ᠵᠤᠬᠢᠶᠠᠭᠴᠢ:
ᠴᠠᠭ:2022-12-23
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠮᠠᠨ ᠤ ᠣᠷᠣᠨ ᠤ 60 ᠵᠦᠢᠯ ᠤᠨ ᠡᠮ ᠤᠨ ᠦᠨ᠎ᠡ ᠳᠤᠮᠳᠠᠴᠢ ᠪᠠᠷ 48% ᠪᠠᠷ ᠪᠠᠭᠤᠷᠠᠪᠠ
ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 11 ᠳ᠋ᠦ᠋ᠭᠡᠷ ᠰᠠᠷ᠎ᠠ ᠶᠢᠨ 29 ᠤ ᠡᠳᠦᠷ᠂ ᠳᠣᠯᠣᠳᠤᠭᠠᠷ ᠪᠦᠯᠦᠭ ᠤᠯᠤᠰ ᠤᠨ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠲᠤ ᠰᠣᠩᠭᠤᠭᠳᠠᠭᠰᠠᠨ 60 ᠵᠦᠢᠯ ᠤᠨ ᠡᠮ ᠢ ᠮᠠᠨ ᠤ ᠣᠷᠣᠨ ᠳᠤ ᠨᠠᠶᠢᠳᠠᠪᠤᠷᠢᠵᠢᠭᠤᠯᠤᠨ ᠬᠡᠷᠡᠭᠵᠢᠭᠦᠯᠵᠦ᠂ ᠦᠨ᠎ᠡ ᠨᠢ ᠳᠤᠮᠳᠠᠴᠢ ᠪᠠᠷ 48% ᠪᠠᠷ ᠪᠠᠭᠤᠷᠠᠵᠤ᠂ ᠵᠢᠱᠢᠯᠲᠡ ᠪᠠᠷ ᠮᠠᠨ ᠤ ᠣᠷᠣᠨ ᠤ ᠡᠮᠴᠢᠯᠡᠭᠡ ᠶᠢᠨ ᠳᠠᠭᠠᠳᠬᠠᠯ ᠤᠨ ᠰᠠᠭᠤᠷᠢ ᠮᠥᠩᠭᠦ ᠶᠢ ᠵᠢᠯ ᠳᠤ 4.94 ᠳ᠋ᠦᠩᠰᠢᠭᠤᠷ ᠲᠥᠭᠦᠷᠢᠭ ᠠᠷᠪᠢᠯᠠᠬᠤ ᠪᠣᠯᠣᠨ᠎ᠠ᠃
ᠲᠣᠰ ᠤᠳᠠᠭᠠᠨ ᠤ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠲᠤ ᠰᠣᠩᠭᠤᠭᠳᠠᠭᠰᠠᠨ ᠡᠮ ᠨᠢ 31 ᠲᠥᠷᠥᠯ ᠤᠨ ᠡᠮᠴᠢᠯᠡᠭᠡᠨ ᠤ ᠠᠩᠭᠢᠯᠠᠯ ᠳᠤ ᠬᠤᠯᠪᠣᠭᠳᠠᠵᠤ᠂ ᠴᠢᠰᠤᠨ ᠳᠠᠷᠤᠯᠲᠠ ᠥᠨᠳᠥᠷ ᠡᠪᠡᠳᠴᠢᠨ᠂ ᠰᠢᠬᠢᠷ ᠰᠢᠵᠢᠩ ᠡᠪᠡᠳᠴᠢᠨ᠂ ᠬᠠᠯᠳᠠᠪᠤᠷᠢᠯᠠᠯ ᠢ ᠡᠰᠡᠷᠭᠦᠴᠡᠬᠦ᠂ ᠰᠢᠩᠭᠡᠭᠡᠯᠲᠡ ᠶᠢᠨ ᠵᠠᠮ ᠤᠨ ᠡᠪᠡᠳᠴᠢᠨ ᠵᠡᠷᠭᠡ ᠪᠠᠶᠢᠩᠭᠤ ᠲᠣᠬᠢᠶᠠᠯᠳᠤᠳᠠᠭ ᠡᠪᠡᠳᠴᠢᠨ᠂ ᠤᠳᠠᠭᠠᠨ ᠴᠢᠨᠠᠷᠲᠠᠢ ᠡᠪᠡᠳᠴᠢᠨ ᠳᠤ ᠬᠡᠷᠡᠭᠯᠡᠬᠦ ᠡᠮ ᠵᠢᠴᠢ ᠠᠭᠤᠰᠬᠢᠨ ᠤ ᠥᠮᠡᠨ᠂ ᠡᠯᠢᠭᠡᠨ ᠤ ᠥᠮᠡᠨ᠂ ᠪᠥᠭᠡᠷᠡᠨ ᠤ ᠥᠮᠡᠨ᠂ ᠭᠡᠳᠡᠰᠦᠨ ᠤ ᠥᠮᠡᠨ ᠵᠡᠷᠭᠡ ᠬᠦᠨᠳᠦ ᠡᠪᠡᠳᠴᠢᠨ ᠳᠤ ᠬᠡᠷᠡᠭᠯᠡᠬᠦ ᠡᠮ ᠢ ᠪᠠᠭᠲᠠᠭᠠᠭᠰᠠᠨ ᠪᠠᠶᠢᠨ᠎ᠠ᠃ ᠡᠭᠦᠨ ᠳᠤ ᠣᠯᠠᠨ ᠲᠥᠷᠥᠯ ᠤᠨ ᠬᠤᠣᠷᠲᠤ ᠬᠠᠪᠤᠳᠠᠷ ᠲᠤ ᠬᠡᠷᠡᠭᠯᠡᠬᠦ ᠡᠮ ᠤᠨ ᠦᠨ᠎ᠡ ᠶᠢᠨ ᠪᠠᠭᠤᠷᠠᠯᠲᠠ ᠶᠢᠨ ᠬᠡᠮᠵᠢᠶ᠎ᠡ ᠨᠢ ᠨᠡᠯᠢᠶᠡᠳ ᠶᠡᠭᠡ ᠪᠠᠶᠢᠵᠤ᠂ ᠵᠢᠵᠢᠭ ᠡᠰᠲᠦ ᠠᠭᠤᠰᠬᠢᠨ ᠤ ᠥᠮᠡᠨ ᠪᠠ ᠭᠡᠳᠡᠰᠦᠨ ᠤ ᠥᠮᠡᠨ ᠤ ᠡᠮᠴᠢᠯᠡᠭᠡᠨ ᠳᠤ ᠬᠡᠷᠡᠭᠯᠡᠬᠦ ᠢᠷᠢᠨᠥᠲ᠋ᠡᠺᠠᠨ ᠤ ᠦᠨ᠎ᠡ ᠬᠠᠩᠰᠢ ᠨᠢ ᠯᠣᠩᠬᠤ ᠪᠦᠷᠢ ᠳᠤ ᠪᠠᠨ 330.29 ᠲᠥᠭᠦᠷᠢᠭ ᠪᠠᠶᠢᠭᠰᠠᠨ ᠠᠴᠠ ᠪᠠᠨ 29.8 ᠲᠥᠭᠦᠷᠢᠭ ᠪᠣᠯᠣᠨ ᠪᠠᠭᠤᠷᠠᠵᠤ᠂ ᠪᠣᠳᠠᠲᠤ ᠪᠡᠶᠡᠲᠦ ᠬᠤᠣᠷᠲᠤ ᠬᠠᠪᠤᠳᠠᠷ ᠤᠨ ᠶᠠᠰᠤᠨ ᠤ ᠰᠢᠯᠵᠢᠯᠲᠡ ᠪᠠ ᠣᠯᠠᠨ ᠡᠭᠦᠰᠬᠦ ᠴᠢᠨᠠᠷᠲᠠᠢ ᠴᠢᠮᠦᠭᠡᠨ ᠤ ᠬᠤᠣᠷᠲᠤ ᠬᠠᠪᠤᠳᠠᠷ ᠤᠨ ᠠᠷᠤᠭ ᠶᠠᠰᠤᠨ ᠤ ᠭᠡᠮᠲᠦᠯ ᠤᠨ ᠡᠮᠴᠢᠯᠡᠭᠡᠨ ᠳᠤ ᠬᠡᠷᠡᠭᠯᠡᠬᠦ ᠲᠠᠷᠢᠯᠭ᠎ᠠ ᠶᠢᠨ ᠵᠣᠷᠢᠭᠤᠯᠤᠯᠲᠠ ᠲᠠᠢ ᠽᠣᠯᠧᠳᠷᠣᠨᠢᠺ ᠬᠦᠴᠢᠯ ᠤᠨ ᠥᠳᠬᠡᠨ ᠠᠭᠤᠰᠤᠮᠠᠯ ᠤᠨ ᠦᠨ᠎ᠡ ᠮᠥᠨ ᠯᠣᠩᠬᠤ ᠪᠦᠷᠢ ᠳᠤ ᠪᠠᠨ 414 ᠲᠥᠭᠦᠷᠢᠭ ᠪᠠᠶᠢᠭᠰᠠᠨ ᠠᠴᠠ ᠪᠠᠨ 36 ᠲᠥᠭᠦᠷᠢᠭ ᠪᠣᠯᠣᠨ ᠪᠠᠭᠤᠷᠠᠵᠤ᠂ ᠦᠨ᠎ᠡ ᠶᠢᠨ ᠪᠠᠭᠤᠷᠠᠯᠲᠠ ᠶᠢᠨ ᠬᠡᠮᠵᠢᠶ᠎ᠡ ᠨᠢ ᠴᠥᠮ 90% ᠶᠢ ᠳᠠᠪᠠᠵᠠᠢ᠃
