ᠵᠤᠬᠢᠶᠠᠭᠴᠢ:
ᠴᠠᠭ:2023-01-13
ᠥᠵᠡᠭᠰᠡᠨ : ℃
ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠵᠢᠴᠢ ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ ᠰᠦᠨ ᠱᠣᠣ ᠴᠧᠩ ᠬᠤᠷᠠᠯ ᠢ ᠡᠷᠬᠢᠯᠡᠵᠡᠢ
ᠲᠥᠪ ᠤᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ 2023 1 ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠨᠢᠭᠡ ᠡᠳᠦᠷ ᠤᠨ ᠴᠠᠭ ᠢ ᠬᠡᠷᠡᠭᠰᠡᠨ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠵᠢᠴᠢ ᠬᠡᠷᠡᠭ ᠢᠶᠠᠷ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠵᠤ᠂ ᠭᠤᠣᠯ ᠰᠡᠳᠦᠪ ᠲᠠᠢ ᠨᠢᠭᠲᠠ ᠤᠶᠠᠯᠳᠤᠭᠤᠯᠵᠤ᠂ ᠪᠣᠳᠠᠲᠠᠢ ᠲᠠᠢ ᠤᠶᠠᠯᠳᠤᠭᠤᠯᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠥᠪ ᠴᠢᠩᠭ᠎ᠠ ᠨᠠᠷᠢᠨ ᠬᠢᠨᠠᠮᠠᠭᠠᠢ ᠥᠷᠨᠢᠭᠦᠯᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠣᠣ ᠴᠧᠩ ᠬᠤᠷᠠᠯ ᠢ ᠡᠷᠬᠢᠯᠡᠪᠡ᠃
ᠲᠥᠪ ᠤᠨ ᠱᠠᠯᠠᠪᠳᠠᠭᠤᠯᠤᠨ ᠵᠢᠯᠣᠭᠤᠳᠬᠤ ᠶᠢᠰᠦᠳᠦᠭᠡᠷ ᠳᠤᠭᠤᠶᠢᠯᠠᠩ ᠤᠨ ᠳᠠᠷᠤᠭ᠎ᠠ ᠱᠧᠨ ᠶᠤᠸᠠᠨ ᠰᠢᠨ ᠬᠤᠷᠠᠯ ᠳᠤ ᠣᠷᠣᠯᠴᠠᠵᠤ ᠵᠢᠭᠠᠨ ᠵᠢᠯᠣᠭᠤᠳᠤᠭᠰᠠᠨ ᠪᠥᠭᠡᠳ ᠦᠨᠡᠯᠡᠯᠲᠡ ᠬᠢᠵᠦ ᠲᠥᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠤᠯᠤᠰ ᠤᠨ ᠬᠢᠨᠠᠨ ᠪᠠᠶᠢᠴᠠᠭᠠᠬᠤ ᠵᠥᠪᠯᠡᠯ ᠤᠨ ᠶᠢᠰᠦᠳᠦᠭᠡᠷ ᠬᠢᠨᠠᠨ ᠪᠠᠶᠢᠴᠠᠭᠠᠬᠤ ᠭᠡᠷ ᠤᠨ ᠬᠤᠯᠪᠣᠭᠳᠠᠯ ᠪᠦᠬᠦᠢ ᠨᠥᠬᠦᠳ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠨᠡ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠪᠠ᠃ ᠬᠤᠷᠠᠯ ᠠᠴᠠ ᠡᠮᠦᠨ᠎ᠡ᠂ ᠲᠤᠰᠬᠠᠶᠢᠯᠠᠨ ᠲᠥᠰᠥᠯ ᠲᠣᠭᠲᠠᠭᠠᠵᠤ᠂ ᠰᠤᠷᠤᠯᠴᠠᠬᠤ ᠪᠠ ᠰᠤᠳᠤᠯᠤᠨ ᠶᠠᠷᠢᠯᠴᠠᠬᠤ ᠶᠢ ᠭᠦᠨᠵᠡᠭᠡᠢ ᠥᠷᠨᠢᠭᠦᠯᠵᠦ᠂ ᠥᠷᠭᠡᠨ ᠢᠶᠠᠷ ᠰᠠᠨᠠᠯ ᠰᠠᠨᠠᠭᠤᠯᠭ᠎ᠠ ᠬᠤᠷᠢᠶᠠᠵᠤ᠂ ᠰᠡᠳᠬᠢᠯ ᠤᠨ ᠦᠭᠡ ᠪᠠᠨ ᠨᠠᠷᠢᠨ ᠨᠢᠮᠪᠠᠢ ᠨᠠᠶᠢᠷᠠᠭᠤᠯᠤᠨ ᠪᠢᠴᠢᠵᠦ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠳᠤ ᠭᠦᠢᠴᠡᠳ ᠪᠡᠯᠡᠳᠬᠡᠯ ᠬᠢᠵᠡᠢ᠃
ᠬᠤᠷᠠᠯ ᠠᠴᠠ ᠡᠩ ᠲᠡᠷᠢᠭᠦᠨ ᠳᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠥᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠪᠠ ᠲᠣᠰ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠳᠤ ᠰᠠᠨᠠᠯ ᠬᠤᠷᠢᠶᠠᠭᠰᠠᠨ ᠪᠠᠶᠢᠳᠠᠯ ᠢ ᠵᠠᠷᠯᠠᠨ ᠮᠡᠳᠡᠭᠳᠡᠪᠡ᠃ ᠰᠦᠨ ᠱᠣᠣ ᠴᠧᠩ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠢ ᠲᠥᠯᠥᠭᠡᠯᠡᠨ ᠬᠠᠷᠭᠤᠭᠤᠯᠤᠨ ᠪᠠᠶᠢᠴᠠᠭᠠᠯᠲᠠ ᠬᠢᠭᠰᠡᠨ ᠪᠥᠭᠡᠳ ᠲᠦᠷᠦᠭᠦᠯᠡᠨ ᠬᠤᠪᠢ ᠬᠥᠮᠥᠨ ᠤ ᠬᠠᠷᠭᠤᠭᠤᠯᠤᠨ ᠪᠠᠶᠢᠴᠠᠭᠠᠯᠲᠠ ᠬᠢᠪᠡ᠃ ᠪᠠᠶᠢᠩᠭᠤ ᠶᠢᠨ ᠬᠤᠷᠢᠶᠠᠨ ᠤ ᠪᠤᠰᠤᠳ ᠨᠥᠬᠦᠳ ᠨᠢᠭᠡᠳ ᠨᠢᠭᠡ ᠪᠠᠷ ᠬᠤᠪᠢ ᠬᠥᠮᠥᠨ ᠤ ᠬᠠᠷᠭᠤᠭᠤᠯᠤᠨ ᠪᠠᠶᠢᠴᠠᠭᠠᠯᠲᠠ ᠬᠢᠪᠡ᠃ ᠪᠠᠶᠢᠩᠭᠤ ᠶᠢᠨ ᠭᠡᠰᠢᠭᠦᠨ ᠨᠢᠭᠡ ᠪᠦᠷᠢ ᠦᠭᠡ ᠬᠡᠯᠡᠭᠰᠡᠨ ᠤ ᠳᠠᠷᠠᠭ᠎ᠠ᠂ ᠪᠤᠰᠤᠳ ᠨᠥᠬᠦᠳ ᠳᠡᠰ ᠳᠠᠷᠠᠭᠠᠯᠠᠨ ᠰᠢᠭᠦᠮᠵᠢᠯᠡᠬᠦ ᠰᠠᠨᠠᠯ ᠳᠤᠷᠠᠳᠪᠠ᠃
ᠰᠦᠨ ᠱᠣᠣ ᠴᠧᠩ ᠳ᠋ᠦᠩᠨᠡᠯᠲᠡ ᠶᠢᠨ ᠶᠠᠷᠢᠶᠠᠨ ᠳᠠᠭᠠᠨ᠂ ᠡᠨᠡ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠮᠠᠰᠢ ᠰᠠᠶᠢᠨ ᠬᠤᠷᠠᠯᠳᠤᠭᠤᠯᠵᠤ᠂ ᠲᠠᠨᠢᠯᠲᠠ ᠪᠠᠨ ᠭᠦᠨᠵᠡᠭᠡᠶᠢᠷᠡᠭᠦᠯᠬᠦ᠂ ᠬᠦᠴᠦᠨ ᠴᠢᠳᠠᠯ ᠢᠶᠠᠨ ᠨᠢᠭᠲᠠᠷᠠᠭᠤᠯᠬᠤ᠂ ᠡᠭᠦᠷᠭᠡᠯᠡᠯ ᠢᠶᠠᠨ ᠴᠢᠩᠭᠠᠳᠬᠠᠬᠤ ᠬᠠᠷᠠᠯᠲᠠ ᠳᠤ ᠬᠦᠷᠴᠡᠢ᠃ ᠪᠢᠳᠡ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠦᠷ᠎ᠡ ᠪᠦᠲᠦᠭᠡᠯ ᠢ ᠦᠨᠡᠨ ᠬᠦ ᠰᠠᠶᠢᠲᠤᠷ ᠬᠡᠷᠡᠭᠯᠡᠵᠦ᠂ ᠨᠡᠩ ᠥᠨᠳᠥᠷ ᠪᠠᠷᠢᠮᠵᠢᠶ᠎ᠠ ᠪᠠᠷ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠤᠬᠠᠮᠰᠠᠷ ᠠᠴᠠ ᠪᠠᠨ 《ᠬᠤᠶᠠᠷ ᠢ ᠲᠣᠭᠲᠠᠭᠠᠭᠰᠠᠨ》 ᠢ ᠡᠷᠡᠰ ᠬᠦᠷᠢᠶᠡᠯᠡᠬᠦ᠂ 《ᠬᠤᠶᠠᠷ ᠢ ᠬᠠᠮᠠᠭᠠᠯᠠᠬᠤ》 ᠶᠢ ᠡᠷᠡᠰ ᠪᠡᠶᠡᠯᠡᠭᠦᠯᠬᠦ ᠲᠠᠯ᠎ᠠ ᠪᠠᠷ ᠦᠯᠢᠭᠡᠷ ᠳᠠᠭᠤᠷᠢᠶᠠᠯ ᠪᠣᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠲᠠᠷᠠᠭᠤᠯᠵᠤ ᠰᠦᠭ ᠰᠦᠨᠡᠰᠦ ᠶᠢ ᠱᠤᠭᠤᠬᠤ ᠲᠠᠯ᠎ᠠ ᠪᠠᠷ ᠦᠯᠢᠭᠡᠷ ᠳᠠᠭᠤᠷᠢᠶᠠᠯ ᠪᠣᠯᠵᠤ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠲᠠᠯ᠎ᠠ ᠪᠠᠷ ᠦᠯᠢᠭᠡᠷ ᠳᠠᠭᠤᠷᠢᠶᠠᠯ ᠪᠣᠯᠵᠤ᠂ ᠠᠷᠠᠳ ᠲᠦᠮᠡᠨ ᠳᠤ ᠦᠢᠯᠡᠴᠢᠯᠡᠬᠦ᠂ ᠣᠯᠠᠨ ᠲᠦᠮᠡᠨ ᠲᠠᠢ ᠨᠢᠭᠲᠠ ᠬᠠᠷᠢᠯᠴᠠᠬᠤ ᠲᠠᠯ᠎ᠠ ᠪᠠᠷ ᠦᠯᠢᠭᠡᠷ ᠳᠠᠭᠤᠷᠢᠶᠠᠯ ᠪᠣᠯᠵᠤ᠂ ᠡᠯ᠎ᠡ ᠵᠦᠢᠯ ᠤᠨ ᠲᠥᠪ ᠪᠤᠰᠤ ᠰᠤᠷᠲᠠᠯ ᠪᠣᠯᠣᠨ ᠢᠯᠵᠠᠷᠠᠮᠠᠯ ᠦᠵᠡᠭᠳᠡᠯ ᠲᠠᠢ ᠡᠷᠡᠰ ᠲᠡᠮᠡᠴᠡᠬᠦ ᠲᠠᠯ᠎ᠠ ᠪᠠᠷ ᠦᠯᠢᠭᠡᠷ ᠳᠠᠭᠤᠷᠢᠶᠠᠯ ᠪᠣᠯᠬᠤ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠠᠵᠢᠯ ᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ 《ᠣᠳᠣᠬᠠᠨ ᠤ ᠴᠡᠭᠴᠡᠯᠡᠨ ᠰᠠᠶᠢᠵᠢᠷᠠᠭᠤᠯᠤᠯᠲᠠ》ᠪᠠ《ᠤᠷᠲᠤ ᠬᠤᠭᠤᠴᠠᠭ᠎ᠠ ᠠᠳᠬᠤᠬᠤ》 ᠶᠢ ᠤᠶᠠᠯᠳᠤᠭᠤᠯᠵᠤ᠂ ᠶᠠᠪᠤᠳᠠᠯ ᠪᠥᠬᠦᠨ ᠢ ᠨᠠᠶᠢᠳᠠᠪᠤᠷᠢᠵᠢᠭᠤᠯᠵᠤ᠂ ᠬᠡᠷᠡᠭ ᠪᠥᠬᠦᠨ ᠢ ᠪᠣᠳᠠᠲᠠᠶᠢᠵᠢᠭᠤᠯᠤᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ ᠭᠡᠵᠦ ᠬᠡᠯᠡᠪᠡ᠃