ᠵᠤᠬᠢᠶᠠᠭᠴᠢ:
ᠴᠠᠭ:2023-01-08
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
2022 ᠣᠨ ᠤ ᠳᠤᠮᠳᠠᠳᠤ ᠤᠯᠤᠰ ᠤᠨ ᠴᠠᠬᠢᠭᠤᠷ ᠤᠨ ᠦᠢᠯᠡᠰ ᠤᠨ ᠶᠡᠭᠡ ᠬᠤᠷᠠᠯ ᠪᠤᠭᠤᠲᠤ ᠬᠤᠳᠠ ᠳᠤ ᠶᠠᠪᠤᠭᠳᠠᠪᠠ ᠳ᠋ᠢᠩ ᠰᠢᠸ ᠹᠧᠩ ᠬᠤᠸᠠᠩ ᡁᠢ ᠴᠢᠶᠠᠩ ᠪᠠᠶᠠᠷ ᠤᠨ ᠦᠭᠡ ᠬᠡᠯᠡᠵᠡᠢ
2022 ᠣᠨ ᠤ 12 ᠰᠠᠷ᠎ᠠ ᠶᠢᠨ 29 ᠤ ᠡᠳᠦᠷ᠂ 《ᠰᠢᠨ᠎ᠡ ᠴᠠᠭ ᠦᠶ᠎ᠡ ᠰᠢᠨ᠎ᠡ ᠬᠦᠳᠡᠯᠭᠡᠬᠦ ᠡᠨᠧᠷᠭᠢ ᠰᠢᠨ᠎ᠡ ᠬᠤᠪᠢᠰᠤᠯᠲᠠ ᠰᠢᠨ᠎ᠡ ᠪᠠᠶᠢᠷᠢᠰᠢᠯ》 ᠢᠶᠠᠷ ᠭᠤᠣᠯ ᠰᠡᠳᠦᠪ ᠪᠣᠯᠭᠠᠭᠰᠠᠨ 2022 ᠣᠨ ᠤ ᠳᠤᠮᠳᠠᠳᠤ ᠤᠯᠤᠰ ᠤᠨ ᠴᠠᠬᠢᠭᠤᠷ ᠤᠨ ᠦᠢᠯᠡᠰ ᠤᠨ ᠶᠡᠭᠡ ᠬᠤᠷᠠᠯ ᠪᠤᠭᠤᠲᠤ ᠬᠤᠳᠠ ᠳᠤ ᠶᠠᠪᠤᠭᠳᠠᠪᠠ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠪᠤᠭᠤᠲᠤ ᠬᠤᠲᠠ ᠶᠢᠨ ᠨᠠᠮ ᠤᠨ ᠬᠤᠷᠢᠶᠠᠨ ᠤ ᠱᠦᠵᠢ ᠳ᠋ᠢᠩ ᠰᠢᠸ ᠹᠧᠩ ᠪᠠᠶᠠᠷ ᠤᠨ ᠦᠭᠡ ᠬᠡᠯᠡᠬᠦ ᠳᠤ ᠪᠠᠨ᠂ ᠣᠳᠣᠬᠠᠨ ᠳᠤ᠂ ᠪᠤᠭᠤᠲᠤ ᠬᠤᠲᠠ ᠶᠠᠭ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠭᠰᠠᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠬᠤᠲᠠ ᠶᠢᠨ ᠬᠥᠭᠵᠢᠯᠲᠡ ᠶᠢᠨ ᠦᠨᠳᠦᠰᠦᠨ ᠪᠠᠶᠢᠯᠳᠤᠬᠤ ᠪᠣᠳᠣᠯᠭ᠎ᠠ ᠪᠣᠯᠭᠠᠵᠤ᠂ 《ᠳᠡᠯᠡᠬᠡᠢ ᠶᠢᠨ ᠬᠤᠪᠣᠷ ᠰᠢᠷᠣᠢ ᠶᠢᠨ ᠬᠤᠲᠠ》 《ᠳᠡᠯᠡᠬᠡᠢ ᠶᠢᠨ ᠪᠣᠬᠢᠷᠳᠤᠯ ᠦᠭᠡᠢ ᠴᠠᠬᠢᠭᠤᠷ ᠤᠨ ᠬᠤᠲᠠ》 ᠭᠡᠬᠦ ᠬᠤᠶᠠᠷ ᠲᠣᠮᠣ ᠲᠤᠭ ᠲᠡᠮᠳᠡᠭ ᠤᠨ ᠠᠵᠤ ᠦᠢᠯᠡᠰ ᠤᠨ ᠰᠦᠷᠦᠭᠵᠢᠯ ᠢ ᠪᠥᠬᠦ ᠬᠦᠴᠦᠨ ᠢᠶᠠᠷ ᠢᠶᠠᠨ ᠴᠣᠭᠴᠠᠯᠠᠵᠤ ᠪᠠᠶᠢᠨ᠎ᠠ᠃ ᠢᠷᠡᠭᠡᠳᠦᠢ ᠳᠤ᠂ ᠪᠢᠳᠠ ᠴᠠᠬᠢᠭᠤᠷ ᠤᠨ ᠠᠵᠤ ᠦᠢᠯᠡᠰ ᠤᠨ ᠬᠥᠭᠵᠢᠯᠲᠡ ᠳᠤ ᠬᠠᠮᠤᠭ ᠤᠨ ᠰᠢᠯᠢᠳᠡᠭ ᠣᠷᠴᠢᠨ ᠲᠣᠭᠤᠷᠢᠨ ᠢ ᠬᠠᠩᠭᠠᠬᠤ ᠪᠣᠯᠣᠨ᠎ᠠ ᠭᠡᠵᠡᠢ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ᠂ ᠥᠪᠥᠷ ᠮᠣᠩᠭᠤᠯ ᠶᠠᠭ ᠤᠷᠢᠳᠤ ᠡᠮᠦᠨ᠎ᠡ ᠪᠠᠶᠢᠭ᠎ᠠ ᠦᠭᠡᠢ ᠡᠷᠴᠢᠮ᠂ ᠤᠷᠢᠳᠤ ᠡᠮᠦᠨ᠎ᠡ ᠪᠠᠶᠢᠭ᠎ᠠ ᠦᠭᠡᠢ ᠬᠤᠷᠳᠤᠴᠠ ᠪᠠᠷ 《ᠤᠯᠤᠰ ᠤᠨ ᠲᠡᠰ ᠤᠨ ᠴᠠᠬᠢᠭᠤᠷ ᠤᠨ ᠠᠵᠤ ᠦᠢᠯᠡᠰ ᠤᠨ ᠰᠠᠭᠤᠷᠢᠨ ᠭᠠᠵᠠᠷ》 ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ ᠪᠠᠶᠢᠨ᠎ᠠ᠂ ᠡᠷᠬᠢᠮ ᠵᠣᠴᠢᠳ ᠤᠨ ᠥᠪᠥᠷ ᠮᠣᠩᠭᠤᠯ ᠤᠨ ᠴᠠᠬᠢᠭᠤᠷ ᠤᠨ ᠠᠵᠤ ᠦᠢᠯᠡᠰ ᠤᠨ ᠬᠥᠭᠵᠢᠯᠲᠡ ᠳᠤ ᠢᠯᠡᠭᠦᠬᠡᠨ ᠠᠷᠭ᠎ᠠ ᠤᠬᠠᠭᠠᠨ ᠭᠠᠷᠭᠠᠬᠤ ᠶᠢ ᠬᠦᠰᠡᠵᠦ ᠪᠠᠶᠢᠨ᠎ᠠ ᠭᠡᠪᠡ᠃
ᠶᠡᠭᠡ ᠬᠤᠷᠠᠯ ᠤᠨ ᠬᠤᠭᠤᠴᠠᠭᠠᠨ ᠳᠤ᠂ ᠨᠠᠷᠠᠲᠤ ᠲᠤᠰᠬᠠᠢ ᠮᠡᠷᠭᠡᠵᠢᠯᠲᠡᠳ ᠠᠵᠤ ᠦᠢᠯᠡᠰ ᠤᠨ ᠬᠥᠭᠵᠢᠯᠲᠡ ᠶᠢᠨ ᠶᠠᠷᠢᠶᠠᠨ ᠤ ᠲᠠᠪᠴᠠᠩ᠂ ᠲᠠᠯᠠᠰᠲᠤ ᠴᠠᠬᠢᠭᠤᠷ ᠬᠡᠷᠡᠯ ᠴᠡᠨᠡᠭ ᠤᠨ ᠠᠵᠤ ᠦᠢᠯᠡᠰ ᠤᠨ ᠬᠡᠯᠬᠢᠶ᠎ᠡ ᠶᠢᠨ ᠵᠠᠬ᠎ᠠ ᠳᠡᠯᠭᠡᠭᠦᠷ ᠤᠨ ᠰᠤᠳᠤᠯᠤᠨ ᠶᠠᠷᠢᠯᠴᠠᠬᠤ ᠬᠤᠷᠠᠯ ᠵᠡᠷᠭᠡ ᠬᠡᠯᠪᠡᠷᠢ ᠪᠠᠷ ᠳᠠᠮᠵᠢᠭᠤᠯᠤᠨ᠂ ᠬᠤᠷᠸ᠎ᠠ ᠪᠠᠶᠢᠳᠠᠯ ᠪᠠ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ ᠶᠢᠨ ᠲᠤᠬᠠᠢ ᠲᠠᠶᠢᠯᠤᠮᠵᠢ ᠬᠢᠵᠦ᠂ ᠵᠠᠬ᠎ᠠ ᠳᠡᠯᠭᠡᠭᠦᠷ ᠤᠨ ᠠᠯᠤᠰ ᠤᠨ ᠲᠥᠰᠥᠪ ᠵᠢᠴᠢ ᠮᠡᠷᠭᠡᠵᠢᠯ ᠤᠨ ᠬᠥᠳᠡᠯᠦᠯ ᠪᠠᠶᠢᠳᠠᠯ ᠢ ᠰᠤᠳᠤᠯᠤᠨ ᠶᠠᠷᠢᠯᠴᠠᠪᠠ᠃