ᠵᠤᠬᠢᠶᠠᠭᠴᠢ:
ᠴᠠᠭ:2022-12-30
ᠥᠵᠡᠭᠰᠡᠨ : ℃
ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾
2022 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠢ ᠬᠢᠨᠠᠨ ᠰᠢᠯᠭᠠᠵᠤ ᠦᠨᠡᠯᠡᠬᠦ ᠮᠤᠵᠢ ᠶᠢᠨ ᠱᠠᠳᠤᠨ ᠤ ᠵᠣᠯᠭᠠᠯᠴᠠᠭᠤᠯᠬᠤ ᠬᠤᠷᠠᠯ ᠬᠤᠷᠠᠯᠳᠤᠪᠠ ᠰᠦᠨ ᠱᠤᠤ ᠴᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠤ ᠴᠧᠨ ᠶᠢᠨ ᠹᠦ᠋ ᠶᠠᠷᠢᠶ᠎ᠠ ᠲᠠᠯᠪᠢᠵᠤ ᠸᠠᠩ ᠯᠢ ᠰᠢᠶᠠ ᠬᠠᠷᠢᠭᠤ ᠮᠡᠳᠡᠭᠦᠯᠦᠯᠲᠡ ᠬᠢᠵᠡᠢ
2022 ᠣᠨ ᠤ 12 ᠳ᠋ᠤᠭᠠᠷ ᠰᠠᠷ᠎ᠠ ᠶᠢᠨ 26 ᠤ ᠦᠳᠡ ᠶᠢᠨ ᠬᠤᠶᠢᠨ᠎ᠠ ᠂ 2022 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠢ ᠬᠢᠨᠠᠨ ᠰᠢᠯᠭᠠᠵᠤ ᠦᠨᠡᠯᠡᠬᠦ ᠮᠤᠵᠢ ᠶᠢᠨ ᠱᠠᠳᠤᠨ ᠤ ᠵᠣᠯᠭᠠᠯᠴᠠᠭᠤᠯᠬᠤ ᠬᠤᠷᠠᠯ ᠬᠥᠬᠡᠬᠤᠲᠠ ᠳᠤ ᠬᠤᠷᠠᠯᠳᠤᠪᠠ ᠃ ᠤᠯᠤᠰ ᠤᠨ ᠭᠤᠷᠪᠠᠳᠤᠭᠠᠷ ᠶᠡᠷᠦᠩᠬᠡᠶᠢᠯᠡᠭᠰᠡᠨ ᠬᠠᠷᠭᠤᠭᠤᠯᠤᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠴᠧᠨ ᠶᠢᠨ ᠹᠦ᠋ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯ ᠤᠨ ᠪᠠᠶᠢᠳᠠᠯ ᠢ ᠬᠠᠷᠢᠭᠤ ᠮᠡᠳᠡᠭᠦᠯᠪᠡ ᠃
ᠪᠡᠭᠡᠵᠢᠩ ᠬᠤᠳᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠂ ᠪᠠᠶᠢᠩᠭᠤ ᠶᠢᠨ ᠳᠡᠳ᠋ ᠬᠤᠳᠠ ᠶᠢᠨ ᠳᠠᠷᠤᠭ᠎ᠠ ᠼᠦᠢ ᠱᠦ ᠴᠢᠶᠠᠩ ᠪᠡᠭᠡᠵᠢᠩ ᠬᠤᠳᠠ ᠶᠢᠨ 2022 ᠣᠨ ᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠨ ᠬᠠᠪᠰᠤᠷᠤᠨ ᠲᠡᠳᠬᠦᠭᠰᠡᠨ ᠠᠵᠢᠯ ᠤᠨ ᠪᠠᠶᠢᠳᠠᠯ ᠢ ᠬᠠᠷᠢᠭᠤ ᠮᠡᠳᠡᠭᠦᠯᠪᠡ ᠃
ᠰᠦᠨ ᠱᠤᠤ ᠴᠧᠩ ᠂ ᠡᠨᠡ ᠤᠳᠠᠭ᠎ᠠ ᠶᠢᠨ ᠤᠯᠤᠰ ᠤᠨ ᠭᠤᠷᠪᠠᠳᠤᠭᠠᠷ ᠶᠡᠷᠦᠩᠬᠡᠶᠢᠯᠡᠭᠰᠡᠨ ᠬᠠᠷᠭᠤᠭᠤᠯᠤᠨ ᠪᠠᠶᠢᠴᠠᠭᠠᠬᠤ ᠳᠤᠭᠤᠶᠢᠯᠠᠩ ᠥᠪᠥᠷ ᠮᠣᠩᠭᠤᠯ ᠳᠤ ᠢᠷᠡᠵᠦ ᠬᠢᠨᠠᠨ ᠰᠢᠯᠭᠠᠵᠤ ᠦᠨᠡᠯᠡᠬᠦ ᠠᠵᠢᠯ ᠥᠷᠨᠢᠭᠦᠯᠵᠦ ᠂ ᠮᠠᠨ ᠤ ᠣᠷᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠠᠵᠢᠯ ᠢ ᠰᠤᠳᠠᠯ ᠪᠠᠷᠢᠵᠤ ᠣᠨᠣᠰᠢᠯᠠᠭᠰᠠᠨ ᠨᠢ ᠂ ᠪᠢᠳᠡᠨᠦᠰ ᠤᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠨᠡᠩ ᠰᠠᠶᠢᠲᠤᠷ ᠨᠠᠶᠢᠳᠠᠪᠤᠷᠢᠵᠢᠭᠤᠯᠬᠤ ᠶᠢ ᠰᠠᠶᠢᠳᠤᠷ ᠠᠬᠢᠭᠤᠯᠬᠤ ᠪᠣᠯᠣᠨ᠎ᠠ ᠃ ᠪᠢᠳᠡ ᠯᠠᠪᠲᠠᠢ ᠲᠥᠪ ᠴᠢᠩᠭ᠎ᠠ ᠴᠢᠩ ᠦᠨᠡᠨᠴᠢ ᠣᠪᠣᠷ ᠢᠶᠠᠷ ᠬᠢᠨᠠᠨ ᠰᠢᠯᠭᠠᠬᠤ ᠪᠠᠶᠢᠴᠠᠭᠠᠯᠲᠠ ᠶᠢ ᠤᠬᠠᠮᠰᠠᠷ ᠠᠴᠠ ᠪᠠᠨ ᠬᠦᠯᠢᠶᠡᠵᠦ ᠂ ᠪᠠᠶᠢᠳᠠᠯ ᠢ ᠦᠨᠡᠨ ᠮᠥᠨ ᠢᠶᠠᠷ ᠨᠢ ᠬᠠᠷᠢᠭᠤ ᠮᠡᠳᠡᠭᠦᠯᠵᠦ ᠂ ᠬᠠᠷᠭᠤᠭᠤᠯᠤᠨ ᠪᠠᠶᠢᠴᠠᠭᠠᠬᠤ ᠳᠤᠭᠤᠶᠢᠯᠠᠩ ᠤᠨ ᠠᠵᠢᠯ ᠢᠶᠠᠨ ᠥᠷᠨᠢᠭᠦᠯᠬᠦ ᠳᠤ ᠪᠦᠬᠦ ᠬᠦᠴᠦᠨ ᠢᠶᠠᠷ ᠢᠶᠠᠨ ᠲᠡᠮᠵᠢᠵᠤ ᠬᠠᠮᠵᠢᠯᠴᠠᠨ᠎ᠠ ᠃ ᠬᠢᠨᠠᠨ ᠰᠢᠯᠭᠠᠵᠤ ᠦᠨᠡᠯᠡᠬᠦ ᠳᠤ ᠵᠢᠭᠠᠵᠤ ᠭᠠᠷᠭᠠᠭᠰᠠᠨ ᠠᠰᠠᠭᠤᠳᠠᠯ ᠂ ᠳᠤᠷᠠᠳᠤᠭᠰᠠᠨ ᠰᠠᠨᠠᠯ ᠢ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠲᠠᠯ᠎ᠠ ᠶᠢᠨ ᠬᠢᠨ ᠲᠡᠷᠡ ᠳᠣᠣᠷ᠎ᠠ ᠨᠢ ᠮᠡᠳᠡᠵᠦ ᠲᠡᠷᠡ ᠳᠣᠣᠷ᠎ᠠ ᠨᠢ ᠴᠡᠭᠴᠡᠯᠡᠨ ᠰᠠᠶᠢᠵᠢᠷᠠᠭᠤᠯᠵᠤ᠂ ᠪᠠᠷᠢᠨ ᠬᠡᠷᠡᠭᠵᠢᠭᠦᠯᠦᠨ ᠪᠠᠷᠢᠨ ᠴᠡᠭᠴᠡᠯᠡᠨ ᠰᠠᠶᠢᠵᠢᠷᠠᠭᠤᠯᠵᠤ᠂ ᠪᠦᠬᠦ ᠲᠠᠯ᠎ᠠ ᠪᠠᠷ ᠴᠡᠭᠴᠡᠯᠡᠨ ᠰᠠᠶᠢᠵᠢᠷᠠᠭᠤᠯᠬᠤ ᠶᠢᠨ ᠬᠠᠮᠲᠤ ᠨᠢᠭᠡ ᠠᠴᠠ ᠵᠦᠢᠴᠢᠯᠡᠨ ᠨᠦᠬᠦᠭᠡ ᠶᠢ ᠮᠡᠳᠡᠵᠦ ᠂ ᠳᠦᠷᠢᠮ ᠲᠣᠭᠲᠠᠭᠠᠯ ᠲᠣᠭᠲᠠᠭᠠᠬᠤ ᠪᠠᠷ ᠳᠠᠮᠵᠢᠭᠤᠯᠤᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ ᠂ ᠠᠯᠳᠠᠰᠢ ᠭᠠᠷᠬᠤ ᠶᠢ ᠬᠤᠷᠢᠭᠯᠠᠵᠤ ᠂ ᠠᠰᠠᠭᠤᠳᠠᠯ ᠳᠠᠬᠢᠨ ᠳᠠᠪᠲᠠᠨ ᠡᠭᠦᠰᠬᠦ ᠶᠢ ᠬᠤᠷᠢᠭᠯᠠᠵᠤ ᠂ ᠬᠠᠭᠤᠴᠢᠨ ᠠᠰᠠᠭᠤᠳᠠᠯ ᠳᠠᠬᠢᠨ ᠢᠯᠡᠷᠡᠬᠦ ᠶᠢ ᠰᠡᠷᠭᠡᠶᠢᠯᠡᠬᠦ ᠬᠡᠷᠡᠭᠲᠡᠢ ᠭᠡᠪᠡ ᠃
ᠰᠦᠨ ᠱᠤᠤ ᠴᠧᠩ ᠪᠡᠭᠡᠵᠢᠩ ᠬᠤᠳᠠ ᠶᠢᠨ ᠡᠳᠡᠭᠡᠷ ᠵᠢᠯ ᠤᠳ ᠲᠤ ᠥᠪᠥᠷ ᠮᠣᠩᠭᠤᠯ ᠢ ᠠᠵᠢᠯ ᠲᠦᠷᠦᠯ ᠢᠶᠠᠷ ᠬᠠᠪᠰᠤᠷᠤᠨ ᠲᠡᠳᠬᠦᠭᠰᠡᠨ ᠪᠠ ᠬᠦᠴᠦᠲᠡᠢ ᠳᠡᠮᠵᠢᠯᠭᠡ ᠦᠵᠡᠭᠦᠯᠦᠭᠰᠡᠨ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ ᠃ ᠲᠡᠷᠡ ᠂ ᠶᠡᠷᠦᠩᠬᠡᠢ ᠱᠦᠵᠢ ᠰᠢ ᠶᠢᠨ ᠫᠢᠩ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢᠨ ᠳᠣᠲᠣᠷᠠᠬᠢ ᠨᠢᠭᠡ ᠨᠢ ᠳᠠᠷᠤᠢ ᠤᠯᠤᠰ ᠤᠨ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠠᠶᠢᠭᠤᠯᠬᠤ ᠶᠠᠪᠤᠳᠠᠯ ᠪᠣᠯᠣᠨ᠎ᠠ ᠃ ᠪᠢᠳᠡ ᠶᠠᠭ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ ᠂ ᠲᠤᠭ᠎ᠠ ᠬᠡᠮᠵᠢᠶ᠎ᠡ ᠶᠢ ᠥᠷᠭᠡᠳᠬᠡᠬᠦ ᠂ ᠶᠠᠰᠤ ᠴᠢᠨᠠᠷ ᠢ ᠳᠡᠭᠡᠭᠰᠢᠯᠡᠭᠦᠯᠬᠦ ᠂ ᠤᠨᠠᠯᠲᠠ ᠶᠢ ᠨᠡᠮᠡᠭᠳᠡᠭᠦᠯᠬᠦ ᠠᠵᠢᠯ ᠢ ᠰᠠᠶᠢᠲᠤᠷ ᠬᠢᠵᠦ ᠂ ᠮᠠᠯ ᠠᠵᠤ ᠠᠬᠤᠢ ᠲᠠᠷᠢᠶᠠᠯᠠᠩ ᠤᠨ ᠬᠡᠪᠴᠢᠶᠡᠵᠢᠭᠰᠡᠨ ᠂ ᠡᠷᠴᠢᠮᠵᠢᠭᠰᠡᠨ ᠂ ᠠᠵᠤ ᠦᠢᠯᠡᠰᠵᠢᠭᠰᠡᠨ ᠡᠵᠡᠩᠨᠡᠯᠲᠡ ᠶᠢ ᠠᠬᠢᠭᠤᠯᠵᠤ ᠂ ᠤᠯᠤᠰ ᠤᠨ ᠠᠮᠤ ᠪᠤᠳᠠᠭᠠᠨ ᠤ ᠠᠮᠤᠷ ᠲᠦᠪᠰᠢᠨ ᠢ ᠨᠠᠩ ᠰᠠᠶᠢᠲᠤᠷ ᠪᠠᠲᠤᠯᠠᠵᠤ ᠂ ᠪᠥᠬᠦ ᠣᠷᠣᠨ ᠤ ᠮᠠᠯᠴᠢᠨ ᠲᠠᠷᠢᠶᠠᠴᠢᠨ ᠢ ᠳᠠᠶᠢᠴᠢᠯᠡᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠵᠤ ᠪᠠᠶᠢᠨ᠎ᠠ ᠃ ᠳᠠᠷᠠᠭᠠᠴᠢ ᠶᠢᠨ ᠠᠯᠬᠤᠮ ᠳᠤ᠂ ᠪᠢᠳᠡ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠣᠰᠣᠭᠠᠷ ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠡᠨᠡ ᠬᠦ ᠵᠠᠩᠭᠢᠯᠠᠭ᠎ᠠ ᠶᠢ ᠠᠳᠬᠤᠵᠤ ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠣᠯᠣᠨ ᠲᠥᠪ ᠤᠨ ᠨᠢᠭᠡᠴᠢ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠬᠦᠴᠦᠨ ᠢ ᠰᠠᠶᠢᠲᠤᠷ ᠠᠰᠢᠭᠯᠠᠵᠤ ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠳᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ ᠂ ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢᠨ ᠠᠯᠬᠤᠮ ᠢ ᠲᠦᠷᠭᠡᠳᠬᠡᠵᠦ ᠂ ᠮᠠᠯᠴᠢᠨ ᠲᠠᠷᠢᠶᠠᠴᠢᠨ ᠣᠯᠠᠨ ᠲᠦᠮᠡᠨ ᠤ ᠠᠮᠢᠳᠤᠷᠠᠯ ᠢ ᠤᠯᠠᠮ ᠠᠴᠠ ᠤᠯᠠᠮ ᠬᠥᠭᠵᠢᠶᠡᠨᠲᠡᠢ ᠪᠣᠯᠭᠠᠬᠤ ᠪᠠᠷ ᠴᠢᠷᠮᠠᠶᠢᠨ᠎ᠠ ᠭᠡᠪᠡ ᠃
ᠤᠯᠤᠰ ᠤᠨ ᠭᠤᠷᠪᠠᠳᠤᠭᠠᠷ ᠶᠡᠷᠦᠩᠬᠡᠶᠢᠯᠡᠭᠰᠡᠨ ᠬᠠᠷᠭᠤᠭᠤᠯᠤᠨ ᠪᠠᠶᠢᠴᠠᠭᠠᠬᠤ ᠳᠤᠭᠤᠶᠢᠯᠠᠩ ᠤᠨ ᠪᠦᠷᠢᠯᠳᠦᠭᠦᠨ ᠂ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠶᠠᠩ ᠸᠧᠢ ᠳ᠋ᠦᠩ ᠂ ᠬᠤᠸᠠᠩ ᡁᠢ ᠴᠢᠶᠠᠩ ᠂ ᠯᠢ ᠪᠢᠩ ᠷᠦᠩ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ ᠃