ᠵᠤᠬᠢᠶᠠᠭᠴᠢ:
ᠴᠠᠭ:2023-01-08
ᠥᠵᠡᠭᠰᠡᠨ : ℃
ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾
ᠤᠯᠤᠰ ᠤᠨ ᠲᠡᠷᠢᠭᠦᠯᠡᠭᠴᠢ ᠰᠢ ᠶᠢᠨ ᠫᠢᠩ 2023 ᠣᠨ ᠤ ᠰᠢᠨ᠎ᠡ ᠵᠢᠯ ᠤᠨ ᠪᠠᠶᠠᠷ ᠤᠨ ᠦᠭᠡ ᠨᠡᠶᠢᠲᠡᠯᠡᠪᠡ
ᠰᠢᠨ᠎ᠡ ᠣᠨ ᠤ ᠪᠣᠱᠣᠭᠠᠨ ᠳᠡᠭᠡᠷ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠲᠥᠪ ᠤᠨ ᠷᠠᠳᠢᠣ᠋ ᠲᠧᠯᠸᠢᠰ ᠤᠨ ᠶᠡᠷᠦᠩᠬᠡᠢ ᠬᠤᠷᠢᠶ᠎ᠠ ᠪᠠ ᠢᠨᠲ᠋ᠧᠷ ᠰᠦᠯᠵᠢᠶ᠎ᠡ ᠪᠠᠷ ᠳᠠᠮᠵᠢᠭᠤᠯᠤᠨ᠂ 2023 ᠣᠨ ᠤ ᠰᠢᠨ᠎ᠡ ᠵᠢᠯ ᠤᠨ ᠪᠠᠶᠠᠷ ᠤᠨ ᠦᠭᠡ ᠨᠡᠶᠢᠲᠡᠯᠡᠪᠡ᠃ ᠪᠦᠭᠦ ᠠᠭᠤᠯᠭ᠎ᠠ ᠨᠢ ᠳᠣᠣᠷᠠᠬᠢ ᠮᠡᠲᠦ᠄
ᠲᠠ ᠪᠦᠭᠦᠨ ᠰᠠᠶᠢᠨ ᠪᠠᠶᠢᠨ᠎ᠠ ᠦᠦ︕ 2023 ᠣᠨ ᠤᠳᠠᠯ ᠦᠭᠡᠢ ᠬᠦᠷᠴᠦ ᠢᠷᠡᠬᠦ ᠪᠣᠯᠣᠯ᠎ᠠ᠂ ᠪᠢ ᠪᠡᠭᠡᠵᠢᠩ ᠠᠴᠠ ᠲᠠ ᠪᠦᠭᠦᠨ ᠳᠤ ᠰᠢᠨ᠎ᠡ ᠣᠨ ᠤ ᠰᠠᠶᠢᠨ ᠰᠠᠶᠢᠬᠠᠨ ᠬᠦᠰᠡᠯ ᠵᠥᠩᠨᠡᠯ ᠳᠡᠪᠰᠢᠭᠦᠯᠵᠦ ᠪᠠᠶᠢᠨ᠎ᠠ︕
2022 ᠣᠨ ᠳᠤ᠂ ᠪᠢᠳᠠ ᠨᠠᠮ ᠤᠨ ᠬᠤᠷᠢᠳᠤᠭᠠᠷ ᠶᠡᠭᠡ ᠬᠤᠷᠠᠯ ᠢ ᠢᠯᠠᠯᠲᠠ ᠲᠠᠢ ᠬᠤᠷᠠᠯᠳᠤᠭᠤᠯᠵᠤ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠭᠦ ᠲᠠᠯ᠎ᠠ ᠪᠠᠷ ᠪᠦᠲᠦᠭᠡᠨ ᠪᠠᠶᠢᠭᠤᠯᠬᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠦᠭᠦ ᠲᠠᠯ᠎ᠠ ᠪᠠᠷ ᠠᠬᠢᠭᠤᠯᠬᠤ ᠠᠤᠭ᠎ᠠ ᠲᠥᠰᠥᠪ ᠢ ᠵᠢᠷᠤᠭᠯᠠᠵᠤ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠴᠠᠭ ᠦᠶ᠎ᠡ ᠶᠢᠨ ᠪᠦᠷᠢᠶ᠎ᠡ ᠶᠢ ᠬᠠᠩᠭᠢᠨᠠᠭᠤᠯᠪᠠ᠃
ᠮᠠᠨ ᠤ ᠤᠯᠤᠰ ᠳᠡᠯᠡᠬᠡᠢ ᠶᠢᠨ ᠬᠤᠶᠠᠳᠤᠭᠠᠷ ᠲᠣᠮᠣ ᠠᠵᠤ ᠠᠬᠤᠢ ᠶᠢᠨ ᠴᠣᠭᠴᠠ ᠶᠢᠨ ᠪᠠᠶᠢᠷᠢ ᠰᠠᠭᠤᠷᠢ ᠪᠠᠨ ᠦᠷᠭᠦᠯᠵᠢᠯᠡᠨ ᠪᠠᠲᠤᠯᠠᠵᠤ᠂ ᠠᠵᠤ ᠠᠬᠤᠢ ᠲᠣᠭᠲᠠᠭᠤᠨ ᠢᠶᠠᠷ ᠬᠥᠭᠵᠢᠵᠦ᠂ ᠪᠦᠭᠦ ᠵᠢᠯ ᠤᠨ ᠤᠯᠤᠰ ᠤᠨ ᠳᠣᠲᠣᠭᠠᠳᠤ ᠶᠢᠨ ᠦᠢᠯᠡᠳᠪᠦᠷᠢᠯᠡᠯ ᠤᠨ ᠶᠡᠷᠦᠩᠬᠡᠢ ᠦᠷᠳᠡᠭ ᠵᠢᠱᠢᠯᠲᠡ ᠪᠠᠷ 120 ᠲᠦᠮᠡᠨ ᠳ᠋ᠦᠩᠰᠢᠭᠤᠷ ᠲᠥᠭᠦᠷᠢᠭ ᠢ ᠳᠠᠪᠠᠬᠤ ᠪᠣᠯᠣᠨ᠎ᠠ᠃ ᠪᠦᠭᠦ ᠪᠥᠮᠪᠥᠷᠴᠡᠭ ᠤᠨ ᠠᠮᠤ ᠪᠤᠳᠠᠭᠠᠨ ᠤ ᠬᠢᠮᠤᠷᠠᠯ ᠤᠨ ᠡᠮᠦᠨ᠎ᠡ᠂ ᠮᠠᠨ ᠤ ᠤᠯᠤᠰ ᠤᠨ ᠠᠮᠤ ᠪᠤᠳᠠᠭᠠᠨ ᠤ ᠦᠢᠯᠡᠳᠪᠦᠷᠢᠯᠡᠯ 