ᠵᠤᠬᠢᠶᠠᠭᠴᠢ:
ᠴᠠᠭ:2022-12-30
ᠥᠵᠡᠭᠰᠡᠨ : ℃
ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾
ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢ ᠶᠢᠰᠦᠳᠦᠭᠡᠷ ᠬᠤᠷᠠᠯ ᠡᠬᠢᠯᠡᠵᠡᠢ
2022 ᠣᠨ ᠤ 12 ᠳ᠋ᠤᠭᠠᠷ ᠰᠠᠷ᠎ᠠ ᠶᠢᠨ 26 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠭᠤᠴᠢ ᠶᠢᠰᠦᠳᠦᠭᠡᠷ ᠬᠤᠷᠠᠯ ᠡᠬᠢᠯᠡᠬᠦ ᠶᠢᠨ ᠬᠠᠮᠲᠤ ᠠᠩᠬᠠᠳᠤᠭᠠᠷ ᠤᠳᠠᠭ᠎ᠠ ᠶᠢᠨ ᠪᠦᠭᠦᠳᠡ ᠬᠤᠷᠠᠯ ᠬᠢᠪᠡ᠃
ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠣᠳᠣ 61 ᠪᠦᠷᠢᠯᠳᠦᠭᠦᠨ ᠲᠠᠢ᠂ ᠲᠤᠬᠠᠢ ᠶᠢᠨ ᠲᠠᠯᠠᠪᠠᠢ ᠳᠤ ᠪᠤᠶᠤ ᠰᠦᠯᠵᠢᠶᠡᠨ ᠤ ᠸᠢᠳᠢᠣ᠋ ᠬᠡᠯᠪᠡᠷᠢ ᠪᠠᠷ 48 ᠬᠦᠮᠦᠨ ᠬᠤᠷᠠᠯ ᠳᠤ ᠣᠷᠣᠯᠴᠠᠵᠤ᠂ ᠬᠠᠤᠯᠢ ᠪᠠᠷ ᠲᠣᠭᠲᠠᠭᠠᠭᠰᠠᠨ ᠬᠦᠮᠦᠨ ᠤ ᠲᠤᠭ᠎ᠠ ᠳᠤ ᠨᠡᠶᠢᠴᠡᠪᠡ᠃
ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠠᠶᠢᠩᠭᠤ ᠶᠢᠨ ᠳᠡᠳ᠋ ᠡᠷᠬᠢᠯᠡᠭᠴᠢ ᠯᠢᠨ ᠱᠣᠣ ᠴᠦᠨ ᠬᠤᠷᠠᠯ ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠵᠠᠩ ᠱᠣᠣ ᠴᠦᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ ᠯᠢ ᠴᠢ ᠯᠢᠨ ᠬᠤᠷᠠᠯ ᠳᠤ ᠰᠤᠯᠠ ᠣᠷᠣᠯᠴᠠᠵᠠᠢ᠃
ᠬᠤᠷᠠᠯ ᠤᠨ ᠵᠦᠪᠯᠡᠬᠦ ᠵᠦᠢᠯᠡᠰ ᠢ ᠪᠠᠲᠤᠯᠠᠭᠰᠠᠨ ᠤ ᠳᠠᠷᠠᠭ᠎ᠠ᠂ ᠬᠤᠷᠠᠯ ᠠᠴᠠ ᠵᠠᠩ ᠱᠣᠣ ᠴᠦᠨ ᠤ ᠬᠢᠭᠰᠡᠨ ᠲᠤᠰᠢᠶᠠᠯ ᠳᠤ ᠲᠣᠮᠢᠯᠠᠬᠤ ᠪᠠᠷ ᠳᠡᠪᠰᠢᠭᠦᠯᠦᠭᠰᠡᠨ ᠬᠦᠮᠦᠰ ᠤᠨ ᠪᠠᠶᠢᠳᠠᠯ ᠤᠨ ᠲᠤᠬᠠᠢ ᠲᠣᠳᠣᠷᠬᠠᠶᠢᠯᠠᠯᠲᠠ᠂ ᠯᠢ ᠴᠢ ᠯᠢᠨ ᠤ ᠬᠢᠭᠰᠡᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠪᠠᠷ ᠳᠡᠪᠰᠢᠭᠦᠯᠦᠭᠰᠡᠨ ᠬᠦᠮᠦᠰ ᠤᠨ ᠪᠠᠶᠢᠳᠠᠯ ᠤᠨ ᠲᠤᠬᠠᠢ ᠲᠣᠳᠣᠷᠬᠠᠶᠢᠯᠠᠯᠲᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠨᠠᠷᠢᠨ ᠪᠢᠴᠢᠭ ᠤᠨ ᠳᠠᠷᠤᠭ᠎ᠠ᠂ ᠠᠵᠢᠯᠲᠠᠨ ᠤ ᠶᠠᠪᠤᠳᠠᠯ ᠤᠨ ᠲᠦᠯᠦᠭᠡᠯᠡᠭᠴᠢ ᠶᠢ ᠰᠤᠩᠭᠤᠬᠤ ᠠᠵᠢᠯ ᠤᠨ ᠵᠦᠪᠯᠡᠯ ᠤᠨ ᠡᠷᠬᠢᠯᠡᠭᠴᠢ ᠭᠦᠸᠧ ᠰᠢᠨ ᠤ ᠬᠢᠭᠰᠡᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠪᠠᠷ ᠳᠡᠪᠰᠢᠭᠦᠯᠦᠭᠰᠡᠨ ᠬᠦᠮᠦᠰ ᠤᠨ ᠪᠠᠶᠢᠳᠠᠯ ᠤᠨ ᠲᠤᠬᠠᠢ ᠲᠣᠳᠣᠷᠬᠠᠶᠢᠯᠠᠯᠲᠠ ᠶᠢ ᠰᠣᠨᠣᠰᠪᠠ᠃
ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠦᠪᠯᠡᠯ ᠤᠨ ᠳᠡᠳ᠋ ᠡᠷᠬᠢᠯᠡᠭᠴᠢ ᠭᠡᠰᠢᠭᠦᠨ ᠯᠠ ᠵᠢᠶᠦ᠋ᠨ ᠤ ᠬᠢᠭᠰᠡᠨ《ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠡᠷ ᠪᠦᠯᠢ ᠶᠢᠨ ᠰᠤᠷᠭᠠᠨ ᠬᠦᠮᠦᠵᠢᠯ ᠢ ᠠᠬᠢᠭᠤᠯᠬᠤ ᠳᠦᠷᠢᠮ ︵ᠲᠦᠰᠦᠯ︶》 ᠢ ᠬᠢᠨᠠᠨ ᠵᠦᠪᠯᠡᠭᠰᠡᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠳᠦᠷᠢᠮ ᠤᠨ ᠵᠦᠪᠯᠡᠯ ᠤᠨ ᠳᠡᠳ᠋ ᠡᠷᠬᠢᠯᠡᠭᠴᠢ ᠭᠡᠰᠢᠭᠦᠨ ᠵᠧᠩ ᠶᠢᠨ ᠴᠦᠨ ᠤ ᠬᠢᠭᠰᠡᠨ 《ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ︿ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠤᠢ ᠶᠢᠨ ᠬᠠᠮᠢᠶᠠᠷᠤᠯᠲᠠ ᠶᠢᠨ ᠬᠠᠤᠯᠢ﹀ ᠶᠢ ᠬᠡᠷᠡᠭᠵᠢᠭᠦᠯᠬᠦ ᠠᠷᠭ᠎ᠠ︵ᠵᠠᠰᠠᠪᠤᠷᠢ ᠣᠷᠣᠭᠤᠯᠤᠭᠰᠠᠨ ᠲᠦᠰᠦᠯ﹀》 ᠶᠢ ᠬᠢᠨᠠᠨ ᠵᠦᠪᠯᠡᠭᠰᠡᠨ ᠦᠷ᠎ᠡ ᠳ᠋ᠦᠩ ᠤᠨ ᠲᠤᠬᠠᠢ ᠮᠡᠳᠡᠭᠦᠯᠦᠯᠲᠡ ᠶᠢ ᠰᠣᠨᠣᠰᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ᠂ ᠬᠠᠤᠯᠢ ᠴᠠᠭᠠᠵᠠ ᠶᠢᠨ ᠲᠢᠩᠬᠢᠮ ᠤᠨ ᠳᠡᠳ᠋ ᠳᠠᠷᠤᠭ᠎ᠠ ᠳ᠋ᠠᠢ ᠶᠠᠨ 《ᠦᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠸᠠᠷ ᠤᠨ ᠰᠣᠯᠢᠯᠴᠠᠭᠠᠨ ᠤ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠳᠦᠷᠢᠮ》ᠵᠡᠷᠭᠡ ᠣᠷᠣᠨ ᠨᠤᠲᠤᠭ ᠤᠨ ᠴᠢᠨᠠᠷᠲᠠᠢ 2 ᠬᠠᠤᠯᠢ ᠲᠣᠭᠲᠠᠭᠠᠯ ᠢ ᠬᠦᠴᠦᠨ ᠦᠭᠡᠢ ᠪᠣᠯᠭᠠᠬᠤ ᠪᠠᠷ ᠳᠡᠪᠰᠢᠭᠦᠯᠬᠦ ᠲᠤᠬᠠᠢ ᠲᠣᠳᠣᠷᠬᠠᠶᠢᠯᠠᠯᠲᠠ ᠬᠢᠵᠡᠢ᠃
ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠠᠷᠢᠶᠠᠯᠠᠩ ᠮᠠᠯ ᠠᠵᠤ ᠠᠬᠤᠢ ᠶᠢᠨ ᠠᠵᠢᠯ ᠤᠨ ᠵᠦᠪᠯᠡᠯ ᠤᠨ ᠳᠡᠳ᠋ ᠡᠷᠬᠢᠯᠡᠭᠴᠢ ᠶᠣᠣ ᠶᠠ ᠫᠢᠩ ᠤᠨ ᠪᠠᠶᠢᠩᠭᠤ ᠶᠢᠨ ᠬᠤᠷᠢᠶᠠᠨ ᠤ ᠬᠠᠤᠯᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠬᠤ ᠳᠤᠭᠤᠶᠢᠯᠠᠩ ᠢ ᠲᠦᠯᠦᠭᠡᠯᠡᠨ ᠬᠢᠭᠰᠡᠨ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠤᠯᠢ ᠶᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠭᠰᠠᠨ ᠲᠤᠬᠠᠢ ᠮᠡᠳᠡᠭᠦᠯᠦᠯᠲᠡ ᠶᠢ ᠰᠣᠨᠣᠰᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠳᠡᠳ᠋ ᠳᠠᠷᠤᠭ᠎ᠠ ᠡᠩᠬᠡᠲᠦ᠋ᠪᠰᠢᠨ ᠤᠯᠤᠰ ᠤᠨ ᠴᠢᠬᠤᠯᠠ ᠲᠠᠷᠢᠶᠠᠯᠠᠩ ᠤᠨ ᠪᠦᠲᠦᠭᠡᠭᠳᠡᠭᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠤᠨ ᠲᠤᠬᠠᠢ ᠮᠡᠳᠡᠭᠦᠯᠦᠯᠲᠡ ᠬᠢᠪᠡ᠃ ᠬᠤᠷᠠᠯ ᠠᠴᠠ ᠭᠦᠸᠧ ᠰᠢᠨ ᠤ ᠬᠢᠭᠰᠡᠨ ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯ ᠤᠨ ᠲᠦᠯᠦᠭᠡᠯᠡᠭᠴᠢ ᠶᠢᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ ᠰᠢᠢᠳᠪᠦᠷᠢᠯᠡᠭᠰᠡᠨ ᠪᠠᠶᠢᠳᠠᠯ ᠤᠨ ᠲᠤᠬᠠᠢ ᠮᠡᠳᠡᠭᠦᠯᠦᠯᠲᠡ ᠶᠢ ᠰᠣᠨᠣᠰᠪᠠ᠃
ᠬᠤᠷᠠᠯ ᠠᠴᠠ ᠪᠠᠰᠠ ᠲᠣᠭᠤᠷᠢᠭ ᠲᠠᠢ ᠬᠤᠲᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠵᠦᠪᠰᠢᠶᠡᠷᠡᠭᠦᠯᠬᠦ ᠪᠠᠷ ᠳᠡᠪᠰᠢᠭᠦᠯᠦᠭᠰᠡᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠤᠨ ᠲᠣᠳᠣᠷᠬᠠᠶᠢᠯᠠᠯᠲᠠ ᠪᠠ ᠪᠣᠰᠣᠳ ᠵᠦᠢᠯᠡᠰ ᠢ ᠬᠢᠨᠠᠨ ᠵᠦᠪᠯᠡᠪᠡ᠃
ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠯ᠎ᠡ ᠲᠤᠰᠬᠠᠢ ᠵᠦᠪᠯᠡᠯ ᠤᠨ ᠳᠡᠳ᠋ ᠡᠷᠬᠢᠯᠡᠭᠴᠢ ᠭᠡᠰᠢᠭᠦᠨ᠂ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠪᠠᠶᠢᠭᠤᠯᠤᠮᠵᠢ ᠶᠢᠨ ᠬᠠᠷᠢᠭᠤᠴᠠᠯᠭᠠᠲᠠᠨ ᠨᠦᠬᠦᠳ᠂ ᠥᠪᠡᠷᠲᠡᠭᠡᠨ ᠵᠠᠰᠠᠬᠤ ᠣᠷᠣᠨ ᠤ ᠬᠢᠨᠠᠨ ᠪᠠᠶᠢᠴᠠᠭᠠᠬᠤ ᠵᠦᠪᠯᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠦᠨᠳᠦᠷ ᠵᠡᠷᠭᠡ ᠶᠢᠨ ᠰᠢᠭᠦᠬᠦ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠤᠯᠪᠣᠭᠲᠠᠯ ᠪᠦᠬᠦᠢ ᠰᠠᠯᠠᠭ᠎ᠠ ᠮᠦᠴᠢᠷ ᠤᠨ ᠬᠠᠷᠢᠭᠤᠴᠠᠯᠭᠠᠲᠠᠨ ᠨᠦᠬᠦᠳ ᠬᠤᠷᠠᠯ ᠳᠤ ᠰᠤᠯᠠ ᠣᠷᠣᠯᠴᠠᠵᠠᠢ᠃