ᠵᠤᠬᠢᠶᠠᠭᠴᠢ: ᠴᠠᠭ:2022-12-23 ᠥᠵᠡᠭᠰᠡᠨ : ᠢᠷᠡᠯᠲᠡ:  ︽ᠥᠪᠥᠷ ᠮᠣᠩᠭᠤᠯ ᠤᠨ ᠡᠳᠦᠷ ᠤᠨ ᠰᠣᠨᠢᠨ︾  
ᠪᠥᠬᠦ ᠣᠷᠣᠨ ᠤ ᠠᠮᠤ ᠪᠤᠳᠠᠭᠠᠨ ᠤ ᠤᠨᠠᠯᠲᠠ 780 ᠳ᠋ᠦᠩᠰᠢᠭᠤᠷ ᠵᠢᠩ ᠢ ᠳᠠᠪᠠᠵᠤ ᠠᠷᠪᠠ ᠶᠢᠰᠦᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠪᠠ

 

ᠤᠯᠤᠰ ᠤᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ 2022 ᠣᠨ ᠤ 12 ᠳ᠋ᠤᠭᠠᠷ ᠰᠠᠷ᠎ᠠ ᠶᠢᠨ 12 ᠤᠨ ᠡᠳᠦᠷ ᠤᠨ ᠨᠡᠶᠢᠲᠡᠯᠡᠭᠰᠡᠨ ᠮᠡᠳᠡᠭᠡ ᠶᠢ ᠦᠨᠳᠦᠰᠦᠯᠡᠪᠡᠯ᠂ ᠡᠨᠡ ᠵᠢᠯ ᠮᠠᠨ ᠤ ᠣᠷᠣᠨ ᠤ ᠠᠮᠤ ᠪᠤᠳᠠᠭᠠᠨ ᠤ ᠤᠨᠠᠯᠲᠠ ᠳᠠᠬᠢᠨᠲᠠ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ 780.1 ᠳ᠋ᠦᠩᠰᠢᠭᠤᠷ ᠵᠢᠩ ᠳᠤ ᠬᠦᠷᠴᠦ᠂ ᠨᠢᠳᠤᠨᠤᠨ ᠤ  ᠬᠢ ᠠᠴᠠ 12 ᠳ᠋ᠦᠩᠰᠢᠭᠤᠷ ᠵᠢᠩ ᠨᠡᠮᠡᠭᠳᠡᠨ᠂ ᠨᠡᠮᠡᠭᠳᠡᠯ ᠤᠨ ᠬᠡᠮᠵᠢᠶ᠎ᠡ ᠨᠢ ᠪᠥᠬᠦ ᠤᠯᠤᠰ ᠤᠨ ᠭᠤᠷᠪᠠᠳᠤᠭᠠᠷ ᠲᠤ ᠣᠷᠣᠵᠤ᠂ ᠶᠡᠷᠦᠩᠬᠡᠢ ᠤᠨᠠᠯᠲᠠ ᠨᠢ ᠪᠥᠬᠦ ᠤᠯᠤᠰ ᠤᠨ ᠵᠢᠷᠭᠤᠳᠤᠭᠠᠷ ᠲᠤ ᠵᠢᠭᠰᠠᠨ᠂ 5 ᠵᠢᠯ ᠳᠠᠷᠠᠭᠠᠯᠠᠨ 750 ᠳ᠋ᠦᠩᠰᠢᠭᠤᠷ ᠵᠢᠩ ᠢ ᠳᠠᠪᠠᠵᠤ᠂ ᠤᠯᠤᠰ ᠠᠴᠠ ᠮᠠᠨ ᠤ ᠣᠷᠣᠨ ᠳᠤ ᠳᠠᠭᠠᠭᠠᠯᠭᠠᠭᠰᠠᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠠᠷᠪᠠ ᠶᠢᠰᠦᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠵᠠᠢ᠃       

