ᠵᠤᠬᠢᠶᠠᠭᠴᠢ:
ᠴᠠᠭ:2022-12-30
ᠥᠵᠡᠭᠰᠡᠨ : ℃
ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾
ᠰᠦᠨ ᠱᠤᠤ ᠴᠧᠩ ᠳᠤᠮᠳᠠᠳᠤ ᠤᠯᠤᠰ ᠤᠨ ᠬᠤᠸᠠ ᠳ᠋ᠢᠶᠠᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠵᠢᠶᠠᠩ ᠢ ᠲᠠᠢ ᠠᠭᠤᠯᠵᠠᠪᠠ
2022 ᠣᠨ ᠤ 12 ᠳ᠋ᠤᠭᠠᠷ ᠰᠠᠷ᠎ᠠ ᠶᠢᠨ 27 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠭᠦᠭᠡᠬᠤᠲᠠ ᠳᠤ ᠳᠤᠮᠳᠠᠳᠤ ᠤᠯᠤᠰ ᠤᠨ ᠬᠤᠸᠠ ᠳ᠋ᠢᠶᠠᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠂ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠵᠢᠶᠠᠩ ᠢ ᠨᠠᠷ ᠲᠠᠢ ᠠᠭᠤᠯᠵᠠᠪᠠ ᠃
ᠰᠦᠨ ᠱᠤᠤ ᠴᠧᠩ ᠵᠢᠶᠠᠩ ᠢ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ ᠃ ᠲᠡᠷᠡ ᠂ ᠬᠤᠸᠠ ᠳ᠋ᠢᠶᠠᠨ ᠪᠦᠯᠦᠭᠯᠡᠯ ᠪᠣᠯᠣᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠯᠡᠯᠴᠡᠭᠡᠷ ᠲᠣᠬᠢᠷᠠᠯᠴᠠᠵᠤ ᠂ ᠨᠡᠭᠡᠭᠡᠨ ᠬᠥᠭᠵᠢᠭᠦᠯᠬᠦ ᠪᠠᠶᠢᠭᠤᠯᠤᠮᠵᠢ ᠶᠢ ᠬᠠᠮᠲᠤᠷᠠᠨ ᠪᠠᠶᠢᠭᠤᠯᠵᠤ ᠂ ᠬᠠᠮᠲᠤᠷᠠᠯᠴᠠᠨ ᠡᠵᠡᠩᠨᠡᠭᠰᠡᠨ ᠳᠤ ᠥᠪᠥᠷ ᠮᠣᠩᠭᠤᠯ ᠤᠨ ᠠᠷᠠᠳ ᠲᠦᠮᠡᠨ ᠮᠠᠰᠢ ᠪᠠᠶᠠᠷᠯᠠᠵᠤ ᠪᠠᠶᠢᠨ᠎ᠠ ᠃ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠬᠦ ᠲᠠᠯ᠎ᠠ ᠪᠠᠷ ᠂ ᠥᠪᠥᠷ ᠮᠣᠩᠭᠤᠯ ᠶᠠᠭᠠᠬᠢᠭᠰᠠᠨ ᠴᠤ 《ᠬᠤᠳᠠᠯᠳᠤᠭᠠᠳ ᠯᠡ ᠪᠤᠯᠭᠠᠬᠤ》ᠦᠭᠡᠢ ᠶᠤᠮ ᠂ ᠪᠢᠳᠡ ᠬᠠᠮᠲᠤᠷᠠᠨ ᠠᠵᠢᠯᠯᠠᠬᠤ ᠶᠢ ᠪᠠᠷᠢᠮᠲᠠᠯᠠᠵᠤ ᠂ ᠬᠠᠷᠢᠯᠴᠠᠨ ᠠᠰᠢᠭᠲᠠᠢ ᠬᠠᠮᠲᠤ ᠪᠠᠷ ᠠᠰᠢᠭ ᠭᠦᠷᠳᠡᠭᠦ ᠶᠢ ᠪᠡᠶᠡᠯᠡᠭᠦᠯᠵᠦ ᠂ ᠦᠷ᠎ᠡ ᠬᠤᠶᠢᠴᠢᠰ ᠲᠠᠭᠠᠨ ᠥᠪ ᠬᠥᠷᠥᠩᠭᠡ ᠦᠯᠡᠳᠡᠭᠡᠵᠦ ᠥᠭᠭᠦᠨ᠎ᠡ ᠃ ᠰᠢᠨ᠎ᠡ ᠡᠨᠧᠷᠭᠢ ᠪᠠᠷ ᠴᠠᠭᠢᠯᠭᠠᠨ ᠭᠠᠷᠭᠠᠬᠤ ᠲᠦᠷᠦᠯ ᠵᠦᠢᠯ ᠳᠤ ᠂ ᠠᠵᠤ ᠠᠬᠤᠶᠢᠯᠠᠯ ᠨᠢ ᠥᠪᠡᠷ ᠢᠶᠠᠨ ᠬᠡᠷᠡᠭᠯᠡᠵᠦ ᠂ ᠭᠠᠳᠠᠭᠰᠢ ᠭᠦᠷᠭᠡᠭᠦ ᠵᠠᠮ ᠤᠨ ᠪᠠᠲᠤᠯᠠᠭ᠎ᠠ ᠶᠢᠨ ᠴᠢᠬᠤᠯᠠ ᠦᠭᠡᠢ ᠯᠡ ᠶᠤᠮ ᠪᠣᠯ ᠪᠢᠳᠡ ᠪᠦᠭᠦ ᠬᠦᠴᠦ ᠪᠠᠷ ᠢᠶᠠᠨ ᠳᠡᠮᠵᠢᠨ᠎ᠡ ᠃ ᠬᠤᠶᠠᠷ ᠲᠠᠯ᠎ᠠ ᠪᠠᠷ ᠢᠶᠠᠨ ᠲᠤᠰ ᠤᠳᠠᠭ᠎ᠠ ᠶᠢᠨ ᠵᠥᠪᠯᠡᠯᠴᠡᠭᠡᠷ ᠲᠤ ᠭᠠᠷ ᠤᠨ ᠦᠰᠦᠭ ᠵᠢᠷᠤᠭᠰᠠᠨ ᠢᠶᠠᠷ ᠠᠵᠠ ᠲᠣᠭᠢᠶᠠᠯ ᠪᠤᠯᠭᠠᠵᠤ ᠂ ᠱᠠᠯᠠᠪᠳᠠᠭᠤᠯᠤᠨ ᠠᠵᠢᠯᠯᠠᠵᠤ ᠂ ᠬᠠᠮᠲᠤᠷᠠᠯᠴᠠᠭᠠᠨ ᠤ ᠵᠦᠢᠯ ᠢ ᠲᠦᠷᠭᠡᠨ ᠨᠠᠶᠢᠳᠠᠪᠤᠷᠢᠵᠢᠭᠤᠯᠵᠤ ᠂ ᠡᠷᠲᠡᠬᠡᠨ ᠦᠷ᠎ᠡ ᠪᠦᠲᠦᠮᠵᠢ ᠣᠯᠬᠤ ᠶᠢ ᠬᠦᠰᠡᠵᠦ ᠪᠠᠶᠢᠨ᠎ᠠ ᠃ ᠬᠤᠸᠠ ᠳ᠋ᠢᠶᠠᠨ ᠪᠦᠯᠦᠭᠯᠡᠯ ᠤᠨ ᠬᠢᠨ ᠲᠤᠰ ᠪᠡᠶ᠎ᠡ ᠶᠢᠨ ᠳᠠᠪᠠᠭᠤᠯᠢᠭ ᠢᠶᠠᠨ ᠪᠠᠳᠠᠷᠠᠭᠤᠯᠵᠤ ᠂ ᠮᠠᠨ ᠤ ᠣᠷᠣᠨ ᠤ ᠬᠤᠯᠪᠣᠭᠳᠠᠯ ᠪᠦᠬᠦᠢ ᠠᠵᠤ ᠠᠬᠤᠶᠢᠯᠠᠯ ᠤᠨ ᠨᠡᠩ ᠰᠠᠶᠢᠨ ᠬᠥᠭᠵᠢᠯᠲᠡ ᠶᠢ ᠳᠠᠶᠢᠴᠢᠯᠠᠬᠤ ᠶᠢ ᠬᠦᠰᠡᠵᠦ ᠪᠠᠶᠢᠨ᠎ᠠ ᠭᠡᠪᠡ ᠃
ᠵᠢᠶᠠᠩ ᠢ ᠬᠤᠸᠠ ᠳ᠋ᠢᠶᠠᠨ ᠪᠦᠯᠦᠭᠯᠡᠯ ᠤᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠵᠤ ᠂ ᠪᠦᠯᠦᠭᠯᠡᠯ ᠤᠨ ᠰᠢᠨᠵᠢᠯᠡᠬᠦ ᠤᠬᠠᠭᠠᠨ ᠤ ᠰᠤᠳᠤᠯᠭᠠᠨ ᠂ ᠮᠡᠷᠭᠡᠵᠢᠯ ᠂ ᠴᠢᠳᠠᠪᠤᠷᠢᠲᠠᠨ ᠵᠡᠷᠭᠡ ᠲᠠᠯ᠎ᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠵᠤ ᠂ ᠰᠢᠨ᠎ᠡ ᠡᠨᠧᠷᠭᠢ ᠶᠢᠨ ᠪᠦᠭᠦ ᠠᠵᠤ ᠦᠢᠯᠡᠰ ᠤᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠵᠤ ᠂ ᠥᠪᠥᠷ ᠮᠣᠩᠭᠤᠯ ᠤᠨ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠳᠤ ᠬᠦᠴᠦᠨ ᠨᠡᠮᠡᠷᠢᠯᠡᠨ᠎ᠡ ᠭᠡᠵᠦ ᠢᠯᠡᠳᠬᠡᠪᠡ ᠃
ᠢᠦᠢ ᠯᠢ ᠰᠢᠨ ᠠᠭᠤᠯᠵᠠᠯᠲᠠ ᠳᠤ ᠣᠷᠣᠯᠴᠠᠵᠠᠢ ᠃