ᠵᠤᠬᠢᠶᠠᠭᠴᠢ:
ᠴᠠᠭ:2022-12-30
ᠥᠵᠡᠭᠰᠡᠨ : ℃
ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾
ᠶᠡᠭᠡ ᠬᠦᠴᠦ ᠣᠷᠣᠭᠤᠯᠵᠤ ᠪᠠᠶᠢᠭᠠᠳ ᠦᠨᠳᠦᠰᠦᠨ ᠱᠠᠲᠤ ᠶᠢ ᠠᠳᠬᠤᠨ ᠰᠠᠭᠤᠷᠢ ᠲᠠᠯᠪᠢᠵᠤ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠨᠡᠩ ᠰᠠᠶᠢᠨ ᠬᠥᠲᠥᠯᠥᠨ ᠳᠠᠭᠠᠭᠤᠯᠤᠨ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢ ᠠᠳᠬᠤᠭᠰᠠᠨ ᠠᠵᠢᠯ ᠤᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠪᠠ ᠰᠦᠨ ᠱᠤᠤ ᠴᠧᠩ ᠬᠤᠷᠠᠯ ᠢ ᠡᠷᠬᠢᠯᠡᠵᠦ ᠶᠠᠷᠢᠶ᠎ᠠ ᠲᠠᠯᠪᠢᠵᠠᠢ
2022 ᠣᠨ ᠤ 12 ᠳ᠋ᠤᠭᠠᠷ ᠰᠠᠷ᠎ᠠ ᠶᠢᠨ 28 ᠤ ᠡᠳᠦᠷ ᠂ ᠰᠦᠨ ᠴᠧᠩ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ ᠂ ᠨᠢᠭᠡ ᠡᠳᠦᠷ ᠤᠨ ᠴᠠᠭ ᠢ ᠠᠰᠢᠭᠯᠠᠨ ᠂ ᠡᠯ᠎ᠡ ᠠᠶᠢᠮᠠᠭ ᠬᠤᠲᠠ ᠶᠢᠨ ᠨᠠᠮ ᠤᠨ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠨᠠᠮ ︵ᠠᠵᠢᠯᠯᠠᠬᠤ ︶ ᠤᠨ ᠬᠤᠷᠢᠶᠠᠨ ᠤ ᠱᠦᠵᠢ ᠶᠢᠨ 2022 ᠣᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠭᠰᠠᠨ ᠲᠤᠬᠠᠢ ᠲᠤᠰᠢᠶᠠᠯ ᠤᠨ ᠮᠡᠳᠡᠭᠦᠯᠦᠯᠲᠡ ᠶᠢ ᠰᠣᠨᠣᠰᠤᠭᠰᠠᠨ ᠪᠥᠭᠡᠳ ᠲᠤᠬᠠᠢ ᠶᠢᠨ ᠲᠠᠯᠠᠪᠠᠢ ᠳᠤ ᠰᠢᠯᠭᠠᠨ ᠦᠨᠡᠯᠡᠯᠲᠡ ᠬᠢᠪᠡ ᠃ ᠲᠥᠪ ᠤᠨ ᠵᠣᠬᠢᠶᠠᠨ ᠪᠠᠶᠢᠭᠤᠯᠬᠤ ᠬᠡᠯᠲᠡᠰ ᠤᠨ ᠬᠠᠮᠢᠶ᠎ᠠ ᠪᠦᠬᠦᠢ ᠨᠥᠬᠦᠳ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ ᠃
ᠬᠤᠷᠠᠯ ᠳᠡᠭᠡᠷ᠎ᠡ ᠂ ᠰᠦᠨ ᠱᠤᠤ ᠴᠧᠩ ᠤᠯᠠᠨ ᠤ ᠲᠤᠰᠢᠶᠠᠯ ᠤᠨ ᠮᠡᠳᠡᠭᠦᠯᠦᠯᠲᠡ ᠶᠢ ᠨᠢᠭᠡᠳ ᠨᠢᠭᠡ ᠪᠠᠷ ᠦᠨᠡᠯᠡᠵᠦ ᠂ ᠠᠵᠢᠯ ᠢ ᠨᠤᠲᠠᠯᠠᠬᠤ ᠶᠢᠨ ᠬᠠᠮᠲᠤ ᠪᠠᠰᠠ ᠠᠰᠠᠭᠤᠳᠠᠯ ᠢ ᠵᠢᠭᠠᠵᠤ ᠭᠠᠷᠭᠠᠪᠠ ᠃ ᠯᠢᠦ ᠱᠤᠸᠠᠩ ᠂ ᠵᠧᠩ ᠬᠤᠩ ᠹᠠᠨ ᠶᠡᠷᠦᠩᠬᠡᠶᠢᠯᠡᠭᠰᠡᠨ ᠦᠨᠡᠯᠡᠯᠲᠡ ᠬᠢᠵᠡᠢ ᠃
ᠰᠦᠨ ᠱᠤᠤ ᠴᠧᠩ ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯ ᠨᠠᠮ ᠤᠨ ᠲᠦᠷᠦ ᠪᠠᠷᠢᠬᠤ ᠲᠣᠮᠣ ᠠᠰᠠᠷ ᠤᠨ ᠰᠠᠭᠤᠷᠢᠨ ᠪᠣᠯᠣᠨ᠎ᠠ ᠂ ᠪᠢᠳᠡ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠪᠡᠶᠡᠯᠡᠭᠦᠯᠵᠦ ᠂ 《ᠵᠢᠱᠢᠶᠡᠴᠢ ᠥᠪᠡᠷᠲᠡᠭᠡᠨ ᠵᠠᠰᠠᠬᠤ ᠣᠷᠣᠨ 》 ᠢ ᠪᠦᠬᠦ ᠲᠠᠯ᠎ᠠ ᠪᠠᠷ ᠪᠠᠶᠢᠭᠤᠯᠬᠤ ᠳᠤ ᠴᠥᠮ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠳᠤ ᠲᠦᠰᠢᠭᠯᠡᠨ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ ᠃ ᠡᠯ᠎ᠡ ᠱᠠᠲᠤᠨ ᠤ ᠨᠠᠮ ᠤᠨ ᠬᠤᠷᠢᠶ᠎ᠠ ︵ ᠨᠠᠮ ᠤᠨ ᠤᠳᠤᠷᠢᠳᠬᠤ ᠳᠤᠭᠤᠶᠢᠯᠠᠩ︶ᠵᠢᠭᠰᠠᠭᠠᠯ ᠤᠨ ᠭᠠᠵᠠᠷ ᠤᠨ ᠤᠬᠠᠮᠰᠠᠷ ᠪᠠ ᠬᠠᠷᠢᠭᠤᠴᠠᠯᠭᠠᠲᠤ ᠤᠬᠠᠮᠰᠠᠷ ᠢᠶᠠᠨ ᠴᠢᠩᠭᠠᠳᠬᠠᠵᠤ ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠬᠤ ᠬᠡᠷᠡᠭᠲᠡᠢ ᠃ ᠨᠠᠮ ᠤᠨ ᠬᠤᠷᠢᠶ᠎ᠠ︵ᠨᠠᠮ ᠤᠨ ᠤᠳᠤᠷᠢᠳᠬᠤ ᠳᠤᠭᠤᠶᠢᠯᠠᠩ︶ ᠶᠢᠨ ᠱᠦᠵᠢ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠵᠦ ᠂ ᠨᠠᠮ ᠢ ᠬᠠᠮᠢᠶᠠᠷᠴᠤ ᠨᠠᠮ ᠢ ᠵᠠᠰᠠᠬᠤ ᠠᠵᠢᠯ ᠢ ᠢᠮᠠᠭᠲᠠ ᠴᠢᠩᠭ᠎ᠠ ᠠᠳᠬᠤᠬᠤ ᠬᠡᠷᠡᠭᠲᠡᠢ ᠭᠡᠪᠡ ᠃
ᠰᠦᠨ ᠱᠤᠤ ᠴᠧᠩ ᠂ ᠥᠪᠥᠷ ᠮᠣᠩᠭᠤᠯ ᠤᠨ ᠭᠠᠵᠠᠷ ᠠᠭᠤᠳᠠᠮ ᠬᠥᠮᠥᠨ ᠴᠥᠭᠡᠨ ᠶᠤᠮ ᠂ ᠬᠡᠷᠬᠢᠨ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ ᠶᠢ ᠡᠯ᠎ᠡ ᠱᠠᠲᠤᠨ ᠤ ᠬᠢᠨ ᠭᠦᠨᠵᠡᠭᠡᠢ ᠰᠤᠳᠤᠯᠵᠤ ᠰᠦᠪᠡᠭᠴᠢᠯᠡᠨ ᠦᠢᠯᠡᠳᠦᠯᠭᠡᠵᠢᠭᠦᠯᠬᠦ ᠴᠢᠬᠤᠯᠠᠲᠠᠢ ᠶᠤᠮ ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠂ ᠦᠨᠳᠦᠰᠦᠨ ᠱᠠᠲᠤᠨ ᠤ ᠵᠠᠰᠠᠯᠲᠠ ᠶᠢᠨ ᠲᠠᠯ᠎ᠠ ᠪᠠᠷ ᠴᠥᠭᠡᠨ ᠪᠤᠰᠤ ᠳᠤᠲᠠᠭᠤᠳᠠᠯ ᠪᠠ ᠳᠤᠲᠠᠭᠳᠠᠯ ᠣᠷᠣᠰᠢᠵᠤ ᠪᠠᠶᠢᠬᠤ ᠶᠢ ᠢᠯᠡᠷᠡᠭᠦᠯᠪᠡ ᠃ ᠪᠢᠳᠡ ᠶᠡᠭᠡ ᠬᠦᠴᠦ ᠣᠷᠣᠭᠤᠯᠵᠤ ᠪᠠᠶᠢᠭᠠᠳ ᠦᠨᠳᠦᠰᠦᠨ ᠱᠠᠲᠤ ᠶᠢ ᠠᠳᠬᠤᠵᠤ ᠰᠠᠭᠤᠷᠢ ᠲᠠᠯᠪᠢᠵᠤ ᠂ ᠵᠢᠷᠭᠤᠭᠠᠨ ᠲᠠᠯ᠎ᠠ ᠶᠢᠨ ᠠᠰᠠᠭᠤᠳᠠᠯ ᠢ ᠭᠤᠣᠯᠳᠠᠯᠭ᠎ᠠ ᠲᠠᠢ ᠰᠠᠶᠢᠲᠤᠷ ᠰᠢᠢᠳᠪᠦᠷᠢᠯᠡᠬᠦ ᠬᠡᠷᠡᠭᠲᠡᠢ ᠃ ᠨᠢᠭᠡ ᠳᠤ ᠂ ᠲᠤᠷᠤᠢ ᠪᠠᠭᠤᠷᠠᠢ ᠰᠤᠯᠠ ᠵᠠᠳᠠᠭᠠᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢ ᠪᠠᠶᠢᠩᠭᠤᠵᠢᠭᠤᠯᠤᠨ ᠴᠡᠭᠴᠡᠯᠡᠵᠦ ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠲᠤᠰᠢᠶᠠᠯ ᠳᠤ ᠰᠢᠯᠢᠳᠡᠭ ᠬᠦᠴᠦᠷᠬᠡᠭ ᠢ ᠨᠢ ᠰᠤᠩᠭᠤᠵᠤ ᠂ ᠵᠠᠷᠢᠮ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠤᠰ ᠲᠦᠷᠦ ᠶᠢᠨ ᠴᠢᠳᠠᠮᠵᠢ ᠪᠣᠯᠣᠨ ᠵᠣᠬᠢᠶᠠᠨ ᠪᠠᠶᠢᠭᠤᠯᠤᠯᠲᠠ ᠶᠢᠨ ᠴᠢᠳᠠᠮᠵᠢ ᠴᠢᠩᠭ᠎ᠠ ᠪᠢᠰᠢ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ ᠃ ᠬᠤᠶᠠᠷ ᠲᠤ ᠂ ᠨᠠᠮ ᠪᠠ ᠤᠯᠠᠨ ᠲᠦᠮᠡᠨ ᠂ ᠺᠠᠳ᠋ᠷ ᠪᠠ ᠤᠯᠠᠨ ᠲᠦᠮᠡᠨ ᠤ ᠬᠠᠷᠢᠴᠠᠭ᠎ᠠ ᠶᠢ ᠲᠠᠰᠤᠷᠠᠯᠳᠠ ᠦᠭᠡᠢ ᠨᠢᠭᠲᠠᠷᠠᠭᠤᠯᠵᠤ ᠂ ᠵᠠᠷᠢᠮ ᠨᠠᠮ ᠤᠨ ᠭᠡᠰᠢᠭᠦᠨ ᠺᠠᠳ᠋ᠷ ᠤᠨ ᠤᠯᠠᠨ ᠲᠦᠮᠡᠨ ᠠᠴᠠ ᠬᠦᠨᠳᠦ ᠨᠣᠴᠢᠲᠠᠢ ᠰᠠᠯᠤᠩᠭᠢᠷᠠᠭᠰᠠᠨ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ ᠃ ᠭᠤᠷᠪᠠ ᠳᠤ ᠂ ᠠᠵᠢᠯ ᠤᠨ ᠰᠤᠷᠲᠠᠯ ᠪᠠ ᠠᠷᠭ᠎ᠠ ᠮᠠᠶ᠋ᠢᠭ ᠠᠷᠭ᠎ᠠ ᠪᠠᠷᠢᠯ ᠢᠶᠠᠨ ᠰᠠᠶᠢᠵᠢᠷᠠᠭᠤᠯᠵᠤ ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠤᠯᠠᠨ ᠲᠦᠮᠡᠨ ᠤ ᠠᠵᠢᠯ ᠢ ᠬᠢᠬᠦ ᠴᠢᠳᠠᠪᠤᠷᠢ ᠬᠦᠷᠦᠯᠴᠡᠬᠦ ᠦᠭᠡᠢ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ ᠃ ᠳᠥᠷᠪᠡ ᠳᠤ ᠂ ᠬᠥᠮᠥᠨ ᠬᠠᠷ᠎ᠠ ᠂ ᠣᠷᠣᠭᠤᠯᠤᠯᠲᠠ ᠵᠡᠷᠭᠡ ᠶᠢᠨ ᠪᠠᠲᠤᠯᠠᠭ᠎ᠠ ᠶᠢ ᠴᠢᠩᠭᠠᠳᠬᠠᠵᠤ ᠂ ᠦᠨᠳᠦᠰᠦᠨ ᠱᠠᠲᠤᠨ ᠤ ᠰᠠᠭᠤᠷᠢ ᠨᠢᠮᠭᠡᠨ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ ᠃ ᠲᠠᠪᠤ ᠳᠤ ᠂ ᠡᠯ᠎ᠡ ᠵᠦᠢᠯ ᠤᠨ ᠲᠦᠷᠦ ᠶᠢᠨ ᠪᠣᠳᠣᠯᠭ᠎ᠠ ᠶᠢ ᠠᠮᠢᠳᠤᠯᠢᠭ ᠪᠥᠭᠡᠳ ᠰᠠᠶᠢᠲᠤᠷ ᠬᠡᠷᠡᠭᠯᠡᠵᠦ ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠣᠭᠲᠠᠴᠠ ᠶᠢᠨ ᠲᠠᠯ᠎ᠠ ᠪᠠᠷ ᠰᠢᠨ᠎ᠡ ᠶᠢ ᠡᠭᠦᠳᠴᠦ ᠂ ᠦᠨᠳᠦᠰᠦᠨ ᠱᠠᠲᠤᠨ ᠤ ᠺᠠᠳ᠋ᠷᠴᠤᠳ ᠤᠨ ᠬᠦᠷᠲᠡᠭᠡᠮᠵᠢ ᠪᠠ ᠭᠠᠷᠬᠤ ᠵᠠᠮ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ ᠃ ᠵᠢᠷᠭᠤᠭ᠎ᠠ ᠳᠤ ᠂ ᠦᠨᠳᠦᠰᠦᠨ ᠱᠠᠲᠤᠨ ᠤ ᠳᠠᠷᠤᠭᠠᠰᠤ ᠶᠢ ᠦᠨᠡᠨ ᠪᠣᠳᠠᠲᠠᠢ ᠪᠠᠷ ᠬᠦᠩᠭᠡᠷᠡᠭᠦᠯᠵᠦ᠂ ᠦᠨᠳᠦᠰᠦᠨ ᠱᠠᠲᠤᠨ ᠳᠤ ᠣᠷᠣᠰᠢᠵᠤ ᠪᠠᠶᠢᠭ᠎ᠠ ᠰᠤᠷᠲᠠᠯ ᠪᠣᠯᠣᠨ ᠢᠯᠵᠠᠷᠠᠯ ᠤᠨ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ ᠭᠡᠪᠡ ᠃