ᠵᠤᠬᠢᠶᠠᠭᠴᠢ:
ᠴᠠᠭ:2023-01-08
ᠥᠵᠡᠭᠰᠡᠨ : ℃
ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾
ᠰᠦᠨ ᠱᠤᠤ ᠴᠧᠩ ᠮᠢᠩ ᠶᠠᠩ ᠣᠶᠤᠨᠴᠢ ᠡᠨᠧᠷᠭᠢ ᠶᠢᠨ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠵᠠᠩ ᠴᠤᠸᠠᠨ ᠸᠧᠢ ᠲᠠᠢ ᠠᠭᠤᠯᠵᠠᠪᠠ
2022 12 ᠰᠠᠷ᠎ᠠ ᠶᠢᠨ 30 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠭᠦᠭᠡᠬᠤᠲᠠ ᠳᠤ ᠮᠢᠩ ᠶᠠᠩ ᠣᠶᠤᠨᠴᠢ ᠡᠨᠧᠷᠭᠢ ᠶᠢᠨ ᠪᠦᠯᠦᠭᠯᠡᠯ ᠤᠨ ᠨᠠᠮ ᠤᠨ ᠬᠤᠷᠢᠶᠠᠨ ᠤ ᠱᠦᠵᠢ ᠂ ᠬᠡᠷᠡᠭ ᠮᠡᠳᠡᠭᠴᠢᠳ ᠤᠨ ᠳᠠᠷᠤᠭ᠎ᠠ ᠵᠠᠩ ᠴᠤᠸᠠᠨ ᠸᠧᠢ ᠲᠠᠢ ᠠᠭᠤᠯᠵᠠᠪᠠ ᠃
ᠰᠦᠨ ᠱᠤᠤ ᠴᠧᠩ ᠵᠠᠩ ᠴᠤᠸᠠᠨ ᠸᠧᠢ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ ᠃ ᠲᠡᠷᠡ ᠂ ᠥᠪᠥᠷ ᠮᠣᠩᠭᠤᠯ ᠤᠨ ᠨᠡᠭᠡᠭᠡᠨ ᠠᠰᠢᠭᠯᠠᠵᠤ ᠪᠤᠯᠬᠤ ᠰᠠᠯᠬᠢ ᠭᠡᠷᠡᠯ ᠤᠨ ᠡᠬᠢ ᠪᠠᠶᠠᠯᠢᠭ ᠤᠨ ᠨᠥᠭᠡᠴᠡ ᠬᠦᠴᠦᠨ ᠯᠤᠲᠤ ᠶᠡᠭᠡ ᠪᠠᠶᠢᠵᠤ ᠂ ᠰᠢᠨ᠎ᠡ ᠡᠨᠧᠷᠭᠢ ᠶᠢᠨ ᠲᠣᠨᠣᠭᠯᠠᠯ ᠦᠢᠯᠡᠳᠭᠦ ᠦᠢᠯᠡᠰ ᠢ ᠬᠥᠭᠵᠢᠭᠦᠯᠬᠦ ᠳᠤ ᠬᠢᠬᠦ ᠠᠵᠢᠯ ᠶᠡᠭᠡ ᠪᠤᠢ ᠃ ᠮᠢᠩ ᠶᠠᠩ ᠪᠦᠯᠦᠭᠯᠡᠯ ᠤᠨ ᠬᠢᠨ ᠳᠤ ᠲᠣᠨᠣᠭᠯᠠᠯ ᠦᠢᠯᠡᠳᠭᠦ ᠠᠵᠤ ᠦᠢᠯᠡᠰ ᠤᠨ ᠪᠦᠯᠦᠭᠵᠢᠭᠰᠡᠨ ᠬᠥᠭᠵᠢᠯᠲᠡ ᠪᠠᠨ ᠶᠡᠭᠡ ᠡᠷᠴᠢᠮ ᠢᠶᠠᠷ ᠠᠬᠢᠭᠤᠯᠵᠤ ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ ᠂ ᠰᠠᠯᠬᠢ ᠭᠡᠷᠡᠯ ᠢᠶᠠᠷ ᠤᠰᠤᠲᠥ᠋ᠷᠥᠭᠴᠢ ᠬᠠᠳᠠᠭᠠᠯᠠᠬᠤ ᠵᠡᠷᠭᠡ ᠪᠠᠶᠢᠳᠠᠯ ᠤᠨ ᠬᠡᠷᠡᠭᠯᠡᠭᠡ ᠶᠢ ᠰᠠᠶᠢᠲᠤᠷ ᠠᠳᠬᠤᠵᠤ ᠂ ᠰᠢᠨ᠎ᠡ ᠡᠨᠧᠷᠭᠢ ᠶᠢ ᠰᠢᠩᠭᠡᠬᠡᠨ ᠠᠪᠬᠤ ᠴᠢᠳᠠᠪᠤᠷᠢ ᠪᠠᠨ ᠳᠡᠭᠡᠭᠰᠢᠯᠡᠭᠦᠯᠭᠦ ᠶᠢ ᠬᠦᠰᠡᠵᠦ ᠪᠠᠶᠢᠨ᠎ᠠ ᠃ ᠥᠪᠡᠷᠲᠡᠭᠡᠨ ᠵᠠᠰᠠᠬᠤ ᠣᠷᠣᠨ ᠠᠴᠠ ᠪᠦᠭᠦ ᠬᠦᠴᠦᠨ ᠢᠶᠠᠷ ᠳᠡᠮᠵᠢᠵᠦ ᠂ ᠠᠵᠤ ᠠᠬᠤᠶᠢᠯᠠᠯ ᠤᠨ ᠬᠥᠭᠵᠢᠯᠲᠡ ᠳᠤ ᠴᠢᠨᠠᠷ ᠰᠠᠶᠢᠲᠠᠢ ᠦᠢᠯᠡᠴᠢᠯᠡᠭᠡ ᠬᠠᠩᠭᠠᠬᠤ ᠪᠣᠯᠣᠨ᠎ᠠ ᠃ ᠰᠢᠨ᠎ᠡ ᠡᠨᠧᠷᠭᠢ ᠶᠢ ᠨᠡᠭᠡᠭᠡᠨ ᠬᠥᠭᠵᠢᠭᠦᠯᠬᠦ ᠲᠠᠯ᠎ᠠ ᠪᠠᠷ ᠂ ᠪᠢᠳᠡ ᠲᠠᠭᠢᠵᠤ《ᠬᠤᠳᠠᠯᠳᠤᠭᠠᠳ ᠯᠡ ᠪᠤᠯᠭᠠᠬᠤ》ᠠᠵᠢᠯᠯᠠᠭ᠎ᠠ ᠬᠢᠬᠦ ᠦᠭᠡᠢ ᠂ ᠬᠠᠮᠲᠤᠷᠠᠨ ᠨᠡᠭᠡᠭᠡᠨ ᠬᠥᠭᠵᠢᠭᠦᠯᠵᠦ ᠂ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠦᠷᠲᠡᠭᠦ ᠶᠢ ᠪᠠᠷᠢᠮᠲᠠᠯᠠᠨ᠎ᠠ ᠭᠡᠪᠡ ᠃
ᠵᠠᠩ ᠴᠤᠸᠠᠨ ᠸᠧᠢ ᠂ ᠮᠢᠩ ᠶᠠᠩ ᠪᠦᠯᠦᠭᠯᠡᠯ ᠥᠪᠥᠷ ᠮᠣᠩᠭᠤᠯ ᠳᠤ ᠪᠦᠯᠦᠭᠯᠡᠯ ᠤᠨ ᠤᠮᠠᠷᠠᠲᠤ ᠶᠢᠨ ᠶᠡᠷᠦᠩᠬᠡᠢ ᠭᠠᠵᠠᠷ ᠪᠣᠯᠣᠨ ᠰᠤᠳᠤᠯᠭᠠᠨ ᠤ ᠬᠦᠷᠢᠶᠡᠯᠡᠩ ᠪᠠᠶᠢᠭᠤᠯᠵᠤ ᠂ ᠰᠠᠯᠬᠢᠨ ᠡᠨᠧᠷᠭᠢ ᠪᠣᠯᠣᠨ ᠤᠰᠤᠲᠥ᠋ᠷᠥᠭᠴᠢ ᠡᠨᠧᠷᠭᠢ ᠶᠢᠨ ᠬᠤᠶᠠᠷ ᠮᠢᠩᠭᠠᠨ ᠳ᠋ᠦᠩᠰᠢᠭᠤᠷ ᠳᠡᠰ ᠤᠨ ᠠᠵᠤ ᠦᠢᠯᠡᠰ ᠤᠨ ᠪᠦᠯᠦᠭᠵᠢᠯ ᠢ ᠡᠭᠦᠳᠦᠨ ᠴᠣᠭᠴᠠᠯᠠᠵᠤ ᠂ ᠬᠤᠶᠠᠷ ᠠᠵᠤ ᠦᠢᠯᠡᠰ ᠤᠨ ᠬᠡᠯᠬᠢᠶ᠎ᠡ ᠶᠢᠨ 《ᠬᠡᠯᠬᠢᠶ᠎ᠡ ᠶᠢᠨ ᠡᠵᠡᠨ》ᠪᠣᠯᠵᠤ ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠬᠥᠭᠵᠢᠯᠲᠡ ᠳᠤ ᠨᠡᠩ ᠰᠠᠶᠢᠲᠤᠷ ᠦᠢᠯᠡᠴᠢᠯᠡᠨ᠎ᠡ ᠭᠡᠵᠦ ᠢᠯᠡᠳᠬᠡᠪᠡ ᠃
ᠵᠠᠩ ᠱᠤᠤ ᠴᠦᠨ ᠠᠭᠤᠯᠵᠠᠯᠲᠠ ᠳᠤ ᠣᠷᠣᠯᠴᠠᠵᠠᠢ ᠃