ᠵᠤᠬᠢᠶᠠᠭᠴᠢ:
ᠴᠠᠭ:2023-01-08
ᠥᠵᠡᠭᠰᠡᠨ : ℃
ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾
ᠸᠠᠩ ᠯᠢ ᠰᠢᠶᠠ ᠬᠥᠬᠡᠬᠤᠲᠠ ᠳᠤ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠦᠢᠯᠡᠳᠪᠦᠷᠢᠯᠡᠯ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠨ ᠢ ᠡᠮᠴᠢᠯᠡᠭᠡ ᠪᠠᠷ ᠠᠪᠤᠷᠠᠨ ᠵᠠᠰᠠᠬᠤ ᠪᠠ ᠡᠮ ᠤᠨ ᠵᠦᠢᠯᠡᠰ ᠤᠨ ᠬᠠᠩᠭᠠᠯᠭ᠎ᠠ ᠶᠢᠨ ᠠᠵᠢᠯ ᠢ ᠪᠠᠶᠢᠴᠠᠭᠠᠨ ᠰᠤᠳᠤᠯᠪᠠ
2022 ᠣᠨ ᠤ 12 ᠰᠠᠷ᠎ᠠ ᠶᠢᠨ 31 ᠤ ᠡᠳᠦᠷ᠂ ᠸᠠᠩ ᠯᠢ ᠰᠢᠶᠠ ᠬᠥᠬᠡᠬᠤᠲᠠ ᠳᠤ ᠪᠠᠶᠠᠷ ᠤᠨ ᠡᠳᠦᠷ ᠤᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ᠂ ᠦᠢᠯᠡᠳᠪᠦᠷᠢᠯᠡᠯ ᠤᠨ ᠠᠵᠢᠯ ᠵᠢᠴᠢ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠨ ᠢ ᠡᠮᠴᠢᠯᠡᠭᠡ ᠪᠠᠷ ᠠᠪᠤᠷᠠᠨ ᠵᠠᠰᠠᠬᠤ ᠪᠠ ᠡᠮ ᠤᠨ ᠵᠦᠢᠯᠡᠰ ᠤᠨ ᠬᠠᠩᠭᠠᠯᠭ᠎ᠠ ᠶᠢᠨ ᠠᠵᠢᠯ ᠢ ᠪᠠᠶᠢᠴᠠᠭᠠᠨ ᠰᠤᠳᠤᠯᠪᠠ᠃
ᠸᠠᠩ ᠯᠢ ᠰᠢᠶᠠ ᠪᠦᠯᠬᠦᠮᠳᠡᠯ ᠣᠶᠤᠨᠴᠢ ᠠᠷᠠᠳ ᠲᠤ ᠲᠦᠬᠦᠮ ᠦᠵᠡᠭᠦᠯᠬᠦ ᠵᠢᠱᠢᠶ᠎ᠡ ᠦᠵᠡᠭᠦᠯᠬᠦ ᠵᠠᠬ᠎ᠠ ᠳᠡᠯᠭᠡᠭᠦᠷ ᠲᠤ ᠬᠦᠷᠴᠦ ᠬᠤᠳᠠᠯᠳᠤᠭᠠᠴᠢᠨ ᠡᠷᠦᠬᠡ᠂ ᠡᠵᠡᠩᠨᠡᠭᠴᠢ᠂ ᠪᠠᠷᠠᠭ᠎ᠠ ᠬᠤᠳᠠᠯᠳᠤᠨ ᠠᠪᠤᠬᠴᠢ ᠤᠯᠠᠨ ᠲᠦᠮᠡᠨ ᠲᠠᠢ ᠳᠣᠲᠣᠨᠣ ᠪᠠᠷ ᠶᠠᠷᠢᠯᠴᠠᠵᠤ᠂ ᠢᠳᠡᠰᠢᠨ ᠨᠣᠭᠤᠭ᠎ᠠ᠂ ᠮᠢᠬᠠᠨ ᠤ ᠬᠠᠩᠭᠠᠯᠭ᠎ᠠ ᠨᠥᠭᠡᠴᠡ᠂ ᠪᠣᠷᠣᠯᠠᠭᠤᠯᠭ᠎ᠠ ᠶᠢᠨ ᠦᠨ᠎ᠡ ᠬᠠᠩᠰᠢ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠡᠯ᠎ᠡ ᠭᠠᠵᠠᠷ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠪᠠᠷᠠᠭᠠᠨ ᠤ ᠢᠷᠡᠯᠲᠡ ᠶᠢᠨ ᠵᠠᠮ ᠢ ᠰᠢᠯᠤᠭᠤᠳᠬᠠᠵᠤ᠂ ᠢᠳᠡᠭᠡᠨ ᠤ ᠠᠮᠤᠷ ᠲᠦᠪᠰᠢᠨ ᠢ ᠪᠠᠲᠤᠯᠠᠵᠤ᠂ ᠡᠯ᠎ᠡ ᠲᠥᠷᠥᠯ ᠤᠨ ᠠᠮᠢᠳᠤᠷᠠᠯ ᠤᠨ ᠴᠢᠬᠤᠯᠠ ᠬᠡᠷᠡᠭᠯᠡᠭᠡᠨ ᠤ ᠵᠦᠢᠯ ᠤᠨ ᠬᠠᠩᠭᠠᠯᠭ᠎ᠠ ᠭᠦᠢᠴᠡᠳ᠂ ᠦᠨ᠎ᠡ ᠬᠠᠩᠰᠢ ᠲᠣᠭᠲᠠᠭᠤᠨ᠂ ᠲᠥᠷᠥᠯ ᠵᠦᠢᠯ ᠣᠯᠠᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠬᠡᠪᠡ᠃ ᠴᠢ ᠸᠧᠢ ᠬᠠᠯᠠᠭᠤᠨ ᠲᠣᠭᠤᠭᠠᠨ ᠤ ᠬᠤᠭᠤᠯᠠᠨ ᠭᠡᠷ ᠲᠤ᠂ ᠸᠠᠩ ᠯᠢ ᠰᠢᠶᠠ ᠬᠤᠭᠤᠯᠠᠨ ᠬᠡᠷ ᠤᠨ ᠴᠠᠬᠢᠯᠭᠠᠨ ᠬᠡᠷᠡᠭᠯᠡᠬᠦ ᠬᠡᠢ ᠬᠡᠷᠡᠭᠯᠡᠬᠦ ᠠᠮᠤᠷ ᠲᠦᠪᠰᠢᠨ ᠤ ᠪᠠᠶᠢᠳᠠᠯ ᠢ ᠨᠠᠷᠢᠨ ᠬᠢᠨᠠᠮᠠᠭᠠᠢ ᠪᠠᠶᠢᠴᠠᠭᠠᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠮᠤᠷ ᠲᠦᠪᠰᠢᠨ ᠤ ᠪᠠᠶᠢᠴᠠᠭᠠᠯᠲᠠ ᠶᠢ ᠪᠠᠶᠢᠩᠭᠤ ᠥᠷᠨᠢᠭᠦᠯᠵᠦ᠂ ᠠᠶᠤᠯ ᠲᠦᠭᠰᠢᠭᠦᠷᠢ ᠭᠡᠮ ᠰᠣᠭᠤᠭ ᠢ ᠴᠠᠭ ᠲᠤᠬᠠᠢ ᠳᠤᠨᠢ ᠠᠷᠢᠯᠭᠠᠵᠤ᠂ ᠠᠷᠠᠳ ᠣᠯᠠᠨ ᠳᠤ ᠠᠮᠤᠷ ᠲᠦᠪᠰᠢᠨ ᠲᠣᠭᠲᠠᠭᠤᠨ ᠦᠢᠯᠡᠳᠪᠦᠷᠢᠯᠡᠯ ᠠᠮᠢᠳᠤᠷᠠᠯ ᠤᠨ ᠣᠷᠴᠢᠨ ᠲᠣᠭᠤᠷᠢᠨ ᠢ ᠪᠤᠢ ᠪᠣᠯᠭᠠᠵᠥ ᠦᠭᠭᠦ ᠬᠡᠷᠡᠭᠲᠡᠢ ᠭᠡᠵᠦ ᠱᠠᠭᠠᠷᠳᠠᠪᠠ᠃
ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠡᠮᠨᠡᠯᠭᠡ ᠶᠢᠨ ᠬᠤᠷᠢᠶ᠎ᠠ ᠳᠤ᠂ ᠸᠠᠩ ᠯᠢ ᠰᠢᠶᠠ ᠡᠮᠴᠢᠯᠡᠭᠡᠨ ᠤ ᠡᠳ᠋ ᠪᠣᠳᠠᠰ ᠤᠨ ᠨᠥᠭᠡᠴᠡ ᠪᠣᠯᠤᠨ ᠠᠪᠤᠷᠠᠨ ᠵᠠᠰᠠᠬᠤ ᠴᠢᠳᠠᠪᠤᠷᠢ ᠶᠢᠨ ᠪᠡᠯᠡᠳᠭᠡᠯ ᠤᠨ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠡᠬᠢ ᠪᠠᠶᠠᠯᠢᠭ ᠤᠨ ᠬᠦᠴᠦᠨ ᠢ ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠢ ᠲᠥᠯᠥᠪᠵᠢᠭᠦᠯᠵᠦ᠂ ᠡᠷᠡᠭᠦᠯ ᠮᠡᠨᠳᠦ ᠶᠢ ᠬᠠᠮᠠᠭᠠᠯᠠᠬᠤ᠂ ᠬᠦᠨᠳᠦ ᠡᠪᠡᠳᠴᠢᠨ ᠤ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠬᠡᠷᠡᠭᠲᠡᠢ ᠬᠡᠵᠥ ᠴᠢᠬᠤᠯᠠᠴᠢᠯᠠᠪᠠ᠃ ᠲᠢᠶᠠᠨ ᠼᠢ ᠡᠮ ᠡᠮᠨᠡᠯᠭᠡ᠂ ᠭᠦᠸᠧ ᠳ᠋ᠡ ᠡᠮ ᠤᠨ ᠳᠡᠯᠭᠡᠭᠦᠷ᠂ ᠤᠯᠠᠭᠠᠨᠴᠠᠪ ᠵᠡᠭᠦᠨ ᠵᠠᠮ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ᠂ ᠲᠡᠷᠡ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠨ ᠢ ᠠᠪᠤᠷᠠᠨ ᠵᠠᠰᠠᠬᠤ ᠡᠮ ᠤᠨ ᠵᠦᠢᠯᠡᠰ ᠤᠨ ᠨᠥᠭᠡᠴᠡ ᠵᠢᠴᠢ ᠬᠠᠩᠭᠠᠯᠭ᠎ᠠ ᠬᠡᠷᠡᠭᠴᠡᠭᠡᠨ ᠤ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠢ ᠦᠨᠳᠦᠰᠦᠨ ᠱᠠᠲᠤᠨ ᠤ ᠡᠮ ᠤᠨ ᠵᠦᠢᠯᠡᠰ ᠤᠨ ᠨᠥᠭᠡᠴᠡ ᠶᠢᠨ ᠬᠠᠩᠭᠠᠯᠭ᠎ᠠ ᠶᠢ ᠨᠡᠮᠡᠭᠳᠡᠭᠦᠯᠵᠦ᠂ ᠱᠠᠲᠤ ᠬᠤᠪᠢᠶᠠᠨ ᠣᠨᠣᠰᠢᠯᠠᠨ ᠡᠮᠨᠡᠬᠦ᠂ ᠲᠥᠷᠥᠯ ᠬᠤᠪᠢᠶᠠᠨ ᠠᠪᠤᠷᠠᠨ ᠵᠠᠰᠠᠬᠤ ᠶᠢ ᠢᠳᠡᠪᠬᠢᠲᠡᠶ ᠠᠬᠢᠭᠤᠯᠵᠤ᠂ ᠦᠨᠳᠦᠰᠦᠨ ᠱᠠᠲᠤᠨ ᠳᠤ ᠠᠩᠬ᠎ᠠ ᠣᠨᠣᠰᠢᠯᠠᠬᠤ᠂ ᠡᠮᠬᠢ ᠵᠢᠷᠤᠮ ᠲᠠᠢ ᠪᠠᠷ ᠰᠢᠯᠵᠢᠭᠦᠯᠦᠨ ᠡᠮᠨᠡᠭᠦᠯᠬᠦ ᠶᠢ ᠪᠡᠶᠡᠯᠡᠭᠦᠯᠵᠦ᠂ ᠱᠠᠲᠤ ᠬᠤᠪᠢᠶᠠᠨ ᠣᠨᠣᠰᠢᠯᠠᠨ ᠡᠮᠨᠡᠬᠦ ᠡᠮᠦᠨ᠎ᠡ ᠹᠷᠣᠨᠲ ᠤᠨ ᠰᠠᠭᠤᠷᠢᠨ ᠭᠠᠵᠠᠷ ᠢ ᠲᠠᠰᠤᠷᠠᠯᠲᠠ ᠥᠬᠡᠶ ᠪᠠᠬᠢᠵᠢᠭᠦᠯᠵᠦ᠂ ᠣᠯᠠᠨ ᠲᠦᠮᠡᠨ ᠤ ᠡᠷᠡᠭᠦᠯ ᠮᠡᠨᠳᠦ ᠶᠢ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠪᠠ᠃
ᠬᠤᠸᠠᠩ ᡁᠢ ᠴᠢᠶᠠᠩ᠂ ᠪᠦᠦ ᠰᠢᠶᠠᠨ ᠬᠤᠸᠠ ᠲᠤᠰ ᠲᠤᠰ ᠠᠵᠢᠯᠯᠠᠭ᠎ᠠ ᠳᠤ ᠣᠷᠣᠯᠴᠠᠪᠠ᠃