ᠵᠤᠬᠢᠶᠠᠭᠴᠢ:
ᠴᠠᠭ:2023-01-13
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠮᠠᠨ ᠤ ᠣᠷᠣᠨ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠨ ᠡᠪᠡᠳᠴᠢᠲᠡᠨ ᠢ ᠡᠮᠨᠡᠨ ᠵᠠᠰᠠᠬᠤ ᠵᠠᠷᠤᠳᠠᠯ ᠤᠨ ᠡᠮᠴᠢᠯᠡᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠰᠢᠯᠢᠳᠡᠭᠵᠢᠭᠦᠯᠪᠡ
ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠳᠠᠭᠠᠳᠬᠠᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ 2023 1 ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡ ᠶᠢᠨ ᠳᠠᠭᠠᠳᠬᠠᠯ ᠤᠨ ᠲᠣᠪᠴᠢᠶ᠎ᠠ ᠵᠡᠷᠭᠡ ᠨᠢᠭᠡᠴᠢ ᠬᠠᠮᠲᠤᠷᠠᠨ 《︿ᠬᠥᠬᠡᠭᠴᠢᠨ ᠲᠥᠷᠥᠯ ᠤᠨ ᠬᠠᠯᠳᠠᠪᠤᠷᠢᠲᠤ ᠡᠪᠡᠳᠴᠢᠨ ᠳᠤ ᠬᠥᠬᠡᠭᠴᠢᠨ ᠳᠡᠰ ᠤᠨ ᠬᠠᠮᠢᠶᠠᠷᠤᠯᠲᠠ﹀ ᠶᠢ ᠬᠡᠷᠡᠭᠵᠢᠭᠦᠯᠦᠭᠰᠡᠨ ᠠᠴᠠ ᠬᠤᠶᠢᠰᠢᠬᠢ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠨ ᠡᠪᠡᠳᠴᠢᠲᠡᠨ ᠢ ᠡᠮᠨᠡᠨ ᠵᠠᠰᠠᠬᠤ ᠵᠠᠷᠤᠳᠠᠯ ᠤᠨ ᠡᠮᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠲᠤᠬᠠᠢ ᠮᠡᠳᠡᠭᠳᠡᠯ》 ᠢ ᠳᠠᠷᠤᠮᠠᠯᠯᠠᠨ ᠲᠠᠷᠬᠠᠭᠠᠵᠤ᠂ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠨ ᠡᠪᠡᠳᠴᠢᠲᠡᠨ ᠡᠮᠨᠡᠯᠭᠡ ᠳᠤ ᠰᠠᠭᠤᠵᠤ ᠡᠮᠨᠡᠭᠦᠯᠬᠦ᠂ ᠡᠭᠦᠳᠡᠨ ᠡᠮᠨᠡᠯᠭᠡ ᠪᠠ ᠲᠦᠷᠭᠡᠨ ᠠᠪᠤᠷᠠᠯᠳᠠ ᠶᠢᠨ ᠡᠮᠨᠡᠯᠭᠡ ᠳᠤ ᠡᠮᠨᠡᠨ ᠵᠠᠰᠠᠬᠤ ᠵᠠᠷᠤᠳᠠᠯ ᠤᠨ ᠪᠠᠲᠤᠯᠠᠭ᠎ᠠ ᠵᠡᠷᠭᠡ ᠳᠤ ᠲᠣᠭᠲᠠᠭᠠᠯ ᠭᠠᠷᠭᠠᠪᠠ᠃ 《ᠮᠡᠳᠡᠭᠳᠡᠯ》 ᠢ 1 ᠳ᠋ᠦ᠋ᠭᠡᠷ ᠰᠠᠷ᠎ᠠ ᠶᠢᠨ 8 ᠤ ᠡᠳᠦᠷ ᠠᠴᠠ ᠡᠬᠢᠯᠡᠨ ᠬᠡᠷᠡᠭᠵᠢᠭᠦᠯᠵᠤ ᠂ ᠡᠬᠢᠨ ᠤ ᠡᠭᠡᠯᠵᠢ ᠳᠤ 3 ᠳ᠋ᠤᠭᠠᠷ ᠰᠠᠷ᠎ᠠ ᠶᠢᠨ 31 ᠤ ᠡᠳᠦᠷ ᠪᠣᠯᠲᠠᠯ᠎ᠠ ᠬᠡᠷᠡᠭᠵᠢᠭᠦᠯᠦᠨ᠎ᠡ᠃
《ᠮᠡᠳᠡᠭᠳᠡᠯ》 ᠳᠤ ᠡᠮᠦᠨᠡᠬᠢ ᠬᠤᠭᠤᠴᠠᠭᠠᠨ ᠤ ᠡᠮᠨᠡᠯᠭᠡ ᠳᠤ ᠰᠠᠭᠤᠨ ᠡᠮᠴᠢᠯᠡᠭᠦᠯᠦᠭᠰᠡᠨ ᠵᠠᠷᠤᠳᠠᠯ ᠤᠨ ᠲᠠᠩᠰᠠ ᠴᠠᠶᠢᠷᠠᠭᠤᠯᠬᠤ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠬᠡᠷᠡᠭᠵᠢᠭᠦᠯᠦᠨ᠎ᠡ ᠭᠡᠵᠦ ᠳᠤᠷᠠᠳᠤᠨ ᠭᠠᠷᠭᠠᠪᠠ ᠃ ᠡᠭᠦᠨ ᠳᠤ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠨ ᠡᠪᠡᠳᠴᠢᠲᠡᠨ ᠤ ᠪᠥᠬᠦ ᠡᠮᠴᠢᠯᠡᠭᠡᠨ ᠤ ᠪᠠᠶᠢᠭᠤᠯᠤᠮᠵᠢ ᠳᠤ ᠡᠭᠦᠰᠦᠭᠰᠡᠨ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠤᠨ ᠲᠣᠭᠲᠠᠭᠠᠭᠰᠠᠨ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠢ ᠣᠨᠣᠰᠢᠯᠠᠨ ᠡᠮᠨᠡᠬᠦ ᠲᠥᠰᠥᠯ ᠳᠤ ᠨᠡᠶᠢᠴᠡᠬᠦ ᠡᠮᠨᠡᠯᠭᠡ ᠳᠤ ᠰᠠᠭᠤᠵᠤ ᠡᠮᠴᠢᠯᠡᠭᠦᠯᠦᠭᠰᠡᠨ ᠡᠮᠴᠢᠯᠡᠭᠡᠨ ᠤ ᠵᠠᠷᠤᠳᠠᠯ ᠢ ᠦᠨᠳᠦᠰᠦᠨ ᠡᠮᠴᠢᠯᠡᠭᠡᠨ ᠤ ᠳᠠᠭᠠᠳᠬᠠᠯ᠂ ᠬᠦᠨᠳᠦ ᠡᠪᠡᠳᠴᠢᠨ ᠤ ᠳᠠᠭᠠᠳᠬᠠᠯ᠂ ᠡᠮᠴᠢᠯᠡᠭᠡᠨ ᠤ ᠲᠡᠩᠬᠡᠷᠡᠭᠦᠯᠦᠨ ᠲᠤᠰᠠᠯᠠᠬᠤ ᠵᠡᠷᠭᠡ ᠠᠴᠠ ᠲᠣᠭᠲᠠᠭᠠᠯ ᠶᠣᠰᠣᠭᠠᠷ ᠲᠥᠯᠥᠭᠰᠡᠨ ᠤ ᠳᠠᠷᠠᠭ᠎ᠠ᠂ ᠬᠤᠪᠢ ᠬᠥᠮᠥᠨ ᠤ ᠡᠭᠦᠷᠭᠡᠯᠡᠬᠦ ᠬᠡᠰᠡᠭ ᠲᠤ ᠡᠳ᠋ ᠤᠨ ᠵᠠᠰᠠᠭ ᠠᠴᠠ ᠨᠥᠬᠦᠪᠦᠷᠢ ᠥᠭᠴᠦ᠂ ᠬᠡᠷᠡᠭᠰᠡᠬᠦ ᠪᠡᠯᠡ ᠮᠥᠩᠭᠦ ᠶᠢ ᠣᠷᠣᠨ ᠨᠤᠲᠤᠭ ᠤᠨ ᠡᠳ᠋ ᠤᠨ ᠵᠠᠰᠠᠭ ᠠᠴᠠ ᠤᠷᠢᠳ ᠢᠶᠠᠷ ᠲᠥᠯᠥᠨ᠎ᠡ ᠃ ᠡᠭᠦᠨ ᠤ ᠬᠠᠮᠲᠤ᠂ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠵᠢᠴᠢ ᠠᠳᠠᠯᠢᠪᠲᠤᠷ ᠡᠪᠡᠳᠴᠢᠨ ᠤ ᠢᠯᠡᠷᠡᠯ ᠲᠠᠢ ᠳᠠᠭᠠᠳᠬᠠᠯ ᠳᠤ ᠣᠷᠣᠯᠴᠠᠭᠰᠠᠨ ᠡᠪᠡᠳᠴᠢᠲᠡᠨ ᠤ ᠦᠨᠳᠦᠰᠦᠨ ᠱᠠᠲᠤᠨ ᠤ ᠡᠮᠴᠢᠯᠡᠭᠡ ᠶᠢᠨ ᠳᠠᠭᠠᠳᠬᠠᠯ ᠤᠨ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠳᠤ ᠡᠭᠦᠰᠦᠭᠰᠡᠨ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠤᠨ ᠡᠮᠴᠢᠯᠡᠭᠡ ᠲᠠᠢ ᠬᠤᠯᠪᠣᠭᠳᠠᠯ ᠪᠦᠬᠦᠢ ᠡᠭᠦᠳᠡᠨ ᠡᠮᠨᠡᠯᠭᠡ ᠪᠠ ᠲᠦᠷᠭᠡᠨ ᠠᠪᠤᠷᠠᠯᠳᠠ ᠶᠢᠨ ᠡᠮᠨᠡᠯᠭᠡ ᠳᠤ ᠡᠮᠨᠡᠭᠦᠯᠦᠭᠰᠡᠨ ᠵᠠᠷᠤᠳᠠᠯ ᠳᠤ ᠡᠬᠢᠯᠡᠨ ᠲᠥᠯᠥᠬᠦ ᠬᠢᠵᠠᠭᠠᠷ ᠪᠠ ᠳᠡᠭᠡᠳᠦ ᠬᠢᠵᠠᠭᠠᠷ ᠲᠣᠭᠲᠠᠭᠠᠬᠤ ᠦᠭᠡᠢ᠂ ᠲᠠᠩᠰᠠ ᠴᠠᠶᠢᠷᠠᠭᠤᠯᠬᠤ ᠬᠠᠷᠢᠴᠠᠯ ᠨᠢ 70% ᠪᠣᠯᠣᠨ᠎ᠠ᠃
ᠡᠭᠦᠨ ᠠᠴᠠ ᠭᠠᠳᠠᠨ᠎ᠠ᠂ 《ᠮᠡᠳᠡᠭᠳᠡᠯ》 ᠳᠤ ᠡᠮ ᠬᠡᠷᠡᠭᠯᠡᠬᠦ ᠬᠡᠪᠴᠢᠶ᠎ᠡ ᠶᠢ ᠥᠷᠭᠡᠳᠬᠡᠵᠦ᠂ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠢ ᠣᠨᠣᠰᠢᠯᠠᠨ ᠡᠮᠨᠡᠬᠦ ᠲᠥᠰᠥᠯ ᠵᠢᠴᠢ《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠠᠮᠢᠶ᠎ᠠ ᠪᠦᠬᠦᠢ ᠡᠮᠨᠡᠨ ᠵᠠᠰᠠᠬᠤ ᠡᠮ ᠤᠨ ᠨᠥᠭᠡᠴᠡ ᠶᠢᠨ ᠯᠠᠪᠯᠠᠯᠲᠠ ᠶᠢᠨ ᠭᠠᠷᠴᠠᠭ》ᠵᠡᠷᠭᠡ ᠳᠤ ᠨᠡᠶᠢᠴᠡᠬᠦ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠭᠠᠷᠴᠠᠭ ᠲᠤ ᠪᠠᠭᠲᠠᠬᠤ ᠦᠭᠡᠢ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠢ ᠡᠮᠨᠡᠨ ᠵᠠᠰᠠᠬᠤ ᠡᠮ ᠢ ᠤᠯᠤᠰ ᠤᠨ ᠡᠮᠴᠢᠯᠡᠭᠡ ᠶᠢᠨ ᠳᠠᠭᠠᠳᠬᠠᠯ ᠤᠨ ᠲᠣᠪᠴᠢᠶ᠎ᠠ ᠳᠤ ᠮᠡᠳᠡᠭᠦᠯᠦᠨ ᠳᠠᠩᠰᠠᠯᠠᠭᠤᠯᠤᠭᠰᠠᠨ ᠤ ᠳᠠᠷᠠᠭ᠎ᠠ ᠲᠦᠷ ᠴᠠᠭ ᠮᠠᠨ ᠤ ᠣᠷᠣᠨ ᠤ ᠡᠮᠴᠢᠯᠡᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠤᠨ᠎ᠠ ᠭᠡᠵᠦ ᠲᠣᠳᠣᠷᠬᠠᠢ ᠲᠣᠭᠲᠠᠭᠠᠵᠠᠢ᠃ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠳᠠᠭᠠᠳᠬᠠᠯ ᠤᠨ ᠲᠣᠪᠴᠢᠶ᠎ᠠ ᠠᠴᠠ ᠰᠢᠨ᠎ᠡ ᠲᠢᠲᠢᠮᠯᠢᠭ ᠸᠢᠷᠦ᠋ᠰ ᠤᠨ ᠬᠠᠯᠳᠠᠪᠤᠷᠢᠯᠠᠯ ᠢ ᠡᠮᠨᠡᠨ ᠵᠠᠰᠠᠬᠤ ᠲᠦᠷ ᠬᠡᠷᠡᠭᠯᠡᠬᠦ ᠡᠮ ᠤᠨ ᠭᠠᠷᠴᠠᠭ ᠢ ᠲᠣᠭᠲᠠᠭᠠᠨ᠎ᠠ ᠃
ᠡᠭᠦᠨ ᠤ ᠬᠠᠮᠲᠤ ᠂ ᠮᠠᠨ ᠤ ᠣᠷᠣᠨ ᠪᠠᠰᠠ ᠢᠨᠲ᠋ᠧᠷ ᠰᠦᠯᠵᠢᠶᠡᠨ ᠤ ᠠᠩᠬᠠᠨ ᠤ ᠣᠨᠣᠰᠢᠯᠠᠯᠲᠠ ᠬᠢᠬᠦ ᠦᠢᠯᠡᠴᠢᠯᠡᠭᠡ ᠶᠢ ᠰᠢᠨ᠎ᠡ ᠪᠠᠷ ᠨᠡᠮᠡᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠠᠴᠠ ᠨᠡᠶᠢᠲᠡᠯᠡᠭᠰᠡᠨ ᠢᠨᠲ᠋ᠧᠷ ᠰᠦᠯᠵᠢᠶᠡᠨ ᠤ ᠠᠩᠬᠠᠨ ᠤ ᠣᠨᠣᠰᠢᠯᠠᠯᠲᠠ ᠥᠷᠨᠢᠭᠦᠯᠬᠦ ᠶᠢ ᠵᠥᠪᠰᠢᠶᠡᠷᠡᠬᠦ ᠤᠯᠤᠰ ᠠᠴᠠ ᠡᠷᠭᠢᠯᠡᠭᠰᠡᠨ ᠡᠮᠴᠢᠯᠡᠭᠡᠨ ᠤ ᠪᠠᠶᠢᠭᠤᠯᠤᠮᠵᠢ ᠳᠤ᠂ ᠰᠢᠨ᠎ᠡ ᠲᠢᠲᠢᠮᠯᠢᠭ ᠸᠢᠷᠦ᠋ᠰ ᠲᠤ ᠬᠠᠯᠳᠠᠪᠤᠷᠢᠯᠠᠭᠳᠠᠭᠰᠠᠨ ᠡᠪᠡᠳᠴᠢᠲᠡᠨ ᠤ ᠢᠨᠲ᠋ᠧᠷ ