᠪᠣᠭᠤᠮᠲᠠ ᠶᠢᠨ ᠴᠢᠳᠠᠮᠵᠢ ᠶᠢ ᠥᠷᠭᠡᠳᠬᠡᠨ ᠥᠭᠡᠷᠡᠴᠢᠯᠡᠨ ᠪᠠᠶᠢᠭᠤᠯᠬᠤ ᠶᠢ ᠠᠬᠢᠭᠤᠯᠵᠤ ᠂ ᠥᠪᠥᠷ ᠮᠣᠩᠭᠤᠯ ᠤᠨ ᠵᠡᠭᠦᠨ ᠪᠡᠶ᠎ᠡ᠂ ᠳᠤᠮᠳᠠ ᠪᠡᠶ᠎ᠡ᠂ ᠪᠠᠷᠠᠭᠤᠨ ᠪᠡᠶ᠎ᠡ ᠶᠢ ᠬᠤᠯᠪᠣᠭᠰᠠᠨ ᠲᠦᠷᠭᠡᠨ ᠤ ᠲᠡᠮᠦᠷ ᠵᠠᠮ ᠢ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ᠰᠠᠭᠠᠳ ᠦᠭᠡᠢ ᠲᠦᠷᠭᠡᠨ ᠨᠡᠪᠲᠡᠷᠡᠬᠦ ᠵᠠᠮ ᠬᠠᠷᠢᠯᠴᠠᠭ᠎ᠠ᠂ ᠡᠳ᠋ ᠪᠠᠷᠠᠭᠠᠨ ᠤ ᠭᠦᠢᠯᠭᠡᠭᠡ ᠂ ᠮᠡᠳᠡᠭᠡ ᠵᠠᠩᠭᠢ ᠴᠢᠮᠡᠭᠡ ᠬᠤᠯᠪᠣᠭᠠᠨ ᠤ ᠲᠣᠣᠷ ᠢ ᠪᠠᠶᠢᠭᠤᠯᠤᠨ᠎ᠠ᠃ ᠲᠡᠷᠢᠭᠦᠨ ᠤ ᠦᠢᠯᠡᠳᠬᠦ ᠦᠢᠯᠡᠰ ᠲᠥᠪᠯᠡᠷᠡᠭᠰᠡᠨ ᠣᠷᠣᠨ ᠢ ᠪᠦᠲᠦᠭᠡᠨ ᠪᠠᠶᠢᠭᠤᠯᠵᠤ ᠂ ᠠᠷᠠᠯᠵᠢᠶᠠᠴᠢᠨ ᠤᠷᠢᠵᠤ ᠪᠡᠯᠡ ᠮᠥᠩᠭᠦ ᠤᠷᠤᠭᠤᠯᠬᠤ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠦᠨ ᠂ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠠᠵᠤ ᠦᠢᠯᠡᠰ ᠂ ᠭᠤᠣᠯᠳᠠᠯᠭ᠎ᠠ ᠲᠠᠢ ᠠᠵᠤ ᠠᠬᠤᠶᠢᠯᠠᠯ᠂ ᠭᠤᠣᠯᠳᠠᠯᠭ᠎ᠠ ᠲᠠᠢ ᠲᠠᠪᠴᠠᠩ ᠢᠶᠠᠷ ᠠᠷᠠᠯᠵᠢᠶᠠᠴᠢᠨ ᠤᠷᠢᠬᠤ ᠠᠵᠢᠯᠯᠠᠭ᠎ᠠ ᠥᠷᠨᠢᠭᠦᠯᠵᠦ ᠂ ᠨᠠᠩ ᠣᠯᠠᠨ ᠰᠠᠶᠢᠨ ᠠᠵᠤ ᠠᠬᠤᠶᠢᠯᠠᠯ ᠰᠠᠶᠢᠨ ᠲᠥᠷᠥᠯ ᠵᠦᠢᠯ ᠢ ᠣᠷᠣᠭᠤᠯᠤᠨ ᠠᠪᠴᠢᠷᠠᠵᠤ ᠂ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠢ ᠬᠥᠭᠵᠢᠯᠲᠡ ᠳᠤ ᠲᠠᠰᠤᠷᠠᠯᠲᠠ ᠦᠭᠡᠢ ᠬᠥᠳᠡᠯᠭᠡᠬᠦ ᠬᠦᠴᠦᠨ ᠨᠡᠮᠡᠷᠢᠯᠡᠬᠦ ᠪᠣᠯᠣᠨ᠎ᠠ᠃
ᠮᠠᠨ ᠤ ᠣᠷᠣᠨ ᠲᠠᠪᠤᠨ ᠶᠡᠭᠡ ᠡᠭᠦᠷᠭᠡ ᠶᠢᠨ ᠲᠤᠬᠠᠢ ᠲᠤᠰᠬᠠᠢ ᠬᠡᠷᠡᠭᠵᠢᠭᠦᠯᠬᠦ ᠲᠥᠰᠥᠯ ᠢ ᠨᠢᠭᠡᠳ ᠨᠢᠭᠡ ᠪᠠᠷ ᠨᠡᠶᠢᠲᠡᠯᠡᠵᠦ᠂ ᠡᠭᠦᠷᠭᠡ ᠂ ᠵᠠᠮ ᠱᠤᠭᠤᠮ ᠤᠨ ᠵᠢᠷᠤᠭ ᠪᠣᠯᠣᠨ ᠴᠠᠭ ᠤᠨ ᠬᠦᠰᠦᠨᠦᠭ ᠢ ᠴᠥᠮ ᠲᠣᠳᠣᠷᠬᠠᠶᠢᠯᠠᠵᠠᠢ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠᠰᠠ ᠲᠤᠰᠬᠠᠢ ᠤᠳᠤᠷᠢᠳᠬᠤ ᠳᠤᠭᠤᠶᠢᠯᠠᠩ ᠪᠠᠶᠢᠭᠤᠯᠵᠤ ᠂ ᠲᠠᠪᠤᠨ ᠶᠡᠭᠡ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠵᠤ ᠪᠠᠶᠢᠨ᠎ᠠ᠃