《ᠠᠷᠪᠠ ᠶᠢᠰᠦᠨ ᠵᠢᠯ ᠳᠠᠷᠠᠭᠠᠯᠠᠨ ᠡᠯᠪᠡᠭ ᠬᠤᠷᠢᠶᠠᠯᠲᠠ ᠣᠯᠬᠤ》 ᠶᠢ ᠪᠡᠶᠡᠯᠡᠭᠦᠯᠵᠦ᠂ ᠳᠤᠮᠳᠠᠳᠤᠴᠤᠳ ᠤᠨ ᠪᠤᠳᠠᠭᠠᠨ ᠠᠶᠠᠭ᠎ᠠ ᠪᠠᠨ ᠤᠯᠠᠮ ᠪᠠᠲᠤ ᠠᠳᠬᠤᠪᠠ᠃ ᠪᠢᠳᠡ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢᠶᠠᠨ ᠪᠠᠬᠢᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠭᠦ ᠲᠠᠯ᠎ᠠ ᠪᠠᠷ ᠠᠬᠢᠭᠤᠯᠵᠤ᠂ ᠭᠠᠶᠢᠯᠢ ᠶᠢ ᠪᠠᠭᠠᠰᠬᠠᠵᠤ ᠰᠦᠢᠳᠬᠡᠯ ᠢ ᠪᠠᠭᠤᠷᠠᠭᠤᠯᠬᠤ ᠵᠡᠷᠭᠡ ᠠᠯᠢ ᠤᠯᠠᠨ ᠠᠷᠭ᠎ᠠ ᠬᠡᠮᠵᠢᠶ᠎ᠡ ᠠᠪᠴᠤ ᠪᠠᠶᠢᠭᠠᠳ ᠠᠵᠤ ᠠᠬᠤᠶᠢᠯᠠᠯ ᠤᠨ ᠬᠦᠴᠢᠷᠳᠡᠯ ᠢ ᠰᠢᠢᠳᠪᠦᠷᠢᠯᠡᠵᠦ᠂ ᠠᠷᠠᠳ ᠤᠯᠠᠨ ᠤ ᠪᠠᠴᠢᠮᠳᠠᠵᠤ ᠲᠦᠪᠡᠭᠳᠡᠵᠦ ᠵᠣᠪᠠᠨᠢᠵᠤ ᠬᠦᠰᠡᠵᠦ ᠪᠠᠶᠢᠭᠰᠠᠨ ᠠᠰᠠᠭᠤᠳᠠᠯ ᠢ ᠬᠦᠴᠦᠯᠡᠨ ᠰᠢᠢᠳᠪᠦᠷᠢᠯᠡᠪᠡ᠃
ᠬᠢᠵᠢᠭ ᠤᠨ ᠪᠠᠶᠢᠳᠠᠯ ᠭᠠᠷᠤᠭᠰᠠᠨ ᠠᠴᠠ ᠨᠠᠭᠠᠰᠢ᠂ ᠪᠢᠳᠡ ᠢᠮᠠᠭᠲᠠ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨᠴᠢ ᠣᠨᠣᠴᠠᠲᠠᠢ ᠪᠠᠷ ᠰᠡᠷᠭᠡᠶᠢᠯᠡᠨ ᠡᠵᠡᠮᠳᠡᠬᠦ ᠶᠢ ᠪᠠᠷᠢᠮᠲᠠᠯᠠᠵᠤ᠂ ᠴᠠᠭ ᠪᠠ ᠪᠠᠶᠢᠳᠠᠯ ᠢ ᠦᠨᠳᠦᠰᠦᠯᠡᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠᠨ ᠰᠢᠯᠢᠳᠡᠭᠵᠢᠭᠦᠯᠦᠨ ᠲᠣᠬᠢᠷᠠᠭᠤᠯᠵᠤ᠂ ᠠᠷᠠᠳ ᠲᠦᠮᠡᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠪᠠ᠃ ᠥᠷᠭᠡᠨ ᠤᠯᠠᠨ ᠺᠠᠳ᠋ᠷ ᠤᠯᠠᠨ ᠲᠦᠮᠡᠨ ᠢᠯᠠᠩᠭᠤᠶ᠎ᠠ ᠡᠮᠴᠢᠯᠡᠭᠡᠨ ᠤ ᠠᠵᠢᠯᠲᠠᠨ᠂ ᠦᠨᠳᠦᠰᠦᠨ ᠱᠠᠲᠤᠨ ᠤ ᠠᠵᠢᠯᠲᠠᠨ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠡᠷᠡᠯᠬᠡᠭ ᠪᠠᠭᠠᠲᠤᠷᠯᠢᠭ ᠢᠶᠠᠷ ᠲᠡᠮᠡᠴᠡᠪᠡ᠃ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠪᠠᠷ ᠳᠠᠮᠵᠢᠭᠠᠳ᠂ ᠪᠢᠳᠡ ᠤᠷᠢᠳ ᠡᠮᠦᠨ᠎ᠡ ᠪᠠᠶᠢᠭ᠎ᠠ ᠦᠭᠡᠢ ᠬᠦᠴᠢᠷ ᠪᠡᠷᠬᠡᠰᠢᠶᠡᠯ ᠪᠠ ᠥᠷᠢᠰᠦᠯᠳᠦᠭᠡᠨ ᠢ ᠢᠯᠠᠨ ᠳᠠᠪᠠᠵᠠᠢ᠃ ᠬᠥᠮᠥᠨ ᠪᠣᠯᠭᠠᠨ ᠴᠥᠮ ᠭᠢᠯᠪᠠᠷ ᠪᠤᠰᠤ ᠶᠤᠮ᠃ ᠣᠳᠣᠬᠠᠨ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠰᠢᠨ᠎ᠡ ᠱᠠᠲᠤ ᠦᠶ᠎ᠡ ᠳᠤ ᠣᠷᠣᠵᠤ᠂ ᠮᠥᠨ ᠬᠦ ᠢᠳᠠ ᠠᠪᠬᠤ ᠴᠠᠭ ᠦᠶ᠎ᠡ ᠳᠡᠭᠡᠨ ᠪᠤᠢ᠂ ᠤᠯᠠᠨ ᠢᠶᠠᠷ ᠢᠶᠠᠨ ᠴᠥᠬᠦᠷᠡᠰᠢ ᠦᠭᠡᠢ ᠴᠢᠷᠮᠠᠶᠢᠵᠤ ᠪᠤᠢ᠂ ᠦᠷ ᠤᠨ ᠲᠤᠶᠠᠭ᠎ᠠ ᠶᠢ ᠤᠳᠠᠯ ᠦᠭᠡᠢ ᠣᠯᠵᠤ ᠬᠠᠷᠠᠬᠤ ᠪᠣᠯᠣᠨ᠎ᠠ᠃ ᠪᠦᠭᠦᠳᠡᠭᠡᠷ ᠢᠶᠠᠨ ᠲᠠᠭᠢᠨ ᠴᠢᠷᠮᠠᠶᠢᠭᠠᠷᠠᠢ᠂ ᠪᠠᠷᠢᠮᠲᠠᠯᠠᠯ ᠪᠣᠯ ᠢᠯᠠᠯᠲᠠ ᠂ ᠪᠦᠯᠬᠦᠮᠳᠡᠯ ᠪᠣᠯ ᠢᠯᠠᠯᠲᠠ ᠮᠥᠨ᠃
2022 ᠣᠨ ᠳᠤ ᠵᠢᠶᠠᠩ ᠽᠧ ᠮᠢᠨ ᠨᠥᠬᠦᠷ ᠪᠢᠳᠡᠨ ᠠᠴᠠ ᠠᠶᠠᠷᠯᠠᠪᠠ᠃ ᠪᠢᠳᠡ ᠲᠡᠭᠦᠨ ᠤ ᠠᠭᠤᠤ ᠭᠠᠪᠢᠶ᠎ᠠ ᠠᠤᠭ᠎ᠠ ᠵᠢᠳᠬᠦᠯ ᠪᠠ ᠡᠷᠬᠢᠮ ᠳᠡᠭᠡᠳᠦ ᠬᠡᠪ ᠰᠤᠷᠲᠠᠯ ᠢ ᠭᠦᠨ᠎ᠡ ᠮᠥᠷᠥᠭᠡᠳᠦᠨ ᠰᠠᠨᠠᠭᠠᠯᠵᠠᠵᠤ᠂ ᠲᠡᠭᠦᠨ ᠤ ᠦᠯᠡᠳᠡᠭᠡᠭᠰᠡᠨ ᠡᠷᠬᠢᠮ ᠨᠠᠨᠳᠢᠨ ᠤᠶᠤᠨ ᠰᠠᠨᠠᠭᠠᠨ ᠤ ᠥᠪ ᠬᠥᠷᠥᠩᠭᠡ ᠶᠢ ᠨᠠᠨᠳᠢᠩᠨᠠᠵᠤ ᠪᠠᠶᠢᠨ᠎ᠠ᠃ ᠪᠢᠳᠡ ᠲᠡᠭᠦᠨ ᠤ ᠭᠡᠷᠢᠶᠡᠰ ᠵᠣᠷᠢᠭ ᠢ ᠵᠠᠯᠭᠠᠮᠵᠢᠯᠠᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠢᠯᠡᠰ ᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃
ᠲᠡᠦᠬᠡ ᠶᠢᠨ ᠤᠷᠳᠤ ᠠᠶᠠᠨ ᠰᠦᠷ ᠳᠠᠯᠠᠶᠢᠴᠠᠲᠠᠢ ᠶᠠᠪᠤᠭᠳᠠᠵᠤ᠂ ᠦᠶ᠎ᠡ ᠦᠶ᠎ᠡ ᠶᠢᠨ ᠬᠥᠮᠥᠰ ᠦᠷᠭᠦᠯᠵᠢᠯᠡᠨ ᠲᠡᠮᠡᠴᠡᠭᠰᠡᠭᠡᠷ ᠥᠨᠥᠳᠥᠷ ᠤᠨ ᠳᠤᠮᠳᠠᠳᠤ ᠤᠯᠤᠰ ᠢ ᠪᠦᠲᠦᠭᠡᠪᠡ᠃
ᠥᠨᠥᠳᠥᠷ ᠤᠨ ᠳᠤᠮᠳᠠᠳᠤ ᠤᠯᠤᠰ ᠪᠣᠯ ᠬᠦᠰᠡᠯ ᠵᠡᠭᠦᠳᠦ ᠪᠠᠨ ᠵᠠᠯᠭᠠᠭ᠎ᠠ ᠪᠠᠷ ᠪᠡᠶᠡᠯᠡᠭᠦᠯᠦᠭᠰᠡᠨ ᠳᠤᠮᠳᠠᠳᠤ ᠤᠯᠤᠰ ᠪᠣᠯᠣᠨ᠎ᠠ᠃ ᠪᠡᠭᠡᠵᠢᠩ ᠤᠨ ᠡᠪᠦᠯ ᠤᠨ ᠤᠯᠠᠷᠢᠯ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ᠂ ᠡᠪᠦᠯ ᠤᠨ ᠤᠯᠠᠷᠢᠯ ᠤᠨ ᠵᠡᠮᠳᠡᠭᠴᠦᠳ ᠤᠨ ᠣᠯᠢᠮᠫᠢᠺ ᠤᠨ ᠪᠡᠶ᠎ᠡ ᠶᠢᠨ ᠲᠠᠮᠢᠷ ᠤᠨ ᠴᠤᠭᠯᠠᠭᠠᠨ ᠢ ᠠᠮᠵᠢᠯᠲᠠ ᠲᠠᠢ ᠡᠷᠭᠢᠯᠡᠵᠦ ᠂ ᠮᠥᠰᠥ ᠴᠠᠰᠤᠨ ᠤ ᠲᠠᠮᠢᠷᠴᠢᠳ ᠤᠷᠤᠯᠳᠤᠭᠠᠨ ᠤ ᠲᠠᠯᠠᠪᠠᠢ ᠳᠤ ᠮᠡᠷᠡᠶᠢᠨ ᠴᠢᠷᠮᠠᠶᠢᠵᠤ᠂ ᠬᠥᠮᠥᠰ ᠢ ᠣᠮᠣᠬᠰᠢᠭᠤᠯᠤᠮᠠ ᠬᠢᠷᠢ ᠪᠦᠲᠦᠮᠵᠢ ᠣᠯᠵᠠᠢ᠃ ᠬᠤᠪᠢᠯᠭᠠᠨ ᠣᠩᠭᠤᠴᠠ ᠠᠷᠪᠠᠨ ᠭᠤᠷᠪᠠᠳᠤᠭᠠᠷ᠂ ᠠᠷᠪᠠᠨ ᠳᠥᠷᠪᠡᠳᠦᠭᠡᠷ᠂ ᠠᠷᠪᠠᠨ ᠲᠠᠪᠤᠳᠤᠭᠠᠷ ᠪᠤᠤᠬᠢᠶ᠎ᠠ ᠳᠠᠮᠵᠢᠭᠤᠯᠤᠨ ᠳᠡᠭᠦᠯᠢᠵᠦ᠂ ᠳᠤᠮᠳᠠᠳᠤ ᠤᠯᠤᠰ ᠤᠨ ᠰᠠᠨᠰᠠᠷ ᠤᠨ ᠦᠷᠳᠡᠭᠡ ᠪᠦᠭᠦ ᠲᠠᠯ᠎ᠠ ᠪᠠᠷ ᠪᠠᠶᠢᠭᠤᠯᠤᠭᠳᠠᠵᠤ᠂ ᠮᠠᠨ ᠤ 《ᠰᠠᠨᠰᠠᠷ ᠤᠨ ᠭᠡᠷ》ᠣᠭᠲᠠᠷᠭᠤᠢ ᠳᠤ ᠳᠡᠭᠦᠯᠢᠪᠡ᠃ ᠠᠷᠠᠳ ᠤᠨ ᠴᠡᠷᠢᠭ ᠠᠩᠭᠢ 95 ᠨᠠᠰᠤᠨ ᠤ ᠲᠦᠷᠦᠭᠰᠡᠨ ᠡᠳᠦᠷ ᠢᠶᠠᠨ ᠤᠭᠲᠤᠵᠤ᠂ ᠥᠷᠭᠡᠨ ᠤᠯᠠᠨ ᠳᠠᠷᠤᠭ᠎ᠠ ᠪᠠᠶᠢᠯᠳᠤᠭᠴᠢ ᠴᠡᠷᠢᠭ ᠢ ᠬᠦᠴᠦᠷᠬᠡᠭᠵᠢᠭᠦᠯᠬᠦ ᠠᠭᠤᠤ ᠦᠢᠯᠡᠰ ᠤᠨ ᠠᠶᠠᠨ ᠳᠠᠭᠠᠨ ᠡᠷᠡᠮᠡᠬᠡᠶᠢᠯᠡᠨ ᠤᠷᠤᠭᠰᠢᠯᠠᠪᠠ᠃ ᠭᠤᠷᠪᠠᠳᠠᠭᠢ ᠨᠢᠰᠬᠡᠯ ᠤᠨ ᠰᠠᠭᠤᠷᠢ ᠬᠥᠯᠭᠡ ᠣᠩᠭᠤᠴᠠ《ᠹᠦᠵᠢᠶᠠᠨ ᠨᠡᠷᠡᠮᠵᠢᠲᠦ》ᠤᠰᠤᠨ ᠳᠤ ᠣᠷᠣᠵᠤ᠂ C919 ᠲᠣᠮᠣ ᠨᠢᠰᠬᠡᠯ ᠵᠢᠩᠬᠢᠨᠢ ᠪᠠᠷ ᠠᠰᠢᠭᠯᠠᠯᠲᠠ ᠳᠤ ᠣᠷᠣᠵᠤ᠂ ᠪᠠᠢ ᠾᠧ ᠲᠠᠨ ᠤᠰᠤᠨ ᠴᠠᠭᠢᠯᠭᠠᠨ ᠦᠷᠳᠡᠭᠡ ᠪᠦᠭᠦ ᠲᠠᠯ᠎ᠠ ᠪᠠᠷ ᠠᠰᠢᠭᠯᠠᠯᠲᠠ ᠳᠤ ᠣᠷᠣᠪᠠ ᠁
ᠡᠳᠡᠭᠡᠷ ᠪᠦᠭᠦᠨ ᠳᠤ ᠲᠤᠭ᠎ᠠ ᠲᠣᠮᠰᠢ ᠦᠭᠡᠢ ᠤᠯᠠᠨ ᠬᠥᠮᠥᠨ ᠤ ᠰᠢᠷᠭᠠᠭᠤ ᠭᠦᠳᠡᠯᠮᠦᠷᠢ ᠪᠠ ᠬᠦᠴᠦ ᠬᠥᠯᠥᠰᠦ ᠰᠢᠩᠭᠡᠵᠦ ᠪᠠᠶᠢᠨ᠎ᠠ᠃ ᠣᠴᠢ ᠶᠢ ᠠᠰᠠᠭᠠᠵᠤ᠂ ᠭᠠᠯ ᠪᠠᠮᠪᠠᠷ ᠪᠣᠯᠭᠠᠨ ᠳᠦᠷᠡᠯᠵᠡᠭᠦᠯᠬᠦ ᠪᠣᠯ ᠳᠠᠷᠤᠢ ᠳᠤᠮᠳᠠᠳᠤ ᠤᠯᠤᠰ ᠤᠨ ᠬᠦᠴᠦᠨ ᠮᠥᠨ︕
ᠥᠨᠥᠳᠥᠷ ᠤᠨ ᠳᠤᠮᠳᠠᠳᠤ ᠤᠯᠤᠰ ᠪᠣᠯ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠳᠤᠮᠳᠠᠳᠤ ᠤᠯᠤᠰ ᠪᠣᠯᠣᠨ᠎ᠠ᠃ ᠡᠯ᠎ᠡ ᠴᠢᠯᠦᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ᠂ ᠬᠠᠶᠢᠨᠠᠨ ᠤ ᠴᠢᠯᠦᠭᠡᠲᠦ ᠠᠷᠠᠯᠵᠢᠶᠠᠨ ᠤ ᠭᠠᠷᠠᠮ ᠥᠷᠨᠢᠨ ᠬᠥᠭᠵᠢᠵᠦ᠂ ᠳᠠᠯᠠᠢ ᠳᠠᠭᠠᠤ ᠭᠠᠵᠠᠷ ᠣᠷᠣᠨ ᠢᠳᠡᠪᠬᠢᠲᠡᠢ ᠪᠠᠷ ᠰᠢᠨ᠎ᠡ ᠶᠢ ᠡᠭᠦᠳᠴᠦ᠂ ᠳᠤᠮᠳᠠ ᠪᠠᠷᠠᠭᠤᠨ ᠣᠷᠣᠨ ᠲᠦᠷᠭᠡᠪᠴᠢᠯᠡᠨ ᠬᠥᠭᠵᠢᠵᠦ᠂ ᠵᠡᠭᠦᠨ ᠬᠤᠶᠢᠲᠤ ᠣᠷᠣᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠬᠤᠷᠠᠮᠳᠤᠨ᠂ ᠬᠢᠯᠢ ᠬᠢᠵᠠᠭᠠᠷ ᠣᠷᠣᠨ ᠬᠢᠯᠢ ᠬᠢᠵᠠᠭᠠᠷ ᠢᠶᠠᠨ ᠬᠥᠭᠵᠢᠭᠦᠯᠦᠨ ᠠᠷᠠᠳ ᠢ ᠪᠠᠶᠠᠵᠢᠭᠤᠯᠪᠠ᠃ ᠳᠤᠮᠳᠠᠳᠤ ᠤᠯᠤᠰ ᠤᠨ ᠠᠵᠤ ᠠᠬᠤᠢ ᠶᠢᠨ ᠤᠶᠠᠨ ᠬᠠᠳᠠᠨ ᠴᠢᠨᠠᠷ ᠴᠢᠩᠭ᠎ᠠ᠂ ᠳᠠᠯᠳᠠ ᠬᠦᠴᠦᠨ ᠶᠡᠭᠡ᠂ ᠠᠮᠢᠵᠢᠷᠠᠯ ᠤᠨ ᠬᠦᠴᠦᠨ ᠲᠡᠭᠦᠯᠳᠡᠷ᠂ ᠤᠷᠳᠤ ᠬᠤᠭᠤᠴᠠᠭ᠎ᠠ ᠪᠠᠷ ᠰᠠᠶᠢᠵᠢᠷᠠᠬᠤ ᠦᠨᠳᠦᠰᠦᠨ ᠪᠠᠶᠢᠳᠠᠯ ᠮᠥᠨ ᠬᠤᠪᠢᠷᠠᠬᠤ ᠦᠭᠡᠢ᠃ ᠢᠲᠡᠭᠡᠯ ᠵᠣᠷᠢᠭ ᠢᠶᠠᠨ ᠪᠠᠲᠤᠳᠬᠠᠵᠤ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠳᠠᠭ ᠯᠠ ᠶᠤᠮ ᠪᠣᠯ ᠪᠢᠳᠠ ᠲᠣᠭᠲᠠᠭᠰᠠᠨ ᠬᠠᠷᠠᠯᠲᠠ ᠪᠠᠨ ᠯᠠᠪᠲᠠᠢ ᠪᠡᠶᠡᠯᠡᠭᠦᠯᠵᠦ ᠴᠢᠳᠠᠬᠤ ᠶᠤᠮ᠃ ᠡᠨᠡ ᠵᠢᠯ ᠪᠢ ᠰᠢᠶᠠᠩᠭᠠᠩ ᠳᠤ ᠣᠴᠢᠵᠤ᠂ ᠰᠢᠶᠠᠩᠭᠠᠩ ᠤᠨ ᠵᠠᠰᠠᠯᠲᠠ ᠠᠴᠠ ᠬᠥᠭᠵᠢᠨ ᠮᠠᠨᠳᠤᠯᠳᠠ ᠶᠢ ᠪᠡᠶᠡᠯᠡᠭᠦᠯᠦᠭᠰᠡᠨ ᠢ ᠦᠵᠡᠭᠡᠳ ᠮᠠᠰᠢ ᠪᠠᠶᠠᠷᠯᠠᠪᠠ᠃ 《ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ》 ᠶᠢ ᠡᠷᠡᠰ ᠭᠤᠶᠢᠪᠢᠰᠢ ᠦᠭᠡᠢ ᠰᠠᠶᠢᠲᠤᠷ ᠨᠠᠶᠢᠳᠠᠪᠤᠷᠢᠵᠢᠭᠤᠯᠪᠠᠯ ᠰᠢᠶᠠᠩᠭᠠᠩ᠂ ᠣᠣᠮᠧᠨ ᠯᠠᠪᠲᠠᠢ ᠤᠷᠳᠤ ᠬᠤᠭᠤᠴᠠᠭ᠎ᠠ ᠪᠠᠷ ᠴᠡᠴᠡᠭᠯᠡᠨ ᠬᠥᠭᠵᠢᠵᠦ ᠲᠣᠭᠲᠠᠭᠤᠨ ᠪᠠᠶᠢᠵᠤ ᠴᠢᠳᠠᠨ᠎ᠠ᠃
ᠥᠨᠥᠳᠥᠷ ᠤᠨ ᠳᠤᠮᠳᠠᠳᠤ ᠤᠯᠤᠰ ᠪᠣᠯ ᠦᠨᠳᠦᠰᠦᠲᠡᠨ ᠤ ᠵᠣᠷᠢᠭ ᠰᠠᠨᠠᠭ᠎ᠠ ᠶᠢ ᠵᠠᠯᠭᠠᠮᠵᠢᠯᠠᠭᠰᠠᠨ ᠳᠤᠮᠳᠠᠳᠤ ᠤᠯᠤᠰ ᠮᠥᠨ᠃ ᠡᠨᠡ ᠨᠢᠭᠡ ᠵᠢᠯ ᠳᠤ ᠡᠭᠦᠰᠦᠭᠰᠡᠨ ᠭᠠᠵᠠᠷ ᠬᠥᠳᠡᠯᠦᠯᠲᠡ᠂ ᠦᠶᠡᠷ ᠤᠰᠤᠲᠤᠯ᠂ ᠭᠠᠩ ᠬᠠᠭᠰᠠᠷᠠᠭᠠᠨ᠂ ᠠᠭᠤᠯᠠᠨ ᠲᠦᠢᠮᠡᠷ ᠵᠡᠷᠭᠡ ᠪᠠᠶᠢᠭᠠᠯᠢ ᠶᠢᠨ ᠭᠠᠮᠰᠢᠭ ᠪᠣᠯᠣᠨ ᠵᠠᠷᠢᠮ ᠠᠮᠤᠷ ᠲᠦᠪᠰᠢᠨ ᠤ ᠠᠳᠡᠯ ᠨᠢ ᠬᠥᠮᠥᠰ ᠤᠨ ᠵᠢᠷᠦᠬᠡ ᠶᠢ ᠰᠢᠮᠰᠢᠷᠡᠭᠦᠯᠵᠦ᠂ ᠬᠥᠮᠥᠰ ᠤᠨ ᠰᠡᠳᠬᠢᠯ ᠢ ᠵᠣᠪᠠᠭᠠᠨ᠎ᠠ᠂ ᠭᠡᠪᠡᠴᠦ ᠠᠮᠢ ᠪᠡᠶ᠎ᠡ ᠪᠠᠨ ᠴᠦᠯᠡᠨ ᠵᠢᠷᠤᠮ ᠢ ᠭᠦᠢᠴᠡᠳᠬᠡᠬᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠦᠵᠡᠭᠳᠡᠯ ᠨᠢ ᠬᠥᠮᠥᠰ ᠤᠨ ᠰᠡᠳᠬᠢᠯ ᠢ ᠭᠦᠨ ᠳᠣᠭᠳᠣᠯᠤᠭᠤᠯᠵᠤ᠂ ᠪᠠᠭᠠᠲᠤᠷᠯᠢᠭ ᠦᠢᠯᠡ ᠠᠵᠢᠯᠯᠠᠭ᠎ᠠ ᠨᠢ ᠪᠢᠳᠡᠨ ᠤ ᠰᠡᠳᠬᠢᠯ ᠳᠤ ᠡᠭᠦᠷᠢᠳᠡ ᠬᠠᠳᠠᠩᠰᠢᠪᠠ᠃ ᠬᠠᠭᠤᠴᠢᠨ ᠵᠢᠯ ᠢᠶᠠᠨ ᠦᠳᠡᠵᠦ ᠰᠢᠨ᠎ᠡ ᠵᠢᠯ ᠢᠶᠠᠨ ᠤᠭᠲᠤᠬᠤ ᠪᠦᠷᠢ᠂ ᠳᠤᠮᠳᠠᠳᠤ ᠶᠢᠨ ᠦᠨᠳᠦᠰᠦᠲᠡᠨ ᠤ ᠮᠢᠩᠭᠠᠨ ᠣᠨ ᠤ ᠤᠯᠠᠮᠵᠢᠯᠠᠯ ᠤᠨ ᠠᠤᠭ᠎ᠠ ᠵᠣᠷᠢᠭ ᠢ ᠳᠤᠷᠠᠰᠤᠨ ᠰᠠᠨᠠᠭᠠᠯᠵᠠᠵᠤ᠂ ᠤᠷᠤᠭᠰᠢᠯᠠᠬᠤ ᠢᠲᠡᠭᠡᠯ ᠵᠣᠷᠢᠭ ᠢ ᠳᠠᠭᠢᠨ ᠢᠶᠠᠷ ᠨᠡᠮᠡᠭᠳᠡᠭᠦᠯᠳᠡᠭ᠃
ᠥᠨᠥᠳᠥᠷ ᠤᠨ ᠳᠤᠮᠳᠠᠳᠤ ᠤᠯᠤᠰ ᠪᠣᠯ ᠳᠡᠯᠡᠬᠡᠢ ᠳ᠋ᠠᠬᠢᠨ ᠲᠠᠢ ᠨᠢᠭᠲᠠ ᠬᠤᠯᠪᠤᠭ᠎ᠠ ᠲᠠᠢ ᠳᠤᠮᠳᠠᠳᠤ ᠤᠯᠤᠰ ᠮᠥᠨ᠃ ᠡᠨᠡ ᠨᠢᠭᠡ ᠵᠢᠯ ᠳᠤ᠂ ᠪᠢ ᠪᠡᠭᠡᠵᠢᠩ ᠳᠤ ᠴᠥᠭᠡᠨ ᠪᠤᠰᠤ ᠰᠢᠨ᠎ᠡ ᠬᠠᠭᠤᠴᠢᠨ ᠨᠠᠶᠢᠵᠠ ᠪᠠᠨ ᠤᠭᠲᠤᠭᠰᠠᠨ ᠪᠥᠭᠡᠳ ᠪᠠᠰᠠ ᠭᠠᠳᠠᠭᠠᠳᠤ ᠳᠤ ᠭᠠᠷᠴᠤ ᠳᠤᠮᠳᠠᠳᠤ ᠤᠯᠤᠰ ᠤᠨ ᠵᠣᠷᠢᠯᠲᠠ ᠶᠢ ᠶᠠᠷᠢᠪᠠ᠃ ᠵᠠᠭᠤᠨ ᠵᠢᠯ ᠤᠨ ᠬᠤᠪᠢᠰᠤᠯᠲᠠ ᠲᠦᠷᠭᠡᠰᠴᠦ᠂ ᠳᠡᠯᠡᠬᠡᠢ ᠶᠢᠷᠲᠢᠨᠴᠦ ᠲᠠᠶᠢᠪᠤᠩ ᠪᠤᠰᠤ ᠪᠠᠶᠢᠨ᠎ᠠ᠃ ᠪᠢᠳᠡ ᠢᠮᠠᠭᠲᠠ ᠡᠩᠬᠡ ᠲᠠᠶᠢᠪᠤᠩ ᠪᠠ ᠬᠥᠭᠵᠢᠯᠲᠡ ᠶᠢ ᠨᠠᠨᠳᠢᠩᠨᠠᠵᠤ᠂ ᠢᠮᠠᠭᠲᠠ ᠨᠠᠶᠢᠵᠠ ᠪᠠ ᠬᠠᠨᠢᠲᠠᠨ ᠢᠶᠠᠨ ᠨᠠᠨᠳᠢᠩᠨᠠᠵᠤ᠂ ᠲᠡᠦᠬᠡ ᠶᠢᠨ ᠵᠥᠪ ᠲᠠᠯ᠎ᠠ ᠳᠤ ᠡᠷᠡᠰ ᠵᠣᠭᠰᠣᠵᠤ᠂ ᠬᠥᠮᠥᠨ ᠲᠥᠷᠥᠯᠬᠢᠲᠡᠨ ᠤ ᠪᠣᠯᠪᠠᠰᠤᠨ ᠤ ᠳᠠᠪᠰᠢᠯᠲᠠ ᠶᠢᠨ ᠲᠠᠯ᠎ᠠ ᠳᠤ ᠵᠣᠭᠰᠣᠵᠤ᠂ ᠬᠥᠮᠥᠨ ᠲᠥᠷᠥᠯᠬᠢᠲᠡᠨ ᠤ ᠡᠩᠬᠡ ᠲᠠᠶᠢᠪᠤᠩ ᠪᠠ ᠬᠥᠭᠵᠢᠯᠲᠡ ᠶᠢᠨ ᠦᠢᠯᠡᠰ ᠲᠤ ᠳᠤᠮᠳᠠᠳᠤ ᠤᠯᠤᠰ ᠤᠨ ᠤᠶᠤᠨ ᠤᠬᠠᠭᠠᠨ᠂ ᠳᠤᠮᠳᠠᠳᠤ ᠤᠯᠤᠰ ᠤᠨ ᠲᠥᠰᠥᠯ ᠢᠶᠠᠨ ᠴᠢᠷᠮᠠᠶᠢᠨ ᠡᠷᠭᠦᠪᠡ᠃
ᠨᠠᠮ ᠤᠨ ᠬᠤᠷᠢᠳᠤᠭᠠᠷ ᠶᠡᠭᠡ ᠬᠤᠷᠠᠯ ᠤᠨ ᠳᠠᠷᠠᠭ᠎ᠠ ᠪᠢ ᠬᠠᠮᠲᠤ ᠠᠵᠢᠯᠯᠠᠭᠰᠠᠳ ᠲᠠᠢ ᠪᠠᠨ ᠶᠠᠨ ᠠᠨ ᠳᠤ ᠬᠦᠷᠴᠦ᠂ ᠶᠠᠨ ᠠᠨ ᠤ ᠦᠶ᠎ᠡ ᠳᠤ ᠨᠠᠮ ᠤᠨ ᠲᠥᠪ ᠬᠤᠷᠢᠶᠠᠨ ᠤ ᠳᠡᠯᠡᠬᠡᠢ ᠳ᠋ᠠᠬᠢᠨ ᠳᠤ ᠬᠤᠪᠣᠷ ᠲᠣᠬᠢᠶᠠᠯᠳᠤᠬᠤ ᠬᠦᠴᠢᠷ ᠪᠡᠷᠬᠡᠰᠢᠶᠡᠯ ᠢ ᠢᠯᠠᠨ ᠳᠠᠪᠠᠭᠰᠠᠨ ᠭᠡᠷᠡᠯ ᠰᠠᠴᠤᠷᠠᠩᠭᠤᠢ ᠣᠨ ᠰᠠᠷ᠎ᠠ ᠶᠢ ᠡᠷᠭᠢᠴᠡᠭᠦᠯᠵᠦ᠂ ᠠᠬᠠᠮᠠᠳ ᠨᠢᠭᠡ ᠦᠶ᠎ᠡ ᠶᠢᠨ ᠡᠪ ᠬᠠᠮᠲᠤᠴᠤᠳ ᠤᠨ ᠤᠶᠤᠨ ᠰᠠᠨᠠᠭᠠᠨ ᠤ ᠬᠦᠴᠦᠨ ᠴᠢᠳᠠᠯ ᠢ ᠣᠶᠢᠯᠠᠭᠠᠪᠠ᠃ ᠦᠯᠡᠮᠵᠢ ᠪᠡᠷᠬᠡ ᠲᠣᠬᠢᠶᠠᠯᠳᠤᠪᠠᠰᠤ ᠦᠢᠯᠡᠰ ᠪᠦᠲᠦᠭᠡᠬᠦᠢ ᠳᠤᠷ ᠲᠤᠰᠠ ᠪᠣᠯᠣᠮᠤᠢ ᠭᠡᠵᠦ ᠪᠢ ᠦᠷᠭᠦᠯᠵᠢ ᠶᠠᠷᠢᠳᠠᠭ᠃ ᠳᠤᠮᠳᠠᠳᠤ ᠤᠯᠤᠰ ᠤᠨ ᠡᠪ ᠬᠠᠮᠲᠤ ᠨᠠᠮ ᠵᠠᠭᠤᠨ ᠵᠢᠯ ᠤᠨ ᠰᠠᠯᠬᠢ ᠪᠣᠷᠣᠭᠠᠨ ᠢ ᠰᠥᠷᠴᠦ᠂ ᠬᠠᠷᠰᠢ ᠰᠠᠭᠠᠳ ᠢ ᠢᠯᠠᠨ ᠳᠠᠪᠠᠵᠤ᠂ ᠬᠡᠴᠢᠨᠡᠨ ᠪᠡᠷᠬᠡ ᠬᠠᠲᠠᠭᠤᠵᠢᠯᠲᠠᠢ ᠬᠡᠴᠢᠨᠡᠨ ᠠᠭᠤᠤ ᠶᠡᠭᠡ ᠪᠠᠶᠢᠯ᠎ᠠ᠃ ᠪᠢᠳᠡ ᠴᠤᠴᠠᠯᠲᠠ ᠦᠭᠡᠢ ᠤᠷᠤᠭᠰᠢᠯᠠᠵᠤ᠂ ᠡᠷᠡᠮᠡᠬᠡᠶᠢᠯᠡᠨ ᠲᠡᠮᠡᠴᠡᠵᠦ᠂ ᠮᠠᠷᠭᠠᠰᠢ ᠶᠢᠨ ᠳᠤᠮᠳᠠᠳᠤ ᠤᠯᠤᠰ ᠢᠶᠠᠨ ᠨᠡᠩ ᠰᠠᠶᠢᠨ ᠰᠠᠶᠢᠬᠠᠨ ᠪᠣᠯᠭᠠᠶ᠎ᠠ᠃
ᠮᠠᠷᠭᠠᠰᠢ ᠶᠢᠨ ᠳᠤᠮᠳᠠᠳᠤ ᠤᠯᠤᠰ ᠲᠡᠮᠡᠴᠡᠯ ᠢᠶᠠᠷ ᠭᠠᠶᠢᠬᠠᠮᠰᠢᠭ ᠢ ᠡᠭᠦᠳᠦᠨ᠎ᠡ᠃ ᠰᠦ᠋ ᠱᠢ᠄ 《ᠬᠦᠴᠢᠷ ᠪᠡᠷᠬᠡ ᠶᠢ ᠰᠢᠪᠲᠤᠯᠵᠤ᠂ ᠠᠯᠤᠰ ᠭᠡᠳᠦ ᠶᠢᠨ ᠬᠠᠷᠠᠯᠲᠠ ᠶᠢ ᠬᠥᠭᠡᠭᠡᠴᠡᠯᠳᠦᠶᠡ》 ᠭᠡᠵᠦ ᠬᠡᠯᠡᠭᠰᠡᠨ ᠪᠠᠶᠢᠳᠠᠭ᠂ ᠡᠨᠡ ᠨᠢ 《ᠬᠠᠮᠤᠭ ᠤᠨ ᠬᠦᠴᠢᠷ ᠪᠡᠷᠬᠡᠰᠢᠶᠡᠯ ᠲᠠᠢ ᠭᠠᠵᠠᠷ ᠠᠴᠠ ᠪᠣᠭᠤᠮᠲᠠ ᠰᠢᠪᠲᠤᠯᠵᠤ᠂ ᠬᠠᠮᠤᠭ ᠤᠨ ᠠᠯᠤᠰ ᠭᠡᠳᠤ ᠶᠢᠨ ᠬᠠᠷᠠᠯᠲᠠ ᠶᠢ ᠬᠥᠭᠡᠭᠡᠴᠡᠯᠳᠦᠬᠦ》 ᠭᠡᠰᠡᠨ ᠤᠳᠬ᠎ᠠ ᠲᠠᠢ ᠶᠤᠮ᠃ ᠵᠠᠮ ᠬᠡᠳᠦᠢ ᠬᠤᠯᠠ ᠪᠤᠯᠪᠠᠴᠤ᠂ ᠶᠠᠪᠤᠪᠠᠯ ᠯᠠᠪᠲᠠᠢ ᠭᠦᠷᠦᠨ᠎ᠡ᠃ ᠬᠡᠷᠡᠭ ᠶᠠᠪᠤᠳᠠᠯ ᠬᠡᠳᠦᠢ ᠬᠦᠴᠢᠷ ᠪᠤᠯᠪᠠᠴᠤ᠂ ᠬᠢᠪᠡᠯ ᠯᠠᠪᠲᠠᠢ ᠪᠦᠲᠦᠨ᠎ᠡ᠃ ᠲᠡᠨᠡᠭ ᠡᠪᠦᠭᠡᠨ ᠠᠭᠤᠯᠠ ᠶᠢ ᠨᠡᠭᠦᠯᠭᠡᠭᠰᠡᠨ ᠡᠷᠴᠢ ᠵᠣᠷᠢᠭ᠂ ᠲᠤᠰᠤᠯ ᠤᠰᠤ ᠴᠢᠯᠠᠭᠤ ᠶᠢ ᠴᠤᠭᠤᠯᠬᠤ ᠬᠠᠳᠠᠨ ᠵᠣᠷᠢᠭ ᠲᠠᠢ᠂ ᠯᠠᠪᠳᠠᠭᠤᠨ ᠪᠠᠲᠤᠲᠠᠢ ᠠᠵᠢᠯᠯᠠᠵᠤ᠂ ᠰᠢᠷᠭᠠᠭᠤ ᠬᠠᠲᠠᠭᠤᠵᠢᠯᠲᠠᠢ ᠠᠵᠢᠯᠯᠠᠵᠤ᠂ ᠨᠢᠭᠡ ᠨᠢᠭᠡ ᠠᠯᠬᠤᠮ ᠢᠶᠠᠷ ᠠᠯᠤᠰ ᠭᠡᠳᠤ ᠶᠢᠨ ᠵᠣᠷᠢᠯᠲᠠ ᠵᠦᠭ ᠲᠡᠮᠡᠦᠯᠳᠡᠭ ᠯᠠ ᠶᠤᠮ ᠪᠣᠯ ᠠᠤᠭ᠎ᠠ ᠬᠠᠷᠠᠯᠲᠠ ᠶᠢ ᠯᠠᠪᠲᠠᠢ ᠰᠠᠶᠢᠨ ᠰᠠᠶᠢᠬᠠᠨ ᠪᠣᠳᠠᠲᠤ ᠠᠬᠤᠢ ᠪᠤᠯᠭᠠᠵᠤ ᠴᠢᠳᠠᠨ᠎ᠠ᠃
ᠮᠠᠷᠭᠠᠰᠢ ᠶᠢᠨ ᠳᠤᠮᠳᠠᠳᠤ ᠤᠯᠤᠰ ᠤᠨ ᠬᠦᠴᠦᠨ ᠴᠢᠳᠠᠯ ᠨᠢ ᠪᠦᠯᠬᠦᠮᠳᠡᠯ ᠠᠴᠠ ᠢᠷᠡᠯᠲᠡ ᠲᠠᠢ ᠶᠤᠮ᠃ ᠳᠤᠮᠳᠠᠳᠤ ᠤᠯᠤᠰ ᠡᠶᠢᠮᠦ ᠶᠡᠭᠡ᠂ ᠠᠳᠠᠯᠢ ᠪᠤᠰᠤ ᠬᠥᠮᠥᠨ ᠠᠳᠠᠯᠢ ᠪᠤᠰᠤ ᠬᠦᠰᠡᠯ ᠱᠠᠭᠠᠷᠳᠠᠯᠭ᠎ᠠ ᠲᠠᠢ᠂ ᠠᠳᠠᠯᠢ ᠨᠢᠭᠡ ᠤᠴᠢᠷ ᠲᠤ ᠪᠠᠰᠠ ᠠᠳᠠᠯᠢ ᠪᠤᠰᠤ ᠦᠵᠡᠯᠲᠡ ᠲᠠᠢ᠂ ᠡᠨᠡ ᠨᠢ ᠮᠠᠰᠢ ᠬᠡᠪ ᠤᠨ ᠤᠴᠢᠷ᠂ ᠣᠯᠣᠯᠴᠠᠵᠤ ᠵᠥᠪᠳᠡᠯᠴᠡᠬᠦ ᠪᠠᠷ ᠳᠠᠮᠵᠢᠨ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠬᠤ ᠬᠡᠷᠡᠭᠲᠡᠢ᠃ 14 ᠳ᠋ᠦᠩᠰᠢᠭᠤᠷ ᠭᠠᠷᠤᠢ ᠳᠤᠮᠳᠠᠳᠤᠴᠤᠳ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠠᠲᠠᠭᠤ ᠪᠡᠷᠬᠡᠰᠢᠶᠡᠯ ᠢ ᠬᠠᠮᠲᠤ ᠪᠠᠷ ᠲᠤᠭᠤᠯᠵᠤ᠂ ᠲᠦᠮᠡᠨ ᠤᠯᠠᠨ ᠢᠶᠠᠷ ᠢᠶᠠᠨ ᠲᠡᠮᠦᠷ ᠬᠡᠷᠡᠮ ᠮᠡᠲᠦ ᠪᠠᠲᠤ ᠪᠠᠬᠢ ᠪᠠᠶᠢᠪᠠᠯ᠂ ᠪᠦᠲᠦᠭᠡᠵᠦ ᠳᠡᠶᠢᠯᠭᠦ ᠦᠭᠡᠢ ᠶᠠᠪᠤᠳᠠᠯ ᠭᠡᠵᠦ ᠦᠭᠡᠢ᠂ ᠳᠠᠪᠠᠵᠤ ᠳᠡᠶᠢᠯᠭᠦ ᠦᠭᠡᠢ ᠳᠠᠪᠠᠭ᠎ᠠ ᠭᠡᠵᠦ ᠦᠭᠡᠢ ᠶᠤᠮ᠃ ᠲᠠᠶᠢᠸᠠᠨ ᠬᠤᠭᠤᠯᠠᠢ ᠶᠢᠨ ᠬᠤᠶᠠᠷ ᠭᠦᠪᠡᠭᠡ ᠨᠢᠭᠡ ᠭᠡᠷ ᠪᠦᠯᠢ ᠮᠡᠲᠦ ᠳᠣᠲᠣᠨᠣ᠃ ᠲᠠᠶᠢᠸᠠᠨ ᠬᠤᠭᠤᠯᠠᠢ ᠶᠢᠨ ᠬᠤᠶᠠᠷ ᠬᠥᠪᠡᠭᠡᠨ ᠤ ᠠᠬ᠎ᠠ ᠳᠡᠭᠦᠦ ᠨᠠᠷ ᠤᠨ ᠠᠳᠠᠯᠢ ᠴᠢᠭᠯᠡᠯ ᠢᠶᠠᠷ ᠤᠷᠤᠭᠰᠢᠯᠠᠵᠤ᠂ ᠭᠠᠷ ᠬᠤᠯᠪᠣᠨ ᠵᠡᠷᠭᠡ ᠪᠠᠷ ᠤᠷᠤᠭᠰᠢᠯᠠᠵᠤ᠂ ᠳᠤᠮᠳᠠᠳᠤ ᠶᠢᠨ ᠦᠨᠳᠦᠰᠦᠲᠡᠨ ᠤ ᠥᠨᠢ ᠤᠳᠠᠭᠠᠨ ᠠᠵᠠ ᠵᠢᠷᠭᠠᠯ ᠢ ᠬᠠᠮᠲᠤ ᠪᠠᠷ ᠡᠭᠦᠳᠭᠦ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠃
ᠮᠠᠷᠭᠠᠰᠢ ᠶᠢᠨ ᠳᠤᠮᠳᠠᠳᠤ ᠤᠯᠤᠰ ᠤᠨ ᠬᠦᠰᠡᠯ ᠡᠷᠡᠮᠡᠯᠵᠡᠯ ᠵᠠᠯᠠᠭᠤᠴᠤᠳ ᠲᠤ ᠪᠠᠶᠢᠨ᠎ᠠ᠃ ᠵᠠᠯᠠᠭᠤᠴᠤᠳ ᠲᠠᠪᠰᠢᠪᠠᠯ ᠤᠯᠤᠰ ᠮᠠᠨᠳᠤᠵᠤ᠂ ᠳᠤᠮᠳᠠᠳᠤ ᠤᠯᠤᠰ ᠤᠨ ᠬᠥᠭᠵᠢᠯᠲᠡ ᠥᠷᠭᠡᠨ ᠤᠯᠠᠨ ᠵᠠᠯᠠᠭᠤᠴᠤᠳ ᠲᠤ ᠲᠦᠰᠢᠭᠯᠡᠨ᠎ᠡ᠃ ᠵᠠᠯᠠᠭᠤ ᠨᠠᠰᠤ ᠴᠤᠭ ᠵᠢᠪᠬᠤᠭ᠎ᠠ ᠲᠡᠭᠦᠯᠳᠡᠷ᠂ ᠵᠠᠯᠠᠭᠤ ᠨᠠᠰᠤ ᠬᠦᠰᠡᠯ ᠡᠷᠡᠮᠡᠯᠵᠡᠯ ᠢ ᠪᠣᠶᠢᠵᠢᠭᠤᠯᠤᠨ᠎ᠠ᠃ ᠥᠷᠭᠡᠨ ᠤᠯᠠᠨ ᠵᠠᠯᠠᠭᠤᠴᠤᠳ ᠤᠯᠤᠰ ᠢᠶᠠᠨ ᠬᠠᠶᠢᠷᠠᠯᠠᠬᠤ ᠬᠠᠶᠢᠷ᠎ᠠ ᠰᠡᠳᠬᠢᠯᠭᠡ ᠪᠠᠨ ᠵᠤᠵᠠᠭᠠᠳᠬᠠᠵᠤ᠂ ᠤᠷᠤᠭᠰᠢᠯᠠᠨ ᠲᠠᠪᠰᠢᠬᠤ ᠵᠠᠩ ᠴᠢᠨᠠᠷ ᠢ ᠬᠥᠮᠥᠵᠢᠭᠦᠯᠵᠦ᠂ ᠲᠡᠮᠡᠴᠡᠯ ᠤᠨ ᠳᠦᠷᠰᠦ ᠪᠠᠶᠢᠳᠠᠯ ᠢᠶᠠᠷ ᠵᠠᠯᠠᠭᠤ ᠨᠠᠰᠤ ᠪᠠᠨ ᠬᠥᠭᠵᠢᠭᠡᠵᠦ᠂ ᠴᠠᠭ ᠦᠶ᠎ᠡ ᠳᠤ ᠣᠰᠣᠯᠳᠠᠬᠤ ᠦᠭᠡᠢ᠂ ᠵᠠᠯᠠᠭᠤ ᠨᠠᠰᠤᠨ ᠳᠠᠭᠠᠨ ᠣᠰᠣᠯᠳᠠᠬᠤ ᠦᠭᠡᠢ ᠪᠠᠶᠢᠬᠤ ᠬᠡᠷᠡᠭᠲᠡᠢ᠃
ᠡᠨᠡ ᠬᠦ ᠴᠠᠭ ᠮᠥᠴᠡ ᠳᠤ᠂ ᠮᠠᠰᠢ ᠣᠯᠠᠨ ᠬᠥᠮᠥᠨ ᠪᠠᠰᠠ ᠶᠠᠳᠠᠷᠠᠯ ᠵᠦᠳᠡᠷᠡᠯ ᠲᠠᠢ ᠶᠠᠭᠠᠷᠠᠯᠳᠤᠵᠤ ᠪᠠᠶᠢᠨ᠎ᠠ᠂ ᠣᠯᠠᠨ ᠢᠶᠠᠷ ᠢᠶᠠᠨ ᠵᠦᠳᠡᠷᠡᠯ᠎ᠡ︕ ᠰᠢᠨ᠎ᠡ ᠵᠢᠯ ᠤᠨ ᠬᠤᠩᠬᠤ ᠶᠢᠨ ᠲᠠᠭᠤᠨ ᠤᠳᠠᠯ ᠦᠭᠡᠢ ᠳᠤᠤᠭᠠᠷᠬᠤ ᠪᠣᠯᠣᠯ᠎ᠠ᠂ ᠪᠢᠳᠡ ᠢᠷᠡᠭᠡᠳᠦᠢ ᠶᠢᠨ ᠲᠤᠬᠠᠢ ᠰᠠᠶᠢᠨ ᠰᠠᠶᠢᠬᠠᠨ ᠬᠦᠰᠡᠯ ᠡᠷᠡᠮᠡᠯᠵᠡᠯ ᠢ ᠡᠪᠦᠷᠯᠡᠵᠦ᠂ 2023 ᠣᠨ ᠤ ᠠᠩᠬᠠᠨ ᠤ ᠨᠡᠷᠡᠨ ᠤ ᠭᠡᠷᠡᠯ ᠢ ᠬᠠᠮᠲᠤ ᠪᠠᠷ ᠤᠭᠲᠤᠶ᠎ᠠ᠃
ᠡᠬᠡ ᠤᠯᠤᠰ ᠴᠡᠴᠡᠭᠯᠡᠨ ᠬᠥᠭᠵᠢᠵᠦ᠂ ᠲᠥᠷᠥ ᠲᠦᠪᠰᠢᠨ ᠲᠦᠮᠡᠨ ᠠᠮᠤᠭᠤᠯᠠᠩ ᠪᠠᠶᠢᠬᠤ ᠶᠢ ᠵᠥᠩᠨᠡᠶ᠎ᠡ︕ ᠳᠡᠯᠡᠬᠡᠢ ᠶᠢᠨ ᠡᠩᠬᠡ ᠲᠠᠶᠢᠪᠤᠩ ᠰᠠᠶᠢᠨ ᠰᠠᠶᠢᠬᠠᠨ᠂ ᠵᠣᠯ ᠵᠢᠷᠭᠠᠯ ᠲᠠᠢ ᠠᠮᠤᠷ ᠠᠮᠤᠭᠤᠯᠠᠩ ᠪᠠᠶᠢᠬᠤ ᠶᠢ ᠵᠥᠩᠨᠡᠶ᠎ᠡ︕ ᠲᠠ ᠪᠦᠭᠦᠨ ᠤ ᠰᠢᠨ᠎ᠡ ᠣᠨ ᠳᠠᠭᠠᠨ ᠪᠠᠶᠠᠷ ᠭᠦᠷ ᠲᠠᠢ᠂ ᠬᠦᠰᠡᠯ ᠵᠡᠭᠦᠳᠦ ᠲᠠᠨᠢ ᠲᠡᠷᠭᠡᠯᠰᠢᠬᠦ ᠶᠢ ᠵᠥᠩᠨᠡᠶ᠎ᠡ︕
ᠪᠠᠶᠠᠷᠯᠠᠯ᠎ᠠ︕