ᠡᠭᠦᠨ ᠠᠴᠠ ᠭᠠᠳᠠᠨ᠎ᠠ᠂ ᠲᠣᠰ ᠤᠳᠠᠭ᠎ᠠ ᠶᠢᠨ ᠲᠥᠪᠯᠡᠷᠡᠭᠦᠯᠦᠨ ᠬᠤᠳᠠᠯᠳᠤᠨ ᠠᠪᠬᠤ ᠳᠤ 《ᠨᠢᠭᠡ ᠦᠢᠯᠡᠳᠬᠦᠨ ᠳᠤ ᠬᠤᠣᠰ ᠬᠠᠩᠭᠠᠯᠭ᠎ᠠ ᠶᠠᠪᠤᠭᠤᠯᠬᠤ》ᠵᠠᠭᠪᠤᠷ ᠢ ᠪᠣᠢ ᠪᠣᠯᠭᠠᠵᠤ᠂ ᠬᠤᠳᠠᠯᠳᠤᠨ ᠠᠪᠬᠤ ᠦᠶᠡᠯᠡᠯ ᠤᠨ ᠬᠤᠭᠤᠴᠠᠭᠠᠨ ᠳᠤ᠂ ᠬᠡᠷᠪᠡ ᠭᠤᠣᠯ ᠬᠠᠩᠭᠠᠯᠭ᠎ᠠ ᠶᠢᠨ ᠠᠵᠤ ᠠᠬᠤᠶᠢᠯᠠᠯ ᠳᠤ ᠬᠠᠩᠭᠠᠯᠭ᠎ᠠ ᠲᠠᠰᠤᠷᠠᠬᠤ ᠵᠡᠷᠭᠡ ᠣᠨᠴᠠᠭᠠᠶ ᠪᠠᠶᠢᠳᠠᠯ ᠭᠠᠷᠪᠠᠯ᠂ ᠪᠡᠯᠡᠳᠬᠡᠯ ᠬᠠᠩᠭᠠᠯᠭ᠎ᠠ ᠶᠢᠨ ᠠᠵᠤ ᠠᠬᠤᠶᠢᠯᠠᠯ ᠨᠢ ᠭᠤᠣᠯ ᠬᠠᠩᠭᠠᠯᠭ᠎ᠠ ᠶᠢᠨ ᠠᠵᠤ ᠠᠬᠤᠶᠢᠯᠠᠯ ᠢ ᠣᠷᠣᠯᠠᠨ ᠴᠠᠭ ᠲᠤᠬᠠᠢ ᠳᠤ ᠨᠢ ᠬᠠᠩᠭᠠᠵᠤ᠂ ᠲᠥᠪᠯᠡᠷᠡᠭᠦᠯᠦᠨ ᠬᠤᠳᠠᠯᠳᠤᠨ ᠠᠪᠬᠤ ᠡᠮ ᠤᠨ ᠬᠠᠩᠭᠠᠯᠭ᠎ᠠ ᠶᠢᠨ ᠣᠯᠠᠨ ᠡᠰᠢᠵᠢᠯᠲᠡ ᠪᠠ ᠲᠣᠭᠲᠠᠪᠤᠷᠢᠲᠤ ᠴᠢᠨᠠᠷ ᠢ ᠳᠡᠭᠡᠭᠰᠢᠯᠡᠭᠦᠯᠦᠨ᠎ᠡ᠃
ᠣᠶᠢᠯᠠᠭᠠᠭᠰᠠᠨ ᠢᠶᠠᠷ᠂ ᠮᠠᠨ ᠤ ᠣᠷᠣᠨ ᠡᠮ ᠤᠨ ᠵᠦᠢᠯ ᠢ ᠲᠥᠪᠯᠡᠷᠡᠭᠦᠯᠦᠨ ᠬᠤᠳᠠᠯᠳᠤᠨ ᠠᠪᠬᠤ ᠥᠭᠡᠷᠡᠴᠢᠯᠡᠯᠲᠡ ᠶᠢ ᠪᠠᠶᠢᠩᠭᠤᠵᠢᠭᠤᠯᠤᠨ ᠳᠦᠷᠢᠮᠵᠢᠭᠦᠯᠵᠦ᠂ ᠲᠥᠪᠯᠡᠷᠡᠭᠦᠯᠦᠨ ᠬᠤᠳᠠᠯᠳᠤᠨ ᠠᠪᠬᠤ ᠲᠥᠷᠥᠯ ᠵᠦᠢᠯ ᠤᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ᠥᠷᠭᠡᠨ ᠣᠯᠠᠨ ᠡᠪᠡᠳᠴᠢᠲᠡᠨ ᠳᠤ ᠨᠠᠩ ᠣᠯᠠᠨ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠬᠦᠷᠲᠡᠭᠡᠬᠦ ᠪᠣᠯᠣᠨ᠎ᠠ᠃