ᠡᠨᠡ ᠵᠢᠯ ᠪᠥᠬᠦ ᠣᠷᠣᠨ ᠤ ᠠᠮᠤ ᠪᠤᠳᠠᠭᠠᠨ ᠤ ᠲᠠᠷᠢᠮᠠᠯ ᠤᠨ ᠲᠠᠯᠠᠪᠠᠢ 10427.7 ᠲᠦᠮᠡᠨ ᠮᠦ ᠳᠤ ᠬᠦᠷᠴᠦ᠂ ᠨᠢᠳᠤᠨᠤᠨ ᠤ ᠬᠢ ᠠᠴᠠ 101.2 ᠲᠦᠮᠡᠨ ᠮᠦ ᠨᠡᠮᠡᠭᠳᠡᠪᠡ᠃ ᠡᠭᠦᠨ ᠳᠤ᠂ ᠰᠢᠷ᠎ᠠ ᠪᠤᠷᠴᠠᠭ ᠲᠠᠷᠢᠭᠰᠠᠨ ᠲᠠᠯᠠᠪᠠᠢ 1833.1 ᠲᠦᠮᠡᠨ ᠮᠦ ᠳᠤ ᠬᠦᠷᠴᠦ᠂ ᠨᠢᠳᠤᠨᠤᠨ ᠤ ᠬᠢ ᠠᠴᠠ 493.3 ᠲᠦᠮᠡᠨ ᠮᠦ ᠨᠡᠮᠡᠭᠳᠡᠨ᠂ ᠨᠡᠮᠡᠭᠳᠡᠯ ᠤᠨ ᠬᠡᠮᠵᠢᠶ᠎ᠡ ᠨᠢ 36.8% ᠳᠤ ᠬᠦᠷᠴᠡᠢ᠃ ᠨᠢᠭᠡ ᠵᠢᠯ ᠤᠨ ᠲᠤᠷᠰᠢ᠂ ᠡᠯ᠎ᠡ ᠭᠠᠵᠠᠷ ᠣᠷᠣᠨ ᠤ ᠬᠢᠨ 《ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ᠂ ᠳᠡᠮᠵᠢᠯᠭᠡ ᠶᠢ ᠴᠢᠩᠭᠠᠳᠬᠠᠬᠤ᠂ ᠮᠡᠷᠭᠡᠵᠢᠯ ᠤᠨ ᠲᠦᠪᠰᠢᠨ ᠢ ᠳᠡᠭᠡᠭᠰᠢᠯᠡᠭᠦᠯᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠭᠠᠮᠰᠢᠭ ᠢ ᠰᠡᠷᠭᠡᠶᠢᠯᠡᠬᠦ》 ᠶᠢ ᠵᠡᠷᠭᠡ ᠪᠠᠷ ᠠᠳᠬᠤᠵᠤ᠂ ᠠᠮᠤ ᠪᠤᠳᠠᠭᠠᠨ ᠤ ᠲᠠᠷᠢᠮᠠᠯ ᠤᠨ ᠲᠠᠯᠠᠪᠠᠢ ᠶᠢ ᠨᠡᠮᠡᠭᠳᠡᠭᠦᠯᠬᠦ᠂ ᠰᠢᠷ᠎ᠠ ᠪᠤᠷᠴᠠᠭ ᠤᠨ ᠲᠠᠷᠢᠮᠠᠯ ᠤᠨ ᠲᠠᠯᠠᠪᠠᠢ ᠶᠢ ᠨᠡᠮᠡᠭᠳᠡᠭᠦᠯᠬᠦ᠂ ᠠᠮᠤ ᠪᠤᠳᠠᠭᠠᠨ ᠤ ᠲᠠᠷᠢᠮᠠᠯ ᠤᠨ ᠮᠦ ᠨᠢᠭᠡᠴᠢ ᠶᠢᠨ ᠤᠨᠠᠯᠲᠠ ᠶᠢ ᠨᠡᠮᠡᠭᠳᠡᠭᠦᠯᠬᠦ᠂ ᠠᠮᠤ ᠪᠤᠳᠠᠭᠠᠨ ᠤ ᠶᠡᠷᠦᠩᠬᠡᠢ ᠤᠨᠠᠯᠲᠠ ᠶᠢ ᠨᠡᠮᠡᠭᠳᠡᠭᠦᠯᠬᠦ 《ᠳᠥᠷᠪᠡ ᠶᠢ ᠨᠡᠮᠡᠭᠳᠡᠭᠦᠯᠬᠦ》 ᠶᠢ ᠪᠡᠶᠡᠯᠡᠭᠦᠯᠵᠦ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠳᠤ ᠥᠪᠥᠷ ᠮᠣᠩᠭᠤᠯ ᠤᠨ ᠬᠦᠴᠦᠨ ᠴᠢᠳᠠᠯ ᠢᠶᠠᠨ ᠡᠷᠭᠦᠭᠰᠡᠨ ᠪᠠᠶᠢᠨ᠎ᠠ᠃       

ᠮᠠᠨ ᠤ ᠣᠷᠣᠨ ᠲᠠᠷᠢᠶᠠᠯᠠᠩ ᠤᠨ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠱᠠᠲᠤ ᠱᠠᠲᠤ ᠪᠠᠷ ᠪᠣᠳᠠᠲᠠᠶᠢᠵᠢᠭᠤᠯᠤᠨ᠂ ᠣᠷᠣᠨ ᠨᠤᠲᠤᠭ ᠤᠨ ᠠᠮᠤ ᠪᠤᠳᠠᠭᠠᠨ ᠤ ᠦᠢᠯᠡᠳᠪᠦᠷᠢᠯᠡᠯ ᠤᠨ ᠲᠣᠭᠲᠠᠯ ᠬᠦᠴᠦᠨ ᠢ ᠳᠡᠭᠡᠭᠰᠢᠯᠡᠭᠦᠯᠪᠡ᠃ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ ᠠᠴᠠ ᠡᠯ᠎ᠡ ᠠᠶᠢᠮᠠᠭ ᠬᠤᠲᠠ ᠶᠢᠨ ᠵᠠᠬᠢᠷᠭ᠎ᠠ ᠵᠠᠰᠠᠭ ᠤᠨ ᠣᠷᠳᠣᠨ ᠯᠤᠭ᠎ᠠ ᠠᠮᠤ ᠪᠤᠳᠠᠭᠠᠨ ᠤ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠪᠢᠴᠢᠭ ᠲᠣᠭᠲᠠᠵᠤ᠂ ᠲᠠᠷᠢᠶᠠᠯᠠᠩ ᠮᠠᠯ ᠠᠵᠤ ᠠᠬᠤᠢ ᠪᠠ ᠲᠠᠷᠢᠶᠠᠯᠠᠬᠤ ᠮᠠᠯᠵᠢᠬᠤ ᠣᠷᠣᠨ ᠤ ᠲᠢᠩᠬᠢᠮ ᠠᠴᠠ 2022 ᠣᠨ ᠤ ᠠᠮᠤ ᠪᠤᠳᠠᠭ᠎ᠠ ᠪᠣᠯᠣᠨ ᠰᠢᠷ᠎ᠠ ᠪᠤᠷᠴᠠᠭ ᠤᠨ ᠦᠢᠯᠡᠳᠪᠦᠷᠢᠯᠡᠯ ᠤᠨ ᠬᠠᠷᠠᠯᠲᠠ ᠶᠢ ᠪᠠᠭᠤᠯᠭᠠᠵᠤ᠂ ᠤᠯᠤᠰ ᠤᠨ ᠪᠠᠭᠤᠯᠭᠠᠭᠰᠠᠨ ᠡᠭᠦᠷᠭᠡ ᠠᠴᠠ ᠲᠣᠰ ᠲᠣᠰ 1.8 ᠲᠦᠮᠡᠨ ᠮᠦ ᠪᠠ 1.5 ᠲᠦᠮᠡᠨ ᠮᠦ ᠨᠡᠮᠡᠭᠳᠡᠭᠦᠯᠵᠡᠢ᠃       

ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠨ᠂ ᠠᠮᠤ ᠪᠤᠳᠠᠭ᠎ᠠ ᠲᠠᠷᠢᠬᠤ ᠲᠠᠷᠢᠶᠠᠴᠢᠳ ᠤᠨ ᠢᠳᠡᠪᠬᠢᠵᠢᠯ ᠢ ᠳᠡᠭᠡᠭᠰᠢᠯᠡᠭᠦᠯᠵᠦ᠂ ᠠᠮᠤ ᠪᠤᠳᠠᠭᠠᠨ ᠤ ᠦᠢᠯᠡᠳᠪᠦᠷᠢᠯᠡᠯ ᠤᠨ ᠬᠥᠳᠡᠯᠭᠡᠬᠦ ᠬᠦᠴᠦᠨ ᠢ ᠳᠡᠭᠡᠭᠰᠢᠯᠡᠭᠦᠯᠪᠡ᠃ ᠥᠪᠡᠷᠲᠡᠭᠡᠨ ᠵᠠᠰᠠᠬᠤ ᠣᠷᠣᠨ ᠠᠴᠠ ᠲᠥᠷᠥ ᠶᠢᠨ ᠪᠣᠳᠣᠯᠭ᠎ᠠ ᠶᠢᠨ ᠴᠢᠨᠠᠷᠲᠠᠢ ᠨᠥᠬᠦᠪᠦᠷᠢ ᠶᠢ ᠴᠠᠭ ᠲᠤᠬᠠᠢ ᠳᠤᠨᠢ ᠪᠠᠭᠤᠯᠭᠠᠵᠤ᠂ ᠤᠯᠤᠰ ᠤᠨ ᠲᠠᠷᠢᠶᠠᠨ ᠭᠠᠵᠠᠷ ᠪᠠ ᠬᠥᠷᠥᠰᠥᠨ ᠤ ᠰᠢᠮ᠎ᠡ ᠶᠢᠨ ᠬᠠᠮᠠᠭᠠᠯᠠᠯᠲᠠ᠂ ᠡᠷᠳᠡᠨᠢ ᠰᠢᠰᠢ ᠰᠢᠷ᠎ᠠ ᠪᠤᠷᠴᠠᠭ ᠲᠥᠮᠥᠰᠥ ᠲᠠᠷᠢᠭᠰᠠᠳ᠂ ᠲᠠᠷᠢᠶᠠᠯᠠᠩ ᠤᠨ ᠮᠠᠰᠢᠨ ᠲᠥᠬᠦᠭᠡᠷᠦᠮᠵᠢ ᠬᠤᠳᠠᠯᠳᠤᠨ ᠠᠪᠬᠤ ᠪᠠ ᠬᠡᠷᠡᠭᠯᠡᠬᠦ ᠵᠡᠷᠭᠡ ᠲᠥᠷᠥ ᠶᠢᠨ ᠪᠣᠳᠣᠯᠭ᠎ᠠ ᠶᠢᠨ ᠴᠢᠨᠠᠷᠲᠠᠢ ᠨᠥᠬᠦᠪᠦᠷᠢ ᠶᠢ ᠨᠡᠶᠢᠲᠡ 198.35 ᠳ᠋ᠦᠩᠰᠢᠭᠤᠷ ᠲᠥᠭᠦᠷᠢᠭ ᠪᠠᠭᠤᠯᠭᠠᠵᠤ᠂ ᠤᠯᠤᠰ ᠤᠨ 《ᠲᠠᠷᠢᠶᠠᠯᠠᠩ ᠢ ᠴᠢᠬᠤᠯᠠᠴᠢᠯᠠᠵᠤ ᠠᠮᠤ ᠪᠤᠳᠠᠭ᠎ᠠ ᠶᠢ ᠠᠳᠬᠤᠬᠤ》ᠲᠥᠷᠥ ᠶᠢᠨ ᠪᠣᠳᠣᠯᠭ᠎ᠠ ᠶᠢᠨ ᠲᠣᠬᠢᠶ᠎ᠠ ᠶᠢ ᠴᠠᠭ ᠲᠤᠬᠠᠢ ᠳᠤᠨᠢ ᠳᠠᠮᠵᠢᠭᠤᠯᠪᠠ᠃ ᠮᠠᠯᠴᠢᠨ ᠲᠠᠷᠢᠶᠠᠴᠢᠨ ᠳᠤ ᠠᠰᠢᠭ ᠬᠦᠷᠲᠡᠭᠡᠬᠦ ᠨᠥᠬᠦᠪᠦᠷᠢ ᠳᠤ ᠰᠢᠨ᠎ᠡ ᠶᠢ ᠡᠭᠦᠳᠦᠨ ᠲᠣᠬᠢᠷᠠᠭᠤᠯᠤᠯᠲᠠ ᠬᠢᠵᠦ᠂ ᠡᠯ᠎ᠡ ᠭᠠᠵᠠᠷ ᠣᠷᠣᠨ ᠤ ᠰᠢᠷ᠎ᠠ ᠪᠤᠷᠴᠠᠭ ᠪᠠ ᠡᠷᠳᠡᠨᠢ ᠰᠢᠰᠢ ᠲᠠᠷᠢᠭᠰᠠᠳ ᠲᠤ ᠣᠯᠭᠤᠬᠤ ᠨᠥᠬᠦᠪᠦᠷᠢ ᠶᠢᠨ ᠵᠥᠷᠢᠶ᠎ᠡ ᠶᠢ 200 ᠲᠥᠭᠦᠷᠢᠭ ᠠᠴᠠ ᠳᠡᠭᠡᠭᠰᠢ ᠪᠣᠯᠲᠠᠯ᠎ᠠ ᠥᠷᠭᠡᠳᠬᠡᠬᠦ ᠶᠢ ᠳᠡᠮᠵᠢᠪᠡ︔ ᠲᠠᠷᠢᠶᠠᠨ ᠭᠠᠵᠠᠷ ᠤᠨ ᠬᠥᠷᠥᠰᠥᠨ ᠤ ᠰᠢᠮ᠎ᠡ ᠶᠢᠨ ᠬᠠᠮᠠᠭᠠᠯᠠᠯᠲᠠ ᠶᠢᠨ ᠨᠥᠬᠦᠪᠦᠷᠢ ᠶᠢᠨ ᠲᠤᠷᠰᠢᠯᠲᠠ ᠶᠢᠨ ᠠᠵᠢᠯ ᠢ ᠥᠷᠨᠢᠭᠦᠯᠵᠦ᠂ 2000 ᠲᠦᠮᠡᠨ ᠮᠦ ᠲᠠᠷᠢᠶᠠᠨ ᠭᠠᠵᠠᠷ ᠤᠨ ᠰᠦᠯᠢᠶᠣᠣ ᠪᠦᠷᠬᠦᠪᠴᠢ ᠶᠢ ᠠᠷᠢᠯᠭᠠᠨ ᠬᠥᠷᠥᠰᠥᠨ ᠤ ᠰᠢᠮ᠎ᠡ ᠶᠢᠨ ᠬᠠᠮᠠᠭᠠᠯᠠᠯᠲᠠ ᠶᠢᠨ ᠨᠥᠬᠦᠪᠦᠷᠢ ᠣᠯᠭᠤᠬᠤ ᠨᠥᠬᠦᠴᠡᠯ  ᠲᠠᠢ ᠪᠣᠯᠭᠠᠬᠤ ᠶᠢ ᠬᠠᠶᠢᠨ ᠰᠦᠪᠡᠭᠴᠢᠯᠡᠵᠦ᠂ 14 ᠬᠤᠰᠢᠭᠤ ᠰᠢᠶᠠᠨ ᠳᠤ ᠲᠠᠷᠢᠶᠠᠨ ᠭᠠᠵᠠᠷ ᠤᠨ ᠬᠥᠷᠥᠰᠥᠨ ᠤ ᠰᠢᠮ᠎ᠡ ᠶᠢ ᠳᠡᠭᠡᠭᠰᠢᠯᠡᠭᠦᠯᠬᠦ ᠠᠷᠭ᠎ᠠ ᠬᠡᠮᠵᠢᠶ᠎ᠡ ᠶᠢ ᠲᠤᠷᠰᠢᠨ ᠬᠡᠷᠡᠭᠵᠢᠭᠦᠯᠦᠭᠰᠡᠨ 480 ᠲᠦᠮᠡᠨ ᠮᠦ ᠲᠠᠷᠢᠶᠠᠨ ᠭᠠᠵᠠᠷ ᠲᠤ ᠲᠠᠷᠢᠶᠠᠨ ᠭᠠᠵᠠᠷ ᠤᠨ ᠬᠥᠷᠥᠰᠥᠨ ᠤ ᠰᠢᠮ᠎ᠡ ᠶᠢᠨ ᠬᠠᠮᠠᠭᠠᠯᠠᠯᠲᠠ ᠶᠢᠨ ᠨᠥᠬᠦᠪᠦᠷᠢ ᠶᠢ ᠰᠢᠭᠤᠳ ᠣᠯᠭᠤᠵᠤ᠂ ᠮᠠᠯᠵᠢᠬᠤ ᠲᠠᠷᠢᠶᠠᠯᠠᠬᠤ ᠡᠷᠦᠬᠡ ᠶᠢ ᠵᠢᠯᠣᠭᠤᠳᠴᠤ ᠪᠠᠶᠢᠭᠠᠳ ᠲᠠᠷᠢᠶᠠᠨ ᠭᠠᠵᠠᠷ ᠤᠨ ᠬᠥᠷᠥᠰᠥᠨ ᠤ ᠰᠢᠮ᠎ᠡ ᠶᠢ ᠳᠡᠭᠡᠭᠰᠢᠯᠡᠭᠦᠯᠦᠭᠰᠡᠨ ᠪᠠᠶᠢᠨ᠎ᠠ᠃

ᠮᠡᠷᠭᠡᠵᠢᠯ ᠤᠨ ᠵᠢᠱᠢᠶ᠎ᠡ ᠦᠵᠡᠭᠦᠯᠬᠦ ᠠᠵᠢᠯ ᠢ ᠴᠢᠩᠭᠠᠳᠬᠠᠨ᠂ ᠠᠮᠤ ᠪᠤᠳᠠᠭᠠᠨ ᠤ ᠲᠠᠷᠢᠮᠠᠯ ᠤᠨ ᠮᠦ ᠨᠢᠭᠡᠴᠢ ᠶᠢᠨ ᠤᠨᠠᠯᠲᠠ ᠶᠢ ᠳᠡᠭᠡᠭᠰᠢᠯᠡᠭᠦᠯᠵᠦ᠂ ᠠᠮᠤ ᠪᠤᠳᠠᠭᠠᠨ ᠤ ᠦᠢᠯᠡᠳᠪᠦᠷᠢᠯᠡᠯ ᠤᠨ ᠨᠥᠭᠡᠴᠡ ᠬᠦᠴᠦᠨ ᠢ ᠪᠠᠳᠠᠷᠠᠭᠤᠯᠪᠠ᠃ ᠥᠨᠳᠥᠷ ᠤᠨᠠᠯᠲᠠ ᠶᠢᠨ ᠵᠢᠱᠢᠶ᠎ᠡ ᠦᠵᠡᠭᠦᠯᠬᠦ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠲᠤᠰᠬᠠᠢ ᠮᠡᠷᠭᠡᠵᠢᠯᠲᠡᠨ ᠠᠴᠠ ᠲᠠᠷᠢᠶᠠᠯᠠᠭ᠎ᠠ ᠶᠢᠨ ᠠᠵᠢᠯ ᠤᠨ ᠪᠥᠬᠦ ᠶᠠᠪᠤᠴᠠ ᠶᠢ ᠳᠠᠭᠠᠬᠤ᠂ ᠪᠥᠬᠦ ᠶᠠᠪᠤᠴᠠ ᠶᠢᠨ ᠪᠣᠯᠪᠠᠰᠤᠷᠠᠯ ᠬᠦᠷᠲᠡᠭᠡᠬᠦ ᠶᠢ ᠢᠳᠡᠪᠬᠢᠲᠡᠢ ᠥᠷᠨᠢᠭᠦᠯᠵᠦ᠂ 65 ᠬᠤᠰᠢᠭᠤ ᠰᠢᠶᠠᠨ ᠳᠤ ᠲᠦᠮᠡᠨ ᠮᠦ ᠶᠢᠨ 130 ᠵᠢᠱᠢᠶ᠎ᠡ ᠦᠵᠡᠭᠦᠯᠬᠦ ᠣᠷᠣᠨ᠂ ᠮᠢᠩᠭᠠᠨ ᠮᠦ ᠶᠢᠨ 690 ᠵᠢᠱᠢᠶ᠎ᠡ ᠦᠵᠡᠭᠦᠯᠬᠦ ᠣᠷᠣᠨ᠂ ᠵᠠᠭᠤᠨ ᠮᠦ ᠶᠢᠨ 240 ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠵᠢᠱᠢᠶ᠎ᠡ ᠦᠵᠡᠭᠦᠯᠦᠭᠰᠡᠨ ᠲᠠᠷᠢᠮᠠᠯ ᠤᠨ ᠶᠡᠷᠦᠩᠬᠡᠢ ᠲᠠᠯᠠᠪᠠᠢ 203 ᠲᠦᠮᠡᠨ ᠮᠦ ᠳᠤ ᠬᠦᠷᠴᠡᠢ᠃ ᠪᠥᠬᠦ ᠣᠷᠣᠨ ᠳᠤ ᠦᠵᠡᠭᠦᠯᠭᠡ ᠶᠢᠨ ᠭᠠᠷᠠᠭ ᠤᠨ ᠠᠵᠢᠯᠯᠠᠭ᠎ᠠ ᠥᠷᠨᠢᠭᠦᠯᠵᠦ᠂ ᠨᠡᠶᠢᠲᠡ 530 ᠲᠠᠯᠠᠪᠤᠷ ᠤᠳᠠᠭ᠎ᠠ᠂ 3.2 ᠲᠦᠮᠡᠨ ᠬᠥᠮᠥᠨ ᠤᠳᠠᠭ᠎ᠠ ᠶᠢᠨ ᠦᠵᠡᠭᠦᠯᠭᠡ ᠶᠢᠨ ᠪᠣᠯᠪᠠᠰᠤᠷᠠᠯ ᠢ ᠡᠷᠬᠢᠯᠡᠨ᠂ ᠮᠠᠯᠴᠢᠨ ᠲᠠᠷᠢᠶᠠᠴᠢᠳ ᠢ ᠰᠣᠷᠣᠯᠴᠠᠬᠤ ᠳᠤ ᠳᠠᠭᠤᠷᠢᠶᠠᠯ ᠲᠠᠢ᠂ ᠠᠵᠢᠯᠯᠠᠬᠤ ᠳᠤ ᠵᠢᠷᠤᠮᠯᠠᠯ ᠲᠠᠢ ᠪᠣᠯᠭᠠᠪᠠ᠃ ᠵᠢᠱᠢᠶ᠎ᠡ ᠦᠵᠡᠭᠦᠯᠬᠦ ᠣᠷᠣᠨ ᠨᠢ ᠵᠡᠭᠦᠨ ᠬᠤᠶᠢᠲᠤ ᠶᠢᠨ ᠲᠦᠮᠡᠨ ᠮᠦ ᠶᠢᠨ ᠡᠷᠳᠡᠨᠢ ᠰᠢᠰᠢ᠂ ᠤᠮᠠᠷᠠᠲᠤ ᠶᠢᠨ ᠵᠠᠭᠤᠨ ᠮᠦ ᠶᠢᠨ ᠰᠢᠯᠢᠮᠳᠡᠭ᠂ ᠥᠪᠥᠷ ᠮᠣᠩᠭᠤᠯ ᠤᠨ ᠬᠠᠭᠤᠷᠠᠢ ᠲᠠᠷᠢᠶ᠎ᠠ ᠶᠢᠨ ᠰᠢᠷ᠎ᠠ ᠪᠤᠷᠴᠠᠭ ᠪᠣᠯᠣᠨ ᠤᠰᠤᠨ ᠲᠤᠲᠤᠷᠭ᠎ᠠ ᠶᠢᠨ ᠮᠦ ᠨᠢᠭᠡᠴᠢ ᠶᠢᠨ ᠤᠨᠠᠯᠲᠠ ᠶᠢᠨ ᠰᠢᠨ᠎ᠡ ᠲᠡᠮᠳᠡᠭᠯᠡᠯ ᠢ ᠡᠭᠦᠳᠦᠭᠰᠡᠨ ᠪᠠᠶᠢᠨ᠎ᠠ᠃ ᠡᠨᠡ ᠵᠢᠯ ᠮᠠᠨ ᠤ ᠣᠷᠣᠨ ᠤ ᠠᠮᠤ ᠪᠤᠳᠠᠭᠠᠨ ᠤ ᠲᠠᠷᠢᠮᠠᠯ ᠤᠨ ᠮᠦ ᠨᠢᠭᠡᠴᠢ ᠶᠢᠨ ᠤᠨᠠᠯᠲᠠ 748.1 ᠵᠢᠩ ᠳᠤ ᠬᠦᠷᠴᠦ᠂ ᠨᠢᠳᠤᠨᠤᠨ ᠤ ᠬᠢ ᠠᠴᠠ 4.3 ᠨᠡᠮᠡᠭᠳᠡᠨ᠂ ᠨᠡᠮᠡᠭᠳᠡᠯ ᠤᠨ ᠬᠡᠮᠵᠢᠶ᠎ᠡ ᠨᠢ 0.6% ᠳᠤ ᠬᠦᠷᠴᠡᠢ᠃       

ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠪᠣᠯᠣᠨ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠯᠠᠪᠳᠠᠭᠤᠨ ᠢᠶᠠᠷ ᠠᠬᠢᠭᠤᠯᠵᠤ᠂ ᠠᠮᠤ ᠪᠤᠳᠠᠭᠠᠨ ᠤ ᠦᠢᠯᠡᠳᠪᠦᠷᠢᠯᠡᠯ ᠤᠨ ᠪᠣᠳᠠᠲᠤ ᠬᠦᠴᠦᠨ ᠢ ᠳᠡᠭᠡᠭᠰᠢᠯᠡᠭᠦᠯᠪᠡ᠃ ᠮᠠᠨ ᠤ ᠣᠷᠣᠨ ᠡᠨᠡ ᠵᠢᠯ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠨᠡᠶᠢᠲᠡ 4989 ᠲᠦᠮᠡᠨ ᠮᠦ ᠪᠠᠶᠢᠭᠤᠯᠤᠨ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ ᠪᠠᠲᠤᠯᠠᠬᠤ ᠳᠤ ᠬᠦᠴᠦᠲᠡᠢ ᠲᠤᠯᠭᠠᠭᠤᠷᠢᠯᠠᠯ ᠬᠠᠩᠭᠠᠪᠠ᠃ ᠬᠠᠷ᠎ᠠ ᠬᠥᠷᠥᠰᠥᠨ ᠳᠤ ᠬᠠᠮᠠᠭᠠᠯᠠᠯᠲᠠ ᠶᠢᠨ ᠴᠢᠨᠠᠷᠲᠠᠢ ᠪᠠᠷ ᠲᠠᠷᠢᠶᠠᠯᠠᠬᠤ᠂ ᠬᠠᠷ᠎ᠠ ᠬᠥᠷᠥᠰᠥ ᠶᠢ ᠬᠠᠮᠠᠭᠠᠯᠠᠨ ᠠᠰᠢᠭᠯᠠᠬᠤ ᠪᠠ ᠲᠠᠷᠢᠮᠠᠯ ᠤᠨ ᠵᠦᠢᠯᠡᠰ ᠢ ᠰᠡᠯᠭᠦᠨ ᠲᠠᠷᠢᠬᠤ ᠶᠢ ᠬᠡᠷᠡᠭᠵᠢᠭᠦᠯᠵᠦ᠂ ᠪᠥᠬᠦ ᠣᠷᠣᠨ ᠤ ᠲᠠᠷᠢᠶᠠᠨ ᠭᠠᠵᠠᠷ ᠤᠨ ᠬᠥᠷᠥᠰᠥᠨ ᠤ ᠰᠢᠮ᠎ᠡ ᠶᠢ ᠲᠣᠭᠲᠠᠭᠤᠨ ᠢᠶᠠᠷ ᠳᠡᠭᠡᠭᠰᠢᠯᠡᠭᠦᠯᠬᠦ ᠶᠢ ᠳᠠᠶᠢᠴᠢᠯᠠᠪᠠ᠃ 《ᠲᠠᠷᠢᠶᠠᠴᠢᠨ ᠴᠢᠬᠢ ᠶᠢ ᠦᠵᠡᠵᠦ ᠲᠠᠷᠢᠶᠠᠨ ᠦᠷ᠎ᠡ ᠰᠣᠩᠭᠤᠬᠤ》ᠲᠠᠪᠴᠠᠩ ᠢ 60 ᠪᠠᠶᠢᠭᠤᠯᠵᠤ᠂ ᠠᠳᠠᠯᠢ ᠪᠤᠰᠤ ᠭᠠᠵᠠᠷ ᠣᠷᠣᠨ ᠤ ᠪᠠᠶᠢᠳᠠᠯ ᠳᠤ ᠲᠣᠬᠢᠷᠠᠭᠰᠠᠨ 14 ᠵᠦᠢᠯ ᠤᠨ ᠭᠤᠣᠯ ᠪᠣᠯᠬᠤ ᠠᠮᠤ ᠪᠤᠳᠠᠭᠠᠨ ᠤ ᠲᠠᠷᠢᠮᠠᠯ ᠪᠣᠯᠣᠨ ᠲᠣᠰᠣᠯᠢᠭ ᠲᠠᠷᠢᠮᠠᠯ ᠤᠨ 177 ᠰᠠᠶᠢᠨ ᠡᠭᠦᠯᠳᠡᠷ ᠢ ᠰᠣᠩᠭᠤᠨ ᠭᠠᠷᠭᠠᠵᠠᠢ᠃ ᠠᠮᠤ ᠪᠤᠳᠠᠭᠠᠨ ᠤ ᠲᠠᠷᠢᠮᠠᠯ ᠤᠨ ᠰᠠᠶᠢᠨ ᠡᠭᠦᠯᠳᠡᠷ ᠢ ᠪᠣᠶᠢᠵᠢᠭᠤᠯᠤᠨ ᠳᠡᠯᠭᠡᠷᠡᠭᠦᠯᠬᠦ ᠶᠢ ᠨᠢᠭᠡ ᠴᠣᠭᠴᠠᠵᠢᠭᠤᠯᠤᠨ ᠬᠥᠭᠵᠢᠭᠦᠯᠬᠦ ᠵᠠᠭᠪᠤᠷ ᠢ ᠪᠣᠢ ᠪᠣᠯᠭᠠᠬᠤ ᠶᠢ ᠳᠡᠮᠵᠢᠵᠦ᠂ ᠪᠥᠬᠦ ᠣᠷᠣᠨ ᠤ ᠰᠠᠶᠢᠨ ᠡᠭᠦᠯᠳᠡᠷ ᠢ ᠪᠣᠶᠢᠵᠢᠭᠤᠯᠬᠤ ᠰᠠᠭᠤᠷᠢᠨ ᠭᠠᠵᠠᠷ ᠤᠨ ᠲᠠᠯᠠᠪᠠᠢ 100 ᠲᠦᠮᠡᠨ ᠮᠦ ᠶᠢ ᠳᠠᠪᠠᠪᠠ᠃ ᠡᠭᠦᠨ ᠳᠤ ᠲᠥᠮᠥᠰᠥ᠂ ᠰᠢᠷ᠎ᠠ ᠪᠤᠷᠴᠠᠭ ᠪᠠ ᠡᠷᠳᠡᠨᠢ ᠰᠢᠰᠢ ᠶᠢᠨ ᠰᠠᠶᠢᠨ ᠡᠭᠦᠯᠳᠡᠷ ᠤᠨ ᠰᠠᠭᠤᠷᠢᠨ ᠭᠠᠵᠠᠷ ᠤᠨ ᠲᠠᠯᠠᠪᠠᠢ ᠴᠥᠮ ᠪᠥᠬᠦ ᠤᠯᠤᠰ ᠤᠨ ᠡᠮᠦᠨ᠎ᠡ ᠡᠩᠨᠡᠭᠡᠨ ᠳᠤ ᠣᠷᠣᠵᠤ᠂ ᠪᠥᠬᠦ ᠣᠷᠣᠨ ᠤ ᠭᠤᠣᠯ ᠪᠣᠯᠬᠤ ᠲᠠᠷᠢᠮᠠᠯ ᠤᠨ ᠰᠠᠶᠢᠨ ᠡᠭᠦᠯᠳᠡᠷ ᠤᠨ ᠪᠦᠷᠬᠦᠴᠡ ᠶᠢᠨ ᠨᠣᠷᠮ᠎ᠠ 98% ᠶᠢ ᠳᠠᠪᠠᠭᠰᠠᠨ ᠪᠠᠶᠢᠨ᠎ᠠ᠃ ᠡᠭᠦᠨ ᠤ ᠬᠠᠮᠲᠤ ᠪᠠᠰᠠ ᠰᠢᠨᠵᠢᠯᠡᠬᠦ ᠤᠬᠠᠭᠠᠨᠴᠢ ᠪᠠᠷ ᠭᠠᠮᠰᠢᠭ ᠢ ᠰᠡᠷᠭᠡᠶᠢᠯᠡᠨ ᠭᠠᠮᠰᠢᠭ ᠢ ᠪᠠᠭᠠᠰᠬᠠᠵᠤ᠂ ᠭᠠᠮᠰᠢᠭ ᠢ ᠰᠡᠷᠭᠡᠶᠢᠯᠡᠬᠦ ᠪᠠᠲᠤᠯᠠᠭ᠎ᠠ ᠶᠢᠨ ᠰᠠᠭᠤᠷᠢ ᠶᠢ ᠪᠠᠬᠢᠵᠢᠭᠦᠯᠦᠨ᠂ ᠠᠮᠤ ᠪᠤᠳᠠᠭ᠎ᠠ ᠶᠢ ᠠᠷᠪᠢᠯᠠᠵᠤ ᠬᠤᠬᠢᠷᠠᠯ ᠢ ᠪᠠᠭᠠᠰᠬᠠᠬᠤ ᠴᠢᠳᠠᠪᠤᠷᠢ ᠶᠢ ᠪᠦᠲᠦᠮᠵᠢᠲᠡᠢ ᠳᠡᠭᠡᠭᠰᠢᠯᠡᠭᠦᠯᠦᠭᠰᠡᠨ ᠪᠠᠶᠢᠨ᠎ᠠ᠃  

 

 


   :                    
   :           
备案序号:蒙ICP备05003250号 公安备案15010502000173