ᠵᠤᠬᠢᠶᠠᠭᠴᠢ:
ᠴᠠᠭ:2022-12-23
ᠥᠵᠡᠭᠰᠡᠨ : ℃
ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾
ᠰᠢ ᠶᠢᠨ ᠫᠢᠩ ᠭᠧᠷᠮᠠᠨ ᠤ ᠶᠡᠷᠦᠩᠬᠡᠶᠢᠯᠡᠭᠴᠢ ᠰᠧᠲ᠋ᠠᠶᠢᠶ᠋ᠢᠨᠮᠠᠶᠢᠯ ᠲᠠᠢ ᠤᠲᠠᠰᠤ ᠪᠠᠷ ᠶᠠᠷᠢᠯᠴᠠᠪᠠ
ᠤᠯᠤᠰ ᠤᠨ ᠲᠡᠷᠢᠭᠦᠯᠡᠭᠴᠢ ᠰᠢ ᠶᠢᠨ ᠫᠢᠩ 20 ᠤ ᠣᠷᠣᠢ ᠪᠣᠯᠵᠤᠭ᠎ᠠ ᠪᠠᠷ ᠭᠧᠷᠮᠠᠨ ᠤ ᠶᠡᠷᠦᠩᠬᠡᠶᠢᠯᠡᠭᠴᠢ ᠰᠧᠲ᠋ᠠᠶᠢᠶ᠋ᠢᠨᠮᠠᠶᠢᠯ ᠲᠠᠢ ᠤᠲᠠᠰᠤ ᠪᠠᠷ ᠶᠠᠷᠢᠯᠴᠠᠪᠠ᠃
ᠰᠢ ᠶᠢᠨ ᠫᠢᠩ᠂ ᠡᠨᠡ ᠵᠢᠯ ᠪᠣᠯ ᠳᠤᠮᠳᠠᠳᠤ ᠭᠧᠷᠮᠠᠨ ᠤ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠪᠣᠯᠣᠨ᠎ᠠ᠂ ᠳᠤᠮᠳᠠᠳᠤ ᠭᠧᠷᠮᠠᠨ ᠤ ᠬᠠᠷᠢᠯᠴᠠᠭ᠎ᠠ ᠳᠠᠬᠢ ᠴᠢᠬᠤᠯᠠ ᠶᠡᠭᠡ ᠠᠴᠢ ᠬᠤᠯᠪᠣᠭᠳᠠᠯ ᠲᠠᠢ ᠨᠢᠭᠡ ᠵᠢᠯ ᠪᠣᠯᠣᠨ᠎ᠠ᠃ ᠳᠤᠮᠳᠠᠳᠤ ᠭᠧᠷᠮᠠᠨ ᠤ ᠬᠡᠳᠦᠨ ᠦᠶ᠎ᠡ ᠶᠢᠨ ᠤᠳᠤᠷᠢᠳᠬᠤ ᠬᠥᠮᠥᠰ ᠤᠨ ᠬᠠᠮᠲᠤ ᠶᠢᠨ ᠴᠢᠷᠮᠠᠶᠢᠯᠭ᠎ᠠ ᠪᠠᠷ᠂ ᠳᠤᠮᠳᠠᠳᠤ ᠭᠧᠷᠮᠠᠨ ᠤ ᠬᠠᠷᠢᠯᠴᠠᠭ᠎ᠠ ᠶᠡᠷᠦᠩᠬᠡᠢ ᠳᠡᠭᠡᠨ ᠤᠷᠤᠭᠰᠢᠯᠠᠬᠤ ᠰᠠᠶᠢᠵᠢᠷᠠᠬᠤ ᠶᠡᠭᠡ ᠴᠢᠭᠯᠡᠯ ᠢ ᠪᠠᠲᠤᠯᠠᠵᠤ᠂ ᠬᠤᠶᠠᠷ ᠤᠯᠤᠰ ᠪᠦᠭᠦ ᠲᠠᠯ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠪᠣᠯᠪᠠ᠃ ᠳᠤᠮᠳᠠᠳᠤ ᠭᠧᠷᠮᠠᠨ ᠤ ᠬᠠᠷᠢᠯᠴᠠᠭ᠎ᠠ ᠶᠢᠨ ᠬᠥᠭᠵᠢᠯᠲᠡ ᠭᠦᠨ ᠵᠤᠵᠠᠭᠠᠨ ᠠᠷᠠᠳ ᠤᠨ ᠰᠠᠨᠠᠭ᠎ᠠ ᠶᠢᠨ ᠰᠠᠭᠤᠷᠢ ᠲᠠᠢ᠂ ᠥᠷᠭᠡᠨ ᠳᠡᠯᠭᠡᠷ ᠬᠠᠮᠲᠤ ᠶᠢᠨ ᠠᠰᠢᠭ ᠲᠤᠰᠠ ᠪᠠ ᠡᠯᠪᠡᠭ ᠪᠠᠶᠠᠯᠢᠭ ᠠᠮᠵᠢᠯᠲᠠ ᠲᠠᠢ ᠲᠤᠷᠰᠢᠯᠭ᠎ᠠ ᠲᠠᠢ ᠶᠤᠮ᠃ ᠬᠤᠶᠠᠷ ᠲᠠᠯ᠎ᠠ ᠪᠠᠷ ᠢᠶᠠᠨ ᠬᠠᠷᠢᠯᠴᠠᠨ ᠬᠦᠨᠳᠦᠳᠬᠡᠬᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠳᠠᠭ ᠯᠠ ᠶᠤᠮ ᠪᠣᠯ ᠳᠤᠮᠳᠠᠳᠤ ᠭᠧᠷᠮᠠᠨ ᠤ ᠬᠠᠷᠢᠯᠴᠠᠭ᠎ᠠ ᠯᠠᠪᠲᠠᠢ ᠵᠥᠪ᠂ ᠯᠠᠪᠳᠠᠭᠤᠨ᠂ ᠬᠤᠯᠠ ᠠᠶᠠᠯᠠᠵᠤ ᠴᠢᠳᠠᠨ᠎ᠠ᠃ ᠳᠤᠮᠳᠠᠳᠤ ᠤᠯᠤᠰ ᠳᠤᠷᠠᠲᠠᠶ᠎ᠠ ᠭᠧᠷᠮᠠᠨ ᠤ ᠬᠢᠨ ᠲᠠᠢ ᠬᠠᠮᠲᠤ ᠪᠠᠷ ᠴᠢᠷᠮᠠᠶᠢᠵᠤ ᠪᠠᠶᠢᠭᠠᠳ ᠳᠤᠮᠳᠠᠳᠤ ᠭᠧᠷᠮᠠᠨ ᠤ ᠬᠠᠷᠢᠯᠴᠠᠭ᠎ᠠ ᠶᠢᠨ ᠲᠠᠰᠤᠷᠠᠯᠳᠠ ᠦᠭᠡᠢ ᠰᠢᠨ᠎ᠡ ᠳᠡᠭᠲᠡᠷ ᠲᠤ ᠭᠠᠷᠬᠤ ᠶᠢ ᠠᠬᠢᠭᠤᠯᠵᠤ᠂ ᠳᠤᠮᠳᠠᠳᠤ ᠭᠧᠷᠮᠠᠨ ᠤ ᠬᠠᠷᠢᠯᠴᠠᠭ᠎ᠠ ᠶᠢᠨ ᠢᠷᠡᠭᠡᠳᠦᠢ ᠶᠢᠨ ᠠᠮᠵᠢᠯᠲᠠ ᠶᠢᠨ 50 ᠵᠢᠯ ᠢ ᠨᠡᠭᠡᠭᠡᠨ᠎ᠡ ᠭᠡᠵᠦ ᠵᠢᠭᠠᠵᠤ ᠭᠠᠷᠭᠠᠪᠠ᠃
ᠰᠢ ᠶᠢᠨ ᠫᠢᠩ ᠳᠠᠷᠠᠭᠠᠴᠢ ᠶᠢᠨ ᠱᠠᠲᠦ ᠦᠶ᠎ᠡ ᠶᠢᠨ ᠳᠤᠮᠳᠠᠳᠤ ᠭᠧᠷᠮᠠᠨ ᠤ ᠬᠠᠷᠢᠯᠴᠠᠭ᠎ᠠ ᠶᠢᠨ ᠬᠥᠭᠵᠢᠯᠲᠡ ᠶᠢᠨ ᠲᠤᠬᠠᠢ ᠭᠤᠷᠪᠠᠨ ᠰᠠᠨᠠᠯ ᠳᠤᠷᠠᠳᠪᠠ᠄
ᠡᠩ ᠲᠡᠷᠢᠭᠦᠨ ᠳᠤ᠂ ᠬᠤᠶᠠᠷ ᠲᠠᠯ᠎ᠠ ᠪᠠᠷ ᠢᠶᠠᠨ ᠵᠥᠪ ᠣᠨᠣᠪᠴᠢᠲᠠᠢ ᠦᠨᠳᠦᠰᠦᠨ ᠲᠠᠨᠢᠯᠲᠠ ᠶᠢ ᠪᠠᠷᠢᠮᠲᠠᠯᠠᠪᠠᠯ ᠵᠣᠬᠢᠨ᠎ᠠ᠃ ᠳᠤᠮᠳᠠᠳᠤ ᠭᠧᠷᠮᠠᠨ ᠪᠣᠯ ᠢᠮᠠᠭᠲᠠ ᠶᠢᠨ ᠶᠠᠷᠢᠯᠴᠠᠭ᠎ᠠ ᠶᠢᠨ ᠬᠠᠨᠢᠲᠠᠨ᠂ ᠬᠥᠭᠵᠢᠯᠲᠡ ᠶᠢᠨ ᠬᠠᠨᠢᠲᠠᠨ᠂ ᠬᠠᠮᠲᠤᠷᠠᠯᠴᠠᠭᠠᠨ ᠤ ᠬᠠᠨᠢᠲᠠᠨ᠂ ᠪᠦᠭᠦ ᠪᠥᠮᠪᠥᠷᠴᠡᠭ ᠤᠨ ᠥᠷᠢᠰᠦᠯᠳᠦᠭᠡᠨ ᠢ ᠠᠷᠭᠠᠴᠠᠬᠤ ᠬᠠᠨᠢᠲᠠᠨ ᠶᠤᠮ᠃ ᠬᠤᠶᠠᠷ ᠲᠠᠯ᠎ᠠ ᠪᠠᠷ ᠢᠶᠠᠨ ᠶᠠᠷᠢᠯᠴᠠᠭ᠎ᠠ ᠪᠠᠷ ᠳᠠᠮᠵᠢᠨ ᠬᠠᠮᠲᠤ ᠶᠢᠨ ᠲᠠᠨᠢᠯᠲᠠ ᠪᠠᠨ ᠦᠷᠭᠦᠯᠵᠢᠯᠡᠨ ᠨᠢᠭᠲᠠᠷᠠᠭᠤᠯᠬᠤ ᠪᠠ ᠥᠷᠭᠡᠳᠬᠡᠵᠦ᠂ ᠪᠦᠲᠦᠭᠡᠯᠴᠢ ᠣᠪᠣᠷ ᠢᠶᠠᠷ ᠵᠥᠷᠢᠯᠳᠦᠭᠡᠨ ᠢᠶᠠᠨ ᠬᠠᠮᠢᠶᠠᠷᠤᠨ ᠡᠵᠡᠮᠳᠡᠵᠦ᠂ ᠬᠠᠨᠢᠲᠠᠨ ᠤ ᠬᠠᠷᠢᠯᠴᠠᠭ᠎ᠠ ᠶᠢᠨ ᠠᠭᠤᠯᠤᠭᠳᠠᠬᠤᠨ ᠢᠶᠠᠨ ᠦᠷᠭᠦᠯᠵᠢᠯᠡᠨ ᠲᠡᠭᠦᠯᠳᠡᠷᠵᠢᠭᠦᠯᠦᠶ᠎ᠡ᠃
ᠬᠤᠶᠠᠳᠤᠭᠠᠷ ᠲᠤ᠂ ᠳᠤᠮᠳᠠᠳᠤ ᠭᠧᠷᠮᠠᠨ ᠤ ᠬᠠᠮᠲᠤᠷᠠᠯᠴᠠᠭ᠎ᠠ ᠪᠣᠳᠠᠲᠠᠢ ᠶᠢ ᠡᠷᠬᠢᠮᠯᠡᠭᠰᠡᠨ ᠨᠡᠭᠡᠭᠡᠯᠲᠡ ᠲᠠᠢ ᠶᠤᠮ᠂ ᠡᠨᠡ ᠪᠣᠯ ᠬᠤᠶᠠᠷ ᠲᠠᠯ᠎ᠠ ᠶᠢᠨ ᠬᠠᠷᠢᠯᠴᠠᠭ᠎ᠠ ᠶᠢᠨ ᠪᠠᠷᠢᠮᠲᠠᠯᠠᠪᠠᠰᠤ ᠵᠣᠬᠢᠬᠤ ᠬᠠᠮᠤᠭ ᠤᠨ ᠴᠢᠬᠤᠯᠠ ᠣᠨᠴᠠᠯᠢᠭ ᠪᠣᠯᠣᠨ᠎ᠠ᠃ ᠥᠩᠭᠡᠷᠡᠭᠰᠡᠨ 50 ᠵᠢᠯ ᠳᠤ ᠳᠤᠮᠳᠠᠳᠤ ᠭᠧᠷᠮᠠᠨ ᠤ ᠠᠷᠠᠯᠵᠢᠶᠠᠨ ᠤ ᠬᠡᠮᠵᠢᠶ᠎ᠡ 870 ᠲᠠᠭᠢᠨ ᠨᠡᠮᠡᠭᠳᠡᠪᠡ᠃ ᠬᠤᠶᠠᠷ ᠲᠠᠯ᠎ᠠ ᠪᠠᠷ ᠢᠶᠠᠨ ᠭᠢᠯᠪᠠᠷ ᠪᠤᠰᠤ ᠪᠠᠷ ᠢᠷᠡᠭᠰᠡᠨ ᠬᠠᠮᠲᠤᠷᠠᠯᠴᠠᠭᠠᠨ ᠤ ᠦᠷ᠎ᠡ ᠪᠦᠲᠦᠭᠡᠯ ᠢᠶᠠᠨ ᠨᠠᠨᠳᠢᠩᠨᠠᠵᠤ᠂ ᠵᠠᠬ᠎ᠠ ᠳᠡᠯᠭᠡᠭᠦᠷ᠂ ᠪᠡᠯᠡ ᠬᠥᠷᠥᠩᠭᠡ᠂ ᠮᠡᠷᠭᠡᠵᠢᠯ ᠤᠨ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠶᠢ ᠴᠢᠩᠭᠠᠳᠬᠠᠵᠤ᠂ ᠮᠠᠰᠢᠨ ᠲᠡᠷᠭᠡ᠂ ᠮᠠᠰᠢᠨ ᠮᠧᠬᠠᠨᠢᠭ᠂ ᠬᠢᠮᠢ ᠶᠢᠨ ᠠᠵᠤ ᠦᠢᠯᠡᠳᠪᠦᠷᠢ ᠵᠡᠷᠭᠡ ᠤᠯᠠᠮᠵᠢᠯᠠᠯᠲᠤ ᠬᠦᠷᠢᠶᠡᠨ ᠤ ᠬᠠᠮᠲᠤᠷᠠᠯᠴᠠᠭ᠎ᠠ ᠪᠠᠨ ᠥᠷᠭᠡᠳᠬᠡᠵᠦ᠂ ᠦᠢᠯᠡᠴᠢᠯᠡᠭᠡᠨ ᠤ ᠠᠷᠠᠯᠵᠢᠶ᠎ᠠ᠂ ᠣᠶᠤᠨᠴᠢ ᠦᠢᠯᠡᠳᠬᠡᠯ᠂ ᠲᠣᠭᠠᠴᠢᠯᠠᠯᠳᠠ ᠵᠡᠷᠭᠡ ᠬᠦᠷᠢᠶᠡᠨ ᠤ ᠬᠠᠮᠲᠤᠷᠠᠯᠴᠠᠭᠠᠨ ᠤ ᠳᠠᠯᠳᠠ ᠬᠦᠴᠦᠨ ᠢ ᠠᠭᠤᠳᠠᠯᠪᠠᠯ ᠵᠣᠬᠢᠨ᠎ᠠ᠃ ᠳᠤᠮᠳᠠᠳᠤ ᠤᠯᠤᠰ ᠤᠨ ᠬᠢᠨ ᠳᠤᠮᠳᠠᠳᠤ ᠤᠯᠤᠰ ᠲᠤ ᠪᠡᠯᠡ ᠣᠷᠣᠭᠤᠯᠤᠭᠰᠠᠨ ᠭᠧᠷᠮᠠᠨ ᠤ ᠠᠵᠤ ᠠᠬᠤᠶᠢᠯᠠᠯ ᠳᠤ ᠨᠢᠭᠡ ᠯᠡ ᠠᠳᠠᠯᠢ ᠪᠠᠷ ᠬᠠᠨᠳᠤᠵᠤ᠂ ᠭᠧᠷᠮᠠᠨ ᠤ ᠬᠢᠨ ᠳᠤᠮᠳᠠᠳᠤ ᠤᠯᠤᠰ ᠤᠨ ᠠᠵᠤ ᠠᠬᠤᠶᠢᠯᠠᠯ ᠤᠨ ᠭᠧᠷᠮᠠᠨ ᠳᠤ ᠪᠡᠯᠡ ᠣᠷᠣᠭᠤᠯᠬᠤ ᠳᠤ ᠡᠷᠬᠡ ᠲᠡᠭᠰᠢ᠂ ᠢᠯᠡ ᠲᠣᠳᠣ᠂ ᠭᠠᠳᠠᠭᠤᠷᠴᠢᠯᠠᠯ ᠦᠭᠡᠢ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠬᠠᠩᠭᠠᠬᠤ ᠶᠢ ᠬᠦᠰᠡᠵᠦ ᠪᠠᠶᠢᠨ᠎ᠠ᠃
ᠭᠤᠷᠪᠠᠳᠤᠭᠠᠷ ᠲᠤ᠂ ᠳᠤᠮᠳᠠᠳᠤ ᠡᠸᠦ᠋ᠷᠦᠫᠡ ᠶᠢᠨ ᠬᠠᠷᠢᠯᠴᠠᠭ᠎ᠠ ᠶᠢᠨ ᠡᠷᠡᠭᠦᠯ ᠲᠣᠭᠲᠠᠭᠤᠨ ᠢᠶᠠᠷ ᠭᠦᠭᠵᠢᠭᠦ ᠶᠢ ᠬᠥᠲᠥᠯᠥᠨ ᠳᠠᠭᠠᠭᠤᠯᠬᠤ ᠪᠣᠯ ᠳᠤᠮᠳᠠᠳᠤ ᠭᠧᠷᠮᠠᠨ ᠤ ᠬᠤᠶᠠᠷ ᠲᠠᠯ᠎ᠠ ᠶᠢᠨ ᠬᠠᠮᠲᠤ ᠪᠠᠷ ᠴᠢᠷᠮᠠᠶᠢᠪᠠᠯ ᠵᠣᠬᠢᠬᠤ ᠴᠢᠭᠯᠡᠯ ᠪᠣᠯᠣᠨ᠎ᠠ᠃ ᠳᠤᠮᠳᠠᠳᠤ ᠤᠯᠤᠰ ᠡᠸᠦ᠋ᠷᠦᠫᠡ ᠲᠢᠪ ᠤᠨ ᠤᠯᠤᠰ ᠤᠳ ᠤᠨ ᠬᠤᠯᠪᠤᠭ᠎ᠠ ᠶᠢᠨ ᠪᠠᠶᠢᠯᠳᠤᠬᠤ ᠪᠣᠳᠣᠯᠭ᠎ᠠ ᠶᠢᠨ ᠪᠡᠶ᠎ᠡ ᠪᠠᠨ ᠳᠠᠭᠠᠭᠠᠬᠤ ᠶᠢ ᠲᠡᠮᠵᠢᠨ᠎ᠠ᠂ ᠡᠸᠦ᠋ᠷᠦᠫᠡ ᠲᠢᠪ ᠤᠨ ᠬᠢᠨ ᠳᠤᠮᠳᠠᠳᠤ ᠡᠸᠦ᠋ᠷᠦᠫᠡ ᠬᠠᠷᠢᠯᠴᠠᠨ ᠪᠠᠶᠢᠯᠳᠤᠬᠤ ᠪᠣᠳᠣᠯᠭ᠎ᠠ ᠶᠢᠨ ᠬᠠᠨᠢᠲᠠᠨ ᠪᠤᠯᠬᠤ ᠦᠨᠳᠦᠰᠦᠨ ᠪᠠᠶᠢᠷᠢ ᠲᠣᠭᠲᠠᠭᠠᠯᠲᠠ ᠶᠢ ᠪᠠᠷᠢᠮᠲᠠᠯᠠᠵᠤ᠂ ᠬᠠᠷᠢᠯᠴᠠᠨ ᠬᠦᠨᠳᠦᠳᠬᠡᠬᠦ᠂ ᠬᠠᠷᠢᠯᠴᠠᠨ ᠠᠭᠤᠴᠢᠯᠠᠬᠤ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠬᠢᠬᠦ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠶᠢ ᠪᠠᠷᠢᠮᠲᠠᠯᠠᠵᠤ᠂ ᠳᠤᠮᠳᠠᠳᠤ ᠡᠸᠦ᠋ᠷᠦᠫᠡ ᠶᠢᠨ ᠬᠠᠷᠢᠯᠴᠠᠭ᠎ᠠ ᠴᠢᠭᠯᠡᠭᠦᠯᠭᠦ ᠦᠭᠡᠢ᠂ ᠲᠦᠰᠢᠭᠯᠡᠬᠦ ᠦᠭᠡᠢ᠂ ᠪᠠᠰᠠ ᠭᠤᠷᠪᠠᠳᠠᠭᠢ ᠡᠲᠡᠭᠡᠳ ᠲᠤ ᠬᠢᠵᠠᠭᠠᠷᠯᠠᠭᠳᠠᠬᠤ ᠦᠭᠡᠢ ᠪᠠᠶᠢᠬᠤ ᠶᠢ ᠬᠦᠰᠡᠵᠦ ᠪᠠᠶᠢᠨ᠎ᠠ᠃ ᠭᠧᠷᠮᠠᠨ ᠤ ᠬᠢᠨ ᠦᠷᠭᠦᠯᠵᠢᠯᠡᠨ ᠢᠳᠡᠪᠬᠢᠲᠡᠢ ᠦᠢᠯᠡᠳᠦᠯ ᠢᠶᠠᠨ ᠪᠠᠳᠠᠷᠠᠭᠤᠯᠵᠤ᠂ ᠳᠤᠮᠳᠠᠳᠤ ᠤᠯᠤᠰ ᠲᠠᠢ ᠬᠠᠮᠲᠤ ᠪᠠᠷ ᠳᠤᠮᠳᠠᠳᠤ ᠡᠸᠦ᠋ᠷᠦᠫᠡ ᠶᠢᠨ ᠬᠠᠷᠢᠯᠴᠠᠭ᠎ᠠ ᠶᠢᠨ ᠲᠣᠭᠲᠠᠭᠤᠨ ᠢᠶᠠᠷ ᠭᠦᠭᠵᠢᠭᠦ ᠶᠢ ᠠᠬᠢᠭᠤᠯᠬᠤ ᠶᠢ ᠬᠦᠰᠡᠵᠦ ᠪᠠᠶᠢᠨ᠎ᠠ᠃
ᠰᠢ ᠶᠢᠨ ᠫᠢᠩ᠂ ᠳᠤᠮᠳᠠᠳᠤ ᠤᠯᠤᠰ ᠳᠤᠷᠠᠲᠠᠶ᠎ᠠ ᠭᠧᠷᠮᠠᠨ ᠤ ᠬᠢᠨ ᠲᠠᠢ ᠬᠢᠵᠢᠭ ᠤᠨ ᠳᠠᠷᠠᠭᠠᠬᠢ ᠬᠤᠭᠤᠴᠠᠭᠠᠨ ᠤ ᠠᠵᠤ ᠠᠬᠤᠢ ᠶᠢᠨ ᠰᠡᠷᠭᠦᠯᠲᠡ ᠤᠳᠠᠭᠠᠰᠢᠷᠠᠬᠤ᠂ ᠠᠭᠤᠷ ᠠᠮᠢᠰᠬᠤᠯ ᠤᠨ ᠬᠤᠪᠢᠷᠠᠯᠲᠠ᠂ ᠠᠮᠤ ᠪᠤᠳᠠᠭᠠᠨ ᠤ ᠬᠢᠮᠤᠷᠠᠯ᠂ ᠡᠨᠧᠷᠭᠢ ᠶᠢᠨ ᠬᠢᠮᠤᠷᠠᠯ ᠵᠡᠷᠭᠡ ᠪᠦᠭᠦ ᠪᠥᠮᠪᠥᠷᠴᠡᠭ ᠤᠨ ᠴᠢᠨᠠᠷᠲᠠᠢ ᠥᠷᠢᠰᠦᠯᠳᠦᠭᠡᠨ ᠢ ᠠᠷᠭᠠᠴᠠᠬᠤ ᠲᠠᠯ᠎ᠠ ᠪᠠᠷ ᠨᠡᠩ ᠥᠷᠭᠡᠨ ᠳᠡᠯᠭᠡᠷ᠂ ᠭᠦᠨᠵᠡᠭᠡᠢ ᠬᠠᠮᠲᠤᠷᠠᠯᠴᠠᠭ᠎ᠠ ᠥᠷᠨᠢᠭᠦᠯᠦᠨ᠎ᠡ ᠭᠡᠵᠦ ᠴᠢᠬᠤᠯᠠᠴᠢᠯᠠᠪᠠ᠃
ᠰᠧᠲ᠋ᠠᠶᠢᠶ᠋ᠢᠨᠮᠠᠶᠢᠯ᠂ ᠵᠢᠯ ᠤᠨ ᠡᠴᠦᠰ ᠢᠶᠠᠷ ᠲᠡᠷᠢᠭᠦᠯᠡᠭᠴᠢ ᠰᠢ ᠶᠢᠨ ᠫᠢᠩ ᠲᠠᠢ ᠤᠲᠠᠰᠤ ᠪᠠᠷ ᠶᠠᠷᠢᠯᠴᠠᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠂ ᠪᠢ ᠤᠳᠤ ᠪᠤᠯᠲᠠᠯ᠎ᠠ 4 ᠵᠢᠯ ᠤᠨ ᠡᠮᠦᠨᠡᠬᠢ ᠳᠤᠮᠳᠠᠳᠤ ᠤᠯᠤᠰ ᠲᠠᠬᠢ ᠠᠶᠢᠯᠴᠢᠯᠠᠯᠲᠠ ᠶᠢᠨ ᠪᠠᠶᠢᠳᠠᠯ ᠢᠶᠠᠨ ᠲᠣᠪ ᠲᠣᠳᠣᠷᠬᠠᠢ ᠴᠡᠭᠡᠵᠢᠯᠡᠭᠰᠡᠭᠡᠷ ᠪᠠᠶᠢᠨ᠎ᠠ᠃ ᠡᠨᠡ ᠵᠢᠯ ᠤᠨ ᠳᠡᠯᠡᠬᠡᠢ ᠶᠢᠨ ᠪᠠᠶᠢᠳᠠᠯ ᠶᠡᠷᠦ ᠪᠤᠰᠤ ᠶᠢᠨ ᠬᠤᠪᠢᠷᠠᠯᠲᠠ ᠶᠢ ᠥᠩᠭᠡᠷᠡᠭᠦᠯᠦᠭᠰᠡᠨ ᠮᠥᠷᠲᠡᠭᠡᠨ ᠪᠠᠰᠠ ᠭᠧᠷᠮᠠᠨ ᠳᠤᠮᠳᠠᠳᠤ ᠶᠢᠨ ᠭᠠᠳᠠᠭᠠᠳᠤ ᠬᠠᠷᠢᠯᠴᠠᠭ᠎ᠠ ᠪᠠᠶᠢᠭᠤᠯᠤᠭᠰᠠᠨ 50 ᠵᠢᠯ ᠤᠨ ᠤᠢ ᠲᠠᠢ ᠶᠠᠪ ᠴᠠᠪ ᠲᠠᠭᠠᠷᠠᠬᠰᠠᠨ ᠪᠠᠶᠢᠨ᠎ᠠ᠃ 50 ᠵᠢᠯ ᠤᠨ ᠲᠤᠷᠰᠢ᠂ ᠭᠧᠷᠮᠠᠨ ᠳᠤᠮᠳᠠᠳᠤ ᠶᠢᠨ ᠬᠠᠷᠢᠯᠴᠠᠭ᠎ᠠ ᠡᠳᠦᠷ ᠢᠷᠡᠬᠦᠶ᠎ᠡ ᠨᠢᠭᠲᠠᠷᠠᠵᠤ᠂ ᠠᠭᠤᠯᠤᠭᠳᠠᠬᠤᠨ ᠠᠭᠤᠯᠬᠤᠨ ᠥᠷᠭᠡᠨ ᠳᠡᠯᠭᠡᠷ ᠪᠣᠯᠵᠤ᠂ ᠬᠠᠮᠲᠤᠷᠠᠯᠴᠠᠭᠠᠨ ᠤ ᠦᠷ᠎ᠡ ᠪᠦᠲᠦᠭᠡᠯ ᠲᠤᠶᠢᠯ ᠤᠨ ᠡᠯᠪᠡᠭ ᠪᠠᠶᠠᠯᠢᠭ ᠪᠣᠯᠵᠤ᠂ ᠬᠤᠶᠠᠷ ᠲᠠᠯ᠎ᠠ ᠶᠢᠨ ᠠᠷᠠᠳ ᠲᠦᠮᠡᠨ ᠳᠤ ᠪᠤᠶᠠᠨ ᠵᠢᠷᠭᠠᠯ ᠠᠪᠴᠢᠷᠠᠭᠰᠠᠨ ᠪᠠᠶᠢᠨ᠎ᠠ᠃ ᠭᠧᠷᠮᠠᠨ ᠤ ᠬᠢᠨ ᠨᠢᠭᠡ ᠳᠤᠮᠳᠠᠳᠤ ᠤᠯᠤᠰ ᠪᠠᠶᠢᠬᠤ ᠲᠦᠷᠦ ᠶᠢᠨ ᠪᠣᠳᠣᠯᠭ᠎ᠠ ᠶᠢ ᠡᠷᠡᠰ ᠪᠠᠷᠢᠮᠲᠠᠯᠠᠨ᠎ᠠ᠃ ᠭᠧᠷᠮᠠᠨ ᠤ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠥᠩᠭᠡᠷᠡᠭᠰᠡᠨ ᠢᠶᠠᠨ ᠨᠠᠷᠢᠨ ᠬᠢᠨᠠᠮᠠᠭᠠᠢ ᠡᠷᠭᠢᠴᠡᠭᠦᠯᠦᠨ ᠳ᠋ᠦᠩᠨᠡᠵᠦ᠂ ᠢᠷᠡᠭᠡᠳᠦᠢ ᠪᠠᠨ ᠪᠠᠷᠠᠯᠠᠨ ᠲᠥᠯᠥᠪᠵᠢᠭᠦᠯᠵᠦ᠂ ᠬᠠᠷᠢᠯᠴᠠᠨ ᠬᠦᠨᠳᠦᠳᠬᠡᠬᠦ᠂ ᠨᠡᠭᠡᠭᠡᠯᠲᠡᠲᠡᠢ ᠪᠠᠭᠲᠠᠭᠠᠮᠵᠢᠲᠠᠢ ᠪᠠᠶᠢᠬᠤ ᠵᠣᠷᠢᠭ ᠰᠠᠨᠠᠭ᠎ᠠ ᠪᠠᠷ ᠭᠧᠷᠮᠠᠨ ᠳᠤᠮᠳᠠᠳᠤ ᠶᠢᠨ ᠬᠠᠷᠢᠯᠴᠠᠭ᠎ᠠ ᠶᠢᠨ ᠤᠯᠠᠮ ᠴᠢᠨᠠᠭᠰᠢᠳᠠ ᠭᠦᠭᠵᠢᠭᠦ ᠶᠢ ᠲᠠᠰᠤᠷᠠᠯᠳᠠ ᠦᠭᠡᠢ ᠠᠬᠢᠭᠤᠯᠤᠨ᠎ᠠ᠃ ᠪᠢ ᠭᠧᠷᠮᠠᠨ ᠳᠤᠮᠳᠠᠳᠤ ᠶᠢᠨ ᠬᠠᠷᠢᠯᠴᠠᠭ᠎ᠠ ᠶᠢᠨ ᠭᠡᠭᠡᠨ ᠰᠠᠷᠠᠭᠤᠯ ᠢᠷᠡᠭᠡᠳᠦᠢ ᠳᠤ ᠢᠲᠡᠭᠡᠯ ᠳᠦᠭᠦᠷᠡᠩ ᠪᠠᠶᠢᠨ᠎ᠠ ᠃ ᠭᠧᠷᠮᠠᠨ ᠤ ᠬᠢᠨ ᠳᠤᠷᠠᠲᠠᠶ᠎ᠠ ᠳᠤᠮᠳᠠᠳᠤ ᠤᠯᠤᠰ ᠯᠤᠭ᠎ᠠ ᠶᠠᠪᠤᠯᠴᠠᠭ᠎ᠠ ᠣᠯᠣᠯᠴᠠᠭ᠎ᠠ ᠪᠠᠨ ᠴᠢᠩᠭᠠᠳᠬᠠᠵᠤ᠂ ᠵᠣᠬᠢᠰᠲᠠᠢ ᠦᠶ᠎ᠡ ᠳᠤ ᠰᠢᠨ᠎ᠡ ᠨᠢᠭᠡ ᠡᠭᠡᠯᠵᠢ ᠶᠢᠨ ᠬᠤᠶᠠᠷ ᠤᠯᠤᠰ ᠤᠨ ᠵᠠᠰᠠᠭ ᠤᠨ ᠣᠷᠳᠣᠨ ᠤ ᠵᠥᠪᠳᠡᠯᠴᠡᠭᠡ ᠬᠢᠵᠦ᠂ ᠡᠯ᠎ᠡ ᠬᠦᠷᠢᠶᠡᠨ ᠤ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ᠭᠠᠵᠠᠷ ᠣᠷᠣᠨ ᠤ ᠬᠠᠯᠠᠮᠰᠢᠯ ᠠᠰᠠᠭᠤᠳᠠᠯ ᠤᠨ ᠲᠤᠬᠠᠢ ᠨᠢᠭᠲᠠ ᠵᠥᠪᠳᠡᠯᠴᠡᠭᠡ ᠵᠣᠬᠢᠴᠠᠭᠤᠯᠭ᠎ᠠ ᠪᠠᠨ ᠪᠠᠲᠤᠯᠠᠵᠤ᠂ ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠢ ᠬᠠᠮᠠᠭᠠᠯᠠᠬᠤ᠂ ᠡᠨᠧᠷᠭᠢ ᠶᠢᠨ ᠬᠢᠮᠤᠷᠠᠯ᠂ ᠠᠮᠤ ᠪᠤᠳᠠᠭᠠᠨ ᠤ ᠬᠢᠮᠤᠷᠠᠯ᠂ ᠠᠵᠤ ᠦᠢᠯᠡᠰ ᠤᠨ ᠬᠡᠯᠬᠢᠶ᠎ᠡ ᠬᠠᠩᠭᠠᠯᠭ᠎ᠠ ᠶᠢᠨ ᠬᠡᠯᠬᠢᠶ᠎ᠡ ᠶᠢᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ᠂ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠢ ᠠᠬᠢᠭᠤᠯᠬᠤ ᠵᠡᠷᠭᠡ ᠬᠠᠮᠲᠤ ᠶᠢᠨ ᠥᠷᠢᠰᠦᠯᠳᠦᠭᠡᠨ ᠢ ᠨᠡᠩ ᠰᠠᠶᠢᠲᠤᠷ ᠠᠷᠭᠠᠴᠠᠨ᠎ᠠ ᠃ ᠭᠧᠷᠮᠠᠨ ᠤ ᠬᠢᠨ ᠳᠤᠮᠳᠠᠳᠤ ᠤᠯᠤᠰ ᠤᠨ 《ᠠᠮᠢᠳᠤ ᠪᠣᠳᠠᠰ ᠤᠨ ᠤᠯᠠᠨ ᠶᠠᠩᠵᠤᠲᠤ ᠴᠢᠨᠠᠷ ᠤᠨ ᠨᠡᠶᠢᠲᠡ ᠶᠢᠨ ᠭᠡᠷ᠎ᠡ》 ᠶᠢᠨ ᠠᠷᠪᠠᠨ ᠲᠠᠪᠤᠳᠤᠭᠠᠷ ᠤᠳᠠᠭ᠎ᠠ ᠶᠢᠨ ᠭᠡᠷᠡᠲᠦ ᠲᠠᠯ᠎ᠠ ᠶᠢᠨ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠦᠵᠡᠭᠦᠯᠦᠭᠰᠡᠨ ᠴᠢᠬᠤᠯᠠ ᠬᠤᠪᠢ ᠨᠡᠮᠡᠷᠢ ᠶᠢ ᠮᠠᠭᠲᠠᠨ ᠰᠠᠶᠢᠰᠢᠶᠠᠵᠤ᠂ ᠳᠤᠷᠠᠲᠠᠶ᠎ᠠ ᠡᠸᠦ᠋ᠷᠦᠫᠡ ᠳᠤᠮᠳᠠᠳᠤ ᠶᠢᠨ ᠬᠠᠷᠢᠯᠴᠠᠭ᠎ᠠ ᠶᠢᠨ ᠬᠥᠭᠵᠢᠯᠲᠡ ᠶᠢ ᠢᠳᠡᠪᠬᠢᠲᠡᠢ ᠠᠬᠢᠭᠤᠯᠤᠨ᠎ᠠ ᠭᠡᠵᠦ ᠢᠯᠡᠳᠬᠡᠪᠡ᠃
ᠬᠤᠶᠠᠷ ᠲᠠᠯ᠎ᠠ ᠪᠠᠷ ᠢᠶᠠᠨ ᠪᠠᠰᠠ ᠦᠺᠷᠠᠶᠢᠨ ᠤ ᠬᠢᠮᠤᠷᠠᠯ ᠤᠨ ᠲᠤᠬᠠᠢ ᠰᠠᠨᠠᠯ ᠢᠶᠠᠨ ᠰᠣᠯᠢᠯᠴᠠᠪᠠ᠃ ᠰᠢ ᠶᠢᠨ ᠫᠢᠩ᠂ ᠳᠤᠮᠳᠠᠳᠤ ᠤᠯᠤᠰ ᠡᠶᠡᠳᠡᠭᠦᠯᠭᠦ ᠬᠡᠯᠡᠯᠴᠡᠭᠡ ᠭᠢᠯᠭᠡᠭᠦ ᠶᠢ ᠰᠠᠨᠠᠭᠠᠴᠢᠯᠠᠬᠤ ᠶᠢ ᠪᠠᠷᠢᠮᠲᠠᠯᠠᠵᠤ᠂ ᠠᠶᠤᠯ ᠲᠦᠭᠰᠢᠭᠦᠷᠢ ᠶᠢ ᠤᠷᠳᠤ ᠬᠤᠭᠤᠴᠠᠭ᠎ᠠ ᠪᠤᠯᠭᠠᠬᠤ᠂ ᠪᠤᠳᠤᠯᠢᠶᠠᠨᠲᠠᠢ ᠪᠤᠯᠭᠠᠬᠤ ᠨᠢ ᠡᠯ᠎ᠡ ᠲᠠᠯ᠎ᠠ ᠶᠢᠨ ᠠᠰᠢᠭ ᠲᠤᠰᠠ ᠳᠤ ᠨᠡᠶᠢᠴᠡᠭᠦ ᠦᠭᠡᠢ ᠭᠡᠵᠦ ᠦᠵᠡᠵᠦ ᠪᠤᠢ᠃ ᠳᠤᠮᠳᠠᠳᠤ ᠤᠯᠤᠰ ᠡᠸᠦ᠋ᠷᠦᠫᠡ ᠲᠢᠪ ᠤᠨ ᠬᠢᠨ ᠤ ᠪᠠᠶᠢᠯᠳᠤᠬᠤ ᠪᠣᠳᠣᠯᠭ᠎ᠠ ᠶᠢᠨ ᠪᠡᠶ᠎ᠡ ᠪᠠᠨ ᠳᠠᠭᠠᠭᠠᠭᠰᠠᠨ ᠪᠠᠶᠢᠳᠠᠯ ᠢᠶᠠᠨ ᠢᠯᠡᠷᠡᠭᠦᠯᠵᠦ᠂ ᠲᠡᠩᠴᠡᠭᠦᠷᠢᠲᠡᠢ᠂ ᠪᠦᠲᠦᠮᠵᠢᠲᠡᠢ᠂ ᠦᠷᠭᠦᠯᠵᠢᠯᠡᠬᠦ ᠡᠸᠦ᠋ᠷᠦᠫᠡ ᠲᠢᠪ ᠤᠨ ᠠᠮᠤᠷ ᠲᠦᠪᠰᠢᠨ ᠤ ᠪᠦᠲᠦᠴᠡ ᠪᠠᠶᠢᠭᠤᠯᠬᠤ ᠶᠢ ᠬᠥᠲᠥᠯᠥᠨ ᠳᠠᠭᠠᠭᠤᠯᠵᠤ᠂ ᠡᠸᠦ᠋ᠷᠦᠫᠡ ᠲᠢᠪ ᠤᠨ ᠡᠬᠡ ᠬᠠᠭᠤᠷᠠᠢ ᠶᠢᠨ ᠥᠨᠢ ᠤᠳᠠᠭᠠᠨ ᠤ ᠡᠩᠬᠡ ᠲᠠᠶᠢᠪᠤᠩ ᠪᠠ ᠥᠨᠢ ᠤᠳᠠᠭᠠᠨ ᠤ ᠠᠮᠤᠷ ᠲᠣᠭᠲᠠᠭᠤᠨ ᠢ ᠪᠡᠶᠡᠯᠡᠭᠦᠯᠬᠦ ᠶᠢ ᠳᠡᠮᠵᠢᠨ᠎ᠠ ᠭᠡᠵᠦ ᠴᠢᠬᠤᠯᠠᠴᠢᠯᠠᠪᠠ᠃