ᠵᠤᠬᠢᠶᠠᠭᠴᠢ:
ᠴᠠᠭ:2022-12-30
ᠥᠵᠡᠭᠰᠡᠨ : ℃
ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾
ᠪᠥᠬᠦ ᠣᠷᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠪᠠ ᠸᠠᠩ ᠯᠢ ᠰᠢᠶᠠ ᠶᠠᠷᠢᠶ᠎ᠠ ᠲᠠᠯᠪᠢᠵᠠᠢ
2022 ᠣᠨ ᠤ 12 ᠳ᠋ᠤᠭᠠᠷ ᠰᠠᠷ᠎ᠠ ᠶᠢᠨ 27 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠥᠬᠦ ᠣᠷᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠭᠤᠯᠵᠤ᠂ 2022 ᠣᠨ ᠤ ᠪᠥᠬᠦ ᠣᠷᠣᠨ ᠤ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠪᠠᠶᠢᠳᠠᠯ ᠢ ᠵᠠᠷᠯᠠᠨ ᠮᠡᠳᠡᠭᠳᠡᠵᠦ᠂ 2023 ᠣᠨ ᠤ ᠠᠵᠢᠯ ᠤᠨ ᠡᠭᠦᠷᠭᠡ ᠶᠢ ᠲᠣᠬᠢᠷᠠᠭᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃
ᠸᠠᠩ ᠯᠢ ᠰᠢᠶᠠ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠪᠣᠯ ᠪᠥᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢᠨ ᠭᠤᠣᠯᠳᠠᠯᠭ᠎ᠠ ᠲᠠᠢ ᠡᠭᠦᠷᠭᠡ ᠪᠠ ᠭᠤᠣᠯ ᠴᠣᠭᠴᠠ ᠶᠢᠨ ᠢᠨᠵᠧᠨᠧᠷᠢᠩ ᠮᠥᠨ᠃ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠶᠢ ᠭᠦᠨᠵᠡᠭᠡᠢ ᠰᠣᠷᠣᠯᠴᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ 《ᠪᠥᠬᠦ ᠲᠠᠯ᠎ᠠ ᠪᠠᠷ ᠬᠠᠤᠯᠢ ᠪᠠᠷ ᠤᠯᠤᠰ ᠢᠶᠠᠨ ᠵᠠᠰᠠᠬᠤ ᠶᠢ ᠪᠠᠷᠢᠮᠲᠠᠯᠠᠵᠤ᠂ ᠬᠠᠤᠯᠢᠵᠢᠯ ᠤᠨ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ》 ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠂ ᠭᠤᠣᠯ ᠠᠭᠤᠯᠭ᠎ᠠ ᠶᠢ ᠡᠵᠡᠮᠳᠡᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠠᠤᠯᠢᠵᠢᠯ ᠤᠨ ᠦᠨᠳᠦᠰᠦ ᠶᠢ ᠪᠠᠬᠢᠵᠢᠭᠦᠯᠬᠦ᠂ ᠵᠢᠱᠢᠯᠲᠡ ᠶᠢ ᠲᠣᠭᠲᠠᠪᠤᠷᠢᠵᠢᠭᠤᠯᠬᠤ᠂ ᠠᠯᠤᠰ ᠬᠡᠳᠦ ᠳᠤ ᠠᠰᠢᠭᠲᠠᠢ ᠪᠠᠶᠢᠯᠭᠠᠬᠤ ᠪᠠᠲᠤᠯᠠᠭ᠎ᠠ ᠶᠢᠨ ᠦᠢᠯᠡᠳᠦᠯ ᠢ ᠦᠨᠡᠨ ᠬᠦ ᠰᠠᠶᠢᠲᠤᠷ ᠪᠠᠶᠢᠷᠢᠯᠠᠭᠤᠯᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠸᠠᠩ ᠯᠢ ᠰᠢᠶᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠶᠢᠨ ᠬᠠᠤᠯᠢᠵᠢᠯ ᠤᠨ ᠲᠦᠪᠰᠢᠨ ᠢ ᠳᠡᠭᠡᠭᠰᠢᠯᠡᠭᠦᠯᠬᠦ ᠶᠢ ᠴᠢᠩᠭ᠎ᠠ ᠠᠳᠬᠤᠵᠤ᠂ ᠲᠥᠪ ᠭᠤᠣᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ᠂《ᠲᠠᠯᠪᠢᠬᠤ ᠬᠠᠮᠢᠶᠠᠷᠬᠤ ᠦᠢᠯᠡᠴᠢᠯᠡᠬᠦ》ᠥᠭᠡᠷᠡᠴᠢᠯᠡᠯᠲᠡ᠂ ᠦᠨᠳᠦᠰᠦᠨ ᠱᠠᠲᠤᠨ ᠤ ᠬᠠᠤᠯᠢ ᠶᠣᠰᠣᠭᠠᠷ ᠵᠠᠰᠠᠬᠤ᠂ ᠵᠠᠰᠠᠭ ᠵᠠᠬᠢᠷᠭᠠᠨ ᠤ ᠬᠠᠤᠯᠢ ᠲᠣᠭᠲᠠᠭᠠᠯᠲᠠ ᠶᠢᠨ ᠶᠠᠰᠤ ᠴᠢᠨᠠᠷ ᠦᠷ᠎ᠡ ᠪᠦᠲᠦᠮᠵᠢ ᠵᠡᠷᠭᠡ ᠡᠯ᠎ᠡ ᠵᠦᠢᠯ ᠤᠨ ᠠᠵᠢᠯ ᠢ ᠴᠢᠩᠭ᠎ᠠ ᠵᠢᠷᠤᠮᠵᠢᠭᠤᠯᠵᠤ᠂ ᠬᠠᠤᠯᠢᠵᠢᠯ ᠤᠨ ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠡᠯ᠎ᠡ ᠵᠦᠢᠯ ᠤᠨ ᠡᠭᠦᠷᠭᠡ ᠶᠢ ᠭᠦᠨᠵᠡᠭᠡᠢ ᠠᠬᠢᠭᠤᠯᠤᠨ ᠪᠣᠳᠠᠲᠠᠶᠢᠵᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢᠨ ᠬᠠᠤᠯᠢᠵᠢᠯ ᠤᠨ ᠰᠠᠭᠤᠷᠢ ᠶᠢ ᠦᠨᠡᠨ ᠬᠦ ᠪᠠᠬᠢᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠢ ᠸᠢᠳᠢᠣ᠋ ᠬᠡᠯᠪᠡᠷᠢ ᠪᠠᠷ ᠠᠶᠢᠮᠠᠭ ᠬᠤᠲᠠ ᠬᠦᠷᠲᠡᠯ᠎ᠡ ᠬᠤᠷᠠᠯᠳᠤᠭᠤᠯᠪᠠ᠃ ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠬᠤᠸᠠᠩ ᡁᠢ ᠴᠢᠶᠠᠩ᠂ ᠵᠠᠩ ᠱᠣᠣ ᠴᠦᠨ᠂ ᠴᠢ᠊ ᠪᠠᠲᠤ᠂ ᠪᠣᠣ ᠰᠢᠶᠠᠨ ᠬᠤᠸᠠ ᠬᠤᠷᠠᠯ ᠳᠤ ᠣᠷᠣᠯᠴᠠᠵᠤ᠂ ᠵᠧᠩ ᠭᠤᠸᠠᠩ ᠵᠤᠤ ᠬᠤᠷᠠᠯ ᠢ ᠡᠷᠬᠢᠯᠡᠪᠡ᠃