ᠵᠤᠬᠢᠶᠠᠭᠴᠢ:
ᠴᠠᠭ:2022-12-23
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ᠄ ᠳᠤᠮᠳᠠᠳᠤ ᠪᠠᠭ᠎ᠠ ᠰᠤᠷᠭᠠᠭᠤᠯᠢ ᠶᠢᠨ ᠰᠦᠯᠵᠢᠶᠡᠨ ᠠᠴᠠ ᠭᠠᠳᠠᠨᠠᠬᠢ ᠵᠢᠭᠠᠨ ᠰᠤᠷᠭᠠᠯᠲᠠ ᠶᠢ ᠡᠮᠬᠢ ᠵᠢᠷᠤᠮ ᠲᠠᠢ ᠪᠡᠷ ᠰᠡᠷᠭᠦᠭᠡᠨ᠎ᠡ
ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠨᠠᠷᠢᠯᠢᠭ ᠣᠨᠣᠴᠠᠲᠠᠢ ᠰᠠᠶᠢᠲᠤᠷ ᠬᠢᠬᠦ ᠲᠤᠬᠠᠢ ᠠᠯᠢ ᠣᠯᠠᠨ ᠱᠠᠭᠠᠷᠳᠠᠯᠭ᠎ᠠ ᠶᠢ ᠦᠨᠳᠦᠰᠦᠯᠡᠨ᠂ 2022 ᠣᠨ ᠤ 12 ᠳ᠋ᠤᠭᠠᠷ ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠠᠴᠠ 《ᠳᠤᠮᠳᠠᠳᠤ ᠪᠠᠭ᠎ᠠ ᠰᠤᠷᠭᠠᠭᠤᠯᠢ ᠶᠢᠨ ᠰᠦᠯᠵᠢᠶᠡᠨ ᠠᠴᠠ ᠭᠠᠳᠠᠨᠠᠬᠢ ᠵᠢᠭᠠᠨ ᠰᠤᠷᠭᠠᠯᠲᠠ ᠶᠢᠨ ᠠᠵᠢᠯ ᠢ ᠡᠮᠬᠢ ᠵᠢᠷᠤᠮ ᠲᠠᠢ ᠪᠠᠷ ᠰᠡᠷᠭᠦᠭᠡᠬᠦ ᠲᠤᠬᠠᠢ ᠮᠡᠳᠡᠭᠳᠡᠯ》 ᠢ ᠳᠠᠷᠤᠮᠠᠯᠯᠠᠨ ᠲᠠᠷᠬᠠᠭᠠᠵᠤ᠂ ᠪᠥᠬᠦ ᠣᠷᠣᠨ ᠤ ᠳᠤᠮᠳᠠᠳᠤ ᠪᠠᠭ᠎ᠠ ᠰᠤᠷᠭᠠᠭᠤᠯᠢ ᠨᠤᠭᠤᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠰᠤᠷᠭᠠᠭᠤᠯᠢ ᠳᠤ ᠪᠠᠨ ᠪᠤᠴᠠᠵᠤ ᠬᠢᠴᠢᠶᠡᠯ ᠰᠡᠷᠭᠦᠭᠡᠬᠦ ᠠᠵᠢᠯ ᠢ ᠨᠢᠭᠡᠳᠦᠯᠲᠡᠢ ᠲᠥᠯᠥᠪᠯᠡᠨ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃
ᠮᠡᠳᠡᠭᠳᠡᠯ ᠳᠤ ᠱᠠᠭᠠᠷᠳᠠᠭᠰᠠᠨ ᠨᠢ᠂ ᠡᠯ᠎ᠡ ᠠᠶᠢᠮᠠᠭ ᠬᠤᠲᠠ ᠶᠢᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠂ ᠬᠠᠷᠢᠶ᠎ᠠ ᠭᠠᠵᠠᠷ ᠤᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ 《ᠬᠢᠵᠢᠭ ᠤᠨ ᠪᠠᠶᠢᠳᠠᠯ ᠲᠠᠢ ᠰᠤᠷᠭᠠᠭᠤᠯᠢ ᠨᠤᠭᠤᠳ ᠲᠦᠭᠰᠢᠭᠦᠷᠢᠲᠦ ᠣᠷᠣᠨ ᠤ ᠬᠡᠪᠴᠢᠶ᠎ᠡ ᠶᠢ ᠨᠠᠷᠢᠯᠢᠭ ᠣᠨᠣᠴᠠᠲᠠᠢ ᠪᠠᠷ ᠬᠤᠪᠢᠶᠠᠷᠢᠯᠠᠨ ᠲᠣᠭᠲᠠᠭᠠᠵᠤ᠂ ᠲᠦᠭᠰᠢᠭᠦᠷᠢᠲᠦ ᠣᠷᠣᠨ ᠠᠴᠠ ᠭᠠᠳᠠᠨᠠᠬᠢ ᠣᠷᠣᠨ ᠳᠤ ᠮᠥᠨ ᠬᠦ ᠬᠡᠪ ᠤᠨ ᠵᠢᠭᠠᠨ ᠰᠤᠷᠭᠠᠯᠲᠠ ᠪᠠ ᠠᠮᠢᠳᠤᠷᠠᠯ ᠤᠨ ᠡᠮᠬᠢ ᠵᠢᠷᠤᠮ ᠢ ᠪᠠᠲᠤᠯᠠᠬᠤ》ᠵᠠᠷᠴᠢᠮ ᠤᠨ ᠶᠣᠰᠣᠭᠠᠷ᠂ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠬᠠᠷᠢᠶ᠎ᠠ ᠣᠷᠣᠨ ᠤ ᠳᠣᠲᠣᠷᠠᠬᠢ ᠳᠤᠮᠳᠠᠳᠤ ᠪᠠᠭ᠎ᠠ ᠰᠤᠷᠭᠠᠭᠤᠯᠢ ᠶᠢᠨ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠨᠠᠬᠢ ᠵᠢᠭᠠᠨ ᠰᠤᠷᠭᠠᠯᠲᠠ ᠶᠢ ᠬᠤᠪᠢᠷᠠᠭᠤᠯᠬᠤ ᠶᠢ ᠨᠢᠭᠡᠳᠦᠯᠲᠡᠢ ᠲᠥᠯᠥᠪᠯᠡᠨ ᠰᠠᠶᠢᠲᠤᠷ ᠬᠢᠬᠦ ᠬᠡᠷᠡᠭᠲᠡᠢ᠃ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠰᠦᠯᠵᠢᠶᠡᠨ ᠠᠴᠠ ᠭᠠᠳᠠᠨᠠᠬᠢ ᠵᠢᠭᠠᠨ ᠰᠤᠷᠭᠠᠯᠲᠠ ᠶᠢ ᠰᠡᠷᠭᠦᠭᠡᠬᠦ ᠠᠵᠢᠯ ᠤᠨ ᠲᠥᠰᠥᠯ ᠢ ᠰᠤᠳᠤᠯᠤᠨ ᠲᠣᠭᠲᠠᠭᠠᠵᠤ᠂ ᠬᠠᠷᠢᠶ᠎ᠠ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠲᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ 《ᠪᠦᠯᠦᠭ ᠬᠤᠪᠢᠶᠠᠨ ᠡᠮᠬᠢ ᠵᠢᠷᠤᠮ ᠲᠠᠢ ᠶᠠᠪᠤᠭᠳᠠᠭᠤᠯᠬᠤ᠂ ᠰᠣᠷᠣᠭᠴᠢ ᠶᠢᠨ ᠰᠠᠶᠢᠨ ᠳᠤᠷ᠎ᠠ ᠠᠴᠠ ᠪᠠᠨ ᠪᠠᠶᠢᠬᠤ ᠶᠢ ᠵᠢᠷᠤᠮᠯᠠᠬᠤ᠂ ᠠᠮᠤᠷ ᠲᠦᠪᠰᠢᠨ ᠪᠥᠭᠡᠳ ᠯᠠᠪᠳᠠᠭᠤᠨ ᠪᠠᠶᠢᠬᠤ》ᠵᠠᠷᠴᠢᠮ ᠤᠨ ᠶᠣᠰᠣᠭᠠᠷ᠂ ᠴᠠᠭ ᠬᠤᠭᠤᠴᠠᠭ᠎ᠠ ᠶᠢ ᠵᠥᠷᠢᠭᠦᠯᠬᠦ᠂ ᠣᠷᠭᠢᠯ ᠦᠶ᠎ᠡ ᠶᠢ ᠵᠥᠷᠢᠭᠦᠯᠬᠦ ᠪᠠ ᠲᠠᠰ ᠳᠠᠪᠬᠤᠷᠭ᠎ᠠ ᠶᠢ ᠵᠥᠷᠢᠭᠦᠯᠵᠦ᠂ ᠲᠡᠭᠦᠰᠬᠦ ᠣᠨ ᠤ ᠰᠤᠷᠤᠭᠴᠢᠳ ᠤᠨ ᠰᠦᠯᠵᠢᠶᠡᠨ ᠠᠴᠠ ᠭᠠᠳᠠᠨᠠᠬᠢ ᠵᠢᠭᠠᠨ ᠰᠤᠷᠭᠠᠯᠲᠠ ᠶᠢ ᠰᠡᠷᠭᠦᠭᠡᠬᠦ ᠶᠢ ᠤᠷᠢᠳ ᠢᠶᠠᠷ ᠲᠣᠬᠢᠷᠠᠭᠤᠯᠬᠤ ᠬᠡᠷᠡᠭᠲᠡᠢ᠃ ᠴᠡᠴᠡᠷᠯᠢᠭ ᠤᠨ ᠬᠡᠦᠬᠡᠳ ᠤᠨ ᠴᠡᠴᠡᠷᠯᠢᠭ ᠲᠤ ᠪᠠᠨ ᠪᠤᠴᠠᠬᠤ ᠴᠠᠭ ᠪᠠ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠶᠢᠨ ᠰᠦᠯᠵᠢᠶᠡᠨ ᠠᠴᠠ ᠭᠠᠳᠠᠨᠠᠬᠢ ᠵᠢᠭᠠᠨ ᠰᠤᠷᠭᠠᠯᠲᠠ ᠶᠢ ᠰᠡᠷᠭᠦᠭᠡᠬᠦ ᠴᠠᠭ ᠢ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢᠶᠠᠨ ᠦᠨᠳᠦᠰᠦᠯᠡᠨ ᠰᠤᠳᠤᠯᠤᠨ ᠮᠠᠭᠠᠳᠯᠠᠵᠤ ᠲᠣᠭᠲᠠᠭᠠᠨ᠎ᠠ᠃
ᠰᠤᠷᠭᠠᠭᠤᠯᠢ ᠶᠢᠨ ᠰᠦᠯᠵᠢᠶᠡᠨ ᠠᠴᠠ ᠭᠠᠳᠠᠨᠠᠬᠢ ᠬᠢᠴᠢᠶᠡᠯ ᠢ ᠰᠡᠷᠭᠦᠭᠡᠬᠦ ᠠᠴᠠ ᠡᠮᠦᠨ᠎ᠡ᠂ ᠡᠯ᠎ᠡ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠤᠯᠤᠰ ᠲᠥᠷᠥ ᠬᠠᠤᠯᠢ ᠴᠠᠭᠠᠵᠠ᠂ ᠳᠣᠲᠣᠭᠠᠳᠤ ᠶᠢ ᠬᠠᠮᠠᠭᠠᠯᠠᠬᠤ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠨᠡᠶᠢᠭᠡᠮ ᠲᠣᠭᠤᠷᠢᠭ ᠵᠡᠷᠭᠡ ᠬᠤᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠨᠦᠭᠦᠳ ᠲᠠᠢ ᠬᠠᠮᠲᠤᠷᠠᠨ᠂ ᠬᠠᠷᠭᠤᠭᠤᠯᠤᠨ ᠪᠠᠶᠢᠴᠠᠭᠠᠬᠤ ᠠᠵᠢᠯ ᠤᠨ ᠳᠤᠭᠤᠶᠢᠯᠠᠩ ᠪᠠᠶᠢᠭᠤᠯᠵᠤ᠂ ᠰᠤᠷᠭᠠᠭᠤᠯᠢ ᠶᠢᠨ ᠨᠥᠬᠦᠴᠡᠯ ᠢ ᠨᠢᠭᠡᠳ ᠨᠢᠭᠡ ᠪᠠᠷ ᠬᠠᠷᠭᠤᠭᠤᠯᠤᠨ ᠪᠠᠶᠢᠴᠠᠭᠠᠬᠤ ᠪᠠ ᠰᠢᠮᠳᠠᠭᠤᠯᠤᠨ ᠪᠠᠶᠢᠴᠠᠭᠠᠬᠤ ᠬᠡᠷᠡᠭᠲᠡᠢ᠃ ᠡᠯ᠎ᠡ ᠰᠤᠷᠭᠠᠭᠤᠯᠢ ᠡᠷᠬᠡᠪᠰᠢ ᠪᠠᠭᠰᠢ ᠰᠤᠷᠦᠬᠴᠢ ᠠᠵᠢᠯᠲᠠᠨ ᠠᠵᠢᠯᠴᠢᠨ ᠵᠢᠴᠢ ᠬᠠᠮᠲᠤ ᠠᠮᠢᠳᠤᠷᠠᠵᠤ ᠪᠠᠶᠢᠭ᠎ᠠ ᠬᠥᠮᠥᠰ ᠤᠨ ᠡᠷᠡᠭᠦᠯ ᠮᠡᠡᠳᠦ ᠶᠢᠨ ᠪᠠᠶᠢᠳᠠᠯ ᠢ ᠣᠶᠢᠯᠠᠭᠠᠬᠤ ᠬᠡᠷᠡᠭᠲᠡᠢ᠃ ᠰᠤᠷᠭᠠᠭᠤᠯᠢ ᠳᠤ ᠪᠠᠨ ᠪᠤᠴᠠᠭᠰᠠᠨ ᠪᠠᠭᠰᠢ ᠰᠣᠷᠣᠭᠴᠢ ᠠᠵᠢᠯᠲᠠᠨ ᠡᠷᠬᠡᠪᠰᠢ 48 ᠴᠠᠭ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠵᠢᠴᠢ ᠡᠷᠡᠭᠦᠯ ᠮᠡᠨᠳᠦ ᠶᠢᠨ ᠺᠣᠳ᠋ ᠤᠨ ᠨᠣᠭᠤᠭᠠᠨ ᠺᠣᠳ᠋ ᠢᠶᠠᠨ ᠦᠵᠡᠭᠦᠯᠵᠦ ᠰᠤᠷᠭᠠᠭᠤᠯᠢ ᠳᠤ ᠣᠷᠣᠬᠤ ᠬᠡᠷᠡᠭᠲᠡᠢ᠃ ᠡᠯ᠎ᠡ ᠭᠠᠵᠠᠷ ᠡᠯ᠎ᠡ ᠰᠤᠷᠭᠠᠭᠤᠯᠢ ᠠᠴᠠ ᠬᠤᠯᠪᠣᠭᠳᠠᠯ ᠪᠦᠬᠦᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠥᠰᠥᠯ ᠪᠠ ᠰᠢᠯᠢᠳᠡᠭᠵᠢᠭᠦᠯᠬᠦ ᠠᠷᠭ᠎ᠠ ᠬᠡᠮᠵᠢᠶ᠎ᠡ ᠶᠢᠨ ᠱᠠᠭᠠᠷᠳᠠᠯᠭ᠎ᠠ ᠶᠣᠰᠣᠭᠠᠷ᠂ ᠲᠣᠰ ᠭᠠᠵᠠᠷ ᠣᠷᠣᠨ ᠵᠢᠴᠢ ᠲᠣᠰ ᠰᠤᠷᠭᠠᠭᠤᠯᠢ ᠶᠢᠨ ᠢᠶᠠᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠪᠡᠯᠡᠳᠬᠡᠯ ᠲᠥᠰᠥᠯ ᠳᠤ ᠴᠠᠭ ᠲᠤᠬᠠᠢ ᠳᠤ ᠨᠢ ᠵᠠᠰᠠᠪᠤᠷᠢ ᠣᠷᠣᠭᠤᠯᠤᠨ ᠲᠡᠭᠦᠯᠳᠡᠷᠵᠢᠭᠦᠯᠬᠦ ᠬᠡᠷᠡᠭᠲᠡᠢ᠃ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠳ ᠰᠤᠷᠭᠠᠭᠤᠯᠢ ᠶᠢ ᠵᠢᠭᠠᠨ ᠵᠢᠯᠤᠭᠤᠳᠴᠤ ᠪᠠᠶᠢᠭᠠᠳ ᠬᠢᠴᠢᠶᠡᠯ ᠤᠨ ᠲᠣᠬᠢᠷᠠᠭᠤᠯᠤᠯᠲᠠ᠂ ᠵᠢᠭᠠᠨ ᠰᠤᠷᠭᠠᠯᠲᠠ ᠶᠢᠨ ᠲᠥᠯᠥᠪᠯᠡᠭᠡ᠂ ᠠᠩᠭᠢ ᠶᠢᠨ ᠠᠵᠢᠯ ᠤᠨ ᠲᠥᠯᠥᠪᠯᠡᠭᠡ ᠶᠢ ᠤᠷᠢᠳᠴᠢᠯᠠᠨ ᠰᠠᠶᠢᠲᠤᠷ ᠬᠢᠵᠦ᠂ ᠬᠢᠴᠢᠶᠡᠯ ᠢ ᠪᠦᠷᠢᠨ ᠭᠦᠢᠴᠡᠳ ᠨᠡᠭᠡᠭᠡᠬᠦ ᠶᠢ ᠪᠠᠲᠤᠯᠠᠬᠤ ᠬᠡᠷᠡᠭᠲᠡᠢ᠃ ᠰᠤᠷᠭᠠᠭᠤᠯᠢ ᠨᠤᠭᠤᠳ ᠠᠮᠠᠪᠴᠢ᠂ ᠭᠠᠷ ᠤᠬᠢᠶᠠᠬᠤ ᠰᠢᠩᠭᠡᠨ᠂ ᠪᠡᠶ᠎ᠡ ᠶᠢᠨ ᠤ ᠬᠡᠮᠵᠢᠭᠦᠷ᠂ ᠠᠷᠢᠭᠤᠳᠬᠠᠭᠴᠢ ᠡᠳ᠋ ᠵᠡᠷᠭᠡ ᠡᠷᠬᠡᠪᠰᠢ ᠪᠡᠯᠡᠳᠬᠡᠬᠦ ᠴᠢᠬᠤᠯᠠᠲᠠᠢ ᠰᠡᠷᠭᠡᠶᠢᠯᠡᠨ ᠡᠵᠡᠮᠳᠡᠬᠦ ᠡᠳ᠋ ᠪᠣᠳᠠᠰ ᠢ ᠭᠦᠢᠴᠡᠳ ᠪᠡᠯᠡᠳᠬᠡᠵᠦ᠂ ᠬᠠᠷᠢᠶ᠎ᠠ ᠭᠠᠵᠠᠷ ᠤᠨ ᠢᠶᠠᠨ ᠲᠥᠷᠥ ᠶᠢᠨ ᠪᠣᠳᠣᠯᠭ᠎ᠠ ᠶᠢ ᠦᠨᠳᠦᠰᠦᠯᠡᠨ ᠵᠣᠬᠢᠶᠠᠨ ᠪᠠᠶᠢᠭᠤᠯᠤᠯᠲᠠ ᠲᠠᠢ ᠪᠠᠷ ᠳᠤᠮᠳᠠᠳᠤ ᠪᠠᠭ᠎ᠠ ᠰᠤᠷᠭᠠᠭᠤᠯᠢ ᠪᠠ ᠬᠡᠦᠬᠡᠳ ᠰᠠᠭᠠᠲᠠᠭᠤᠯᠬᠤ ᠪᠠᠶᠢᠭᠤᠯᠤᠮᠵᠢ ᠳᠤ ᠬᠠᠨᠳᠤᠭᠤᠯᠤᠭᠰᠠᠨ ᠪᠥᠭᠡᠮ ᠬᠦᠴᠢᠯ ᠤᠨ ᠪᠠᠶᠢᠴᠠᠭᠠᠯᠲᠠ ᠶᠢ ᠥᠷᠨᠢᠭᠦᠯᠬᠦ ᠬᠡᠷᠡᠭᠲᠡᠢ᠃ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠨᠢ ᠵᠠᠷᠴᠢᠮ ᠳᠡᠭᠡᠷ᠎ᠡ ᠪᠠᠨ ᠪᠢᠲᠡᠭᠦᠮᠵᠢᠲᠦ ᠴᠠᠭᠠᠷᠢᠭ ᠤᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠪᠠᠭᠰᠢ ᠰᠣᠷᠣᠭᠴᠢ ᠠᠵᠢᠯᠲᠠᠨ ᠠᠵᠢᠯᠴᠢᠨ ᠤ 《ᠥᠪᠡᠷ ᠤᠨ ᠪᠡᠶ᠎ᠡ ᠪᠣᠯ ᠡᠷᠡᠭᠦᠯ ᠮᠡᠨᠳᠦ ᠶᠢᠨ ᠨᠢᠭᠡᠳᠦᠭᠡᠷ ᠬᠠᠷᠢᠭᠤᠴᠠᠯᠭᠠᠲᠠᠨ ᠮᠥᠨ》ᠭᠡᠬᠦ ᠤᠬᠠᠮᠰᠠᠷ ᠢ ᠪᠠᠲᠤᠳᠬᠠᠵᠤ᠂ ᠭᠡᠷ ᠤᠨ ᠠᠬᠠᠮᠠᠳ ᠬᠡᠦᠬᠡᠳ ᠢᠶᠠᠨ ᠲᠣᠰᠴᠤ ᠬᠦᠷᠭᠡᠬᠦ ᠳᠤ ᠪᠠᠨ ᠰᠤᠷᠭᠠᠭᠤᠯᠢ ᠶᠢᠨ ᠡᠭᠦᠳᠡᠨ ᠳᠤ ᠪᠥᠭᠡᠮᠨᠡᠷᠡᠨ ᠴᠤᠭᠯᠠᠷᠠᠬᠤ ᠦᠭᠡᠢ ᠪᠠᠶᠢᠵᠤ᠂ ᠠᠮᠠᠪᠴᠢ ᠵᠡᠭᠦᠬᠦ ᠶᠢ ᠵᠢᠷᠤᠮᠵᠢᠭᠤᠯᠤᠨ᠂ ᠬᠢᠵᠢᠭ ᠤᠨ ᠬᠠᠯᠳᠠᠪᠤᠷᠢᠯᠠᠬᠤ ᠲᠦᠭᠰᠢᠭᠦᠷᠢ ᠶᠢ ᠴᠢᠩᠭ᠎ᠠ ᠰᠡᠷᠭᠡᠶᠢᠯᠡᠬᠦ ᠬᠡᠷᠡᠭᠲᠡᠢ ᠭᠡᠵᠡᠢ᠃
ᠮᠡᠳᠡᠭᠳᠡᠯ ᠳᠤ ᠪᠠᠰᠠ ᠡᠯ᠎ᠡ ᠰᠤᠷᠭᠠᠭᠤᠯᠢ ᠶᠢᠨ ᠬᠢᠨ ᠰᠤᠷᠤᠭᠴᠢᠳ ᠤᠨ ᠰᠡᠳᠬᠢᠴᠡ ᠶᠢᠨ ᠪᠠᠶᠢᠳᠠᠯ ᠢ ᠨᠢᠭᠲᠠ ᠠᠩᠬᠠᠷᠴᠤ᠂ ᠬᠥᠮᠦᠯᠢᠭ ᠬᠠᠯᠠᠮᠵᠢᠯᠠᠯ ᠢ ᠴᠢᠩᠭᠠᠳᠬᠠᠬᠤ ᠶᠢᠨ ᠬᠠᠮᠲᠤ ᠳᠡᠭᠡᠷᠡᠬᠢ ᠠᠷᠭ᠎ᠠ ᠬᠡᠮᠵᠢᠶ᠎ᠡ ᠪᠠ ᠱᠠᠭᠠᠷᠳᠠᠯᠭ᠎ᠠ ᠶᠢ ᠤᠯᠤᠰ ᠤᠨ ᠰᠡᠷᠭᠡᠶᠢᠯᠡᠨ ᠡᠵᠡᠮᠳᠡᠬᠦ ᠲᠥᠷᠥ ᠶᠢᠨ ᠪᠣᠳᠣᠯᠭ᠎ᠠ ᠶᠢ ᠦᠨᠳᠦᠰᠦᠯᠡᠨ ᠬᠥᠳᠡᠯᠦᠩᠭᠦᠢ ᠪᠠᠷ ᠲᠣᠬᠢᠷᠠᠭᠤᠯᠤᠯᠲᠠ ᠬᠢᠬᠦ ᠬᠡᠷᠡᠭᠲᠡᠢ ᠭᠡᠵᠦ ᠱᠠᠭᠠᠷᠳᠠᠪᠠ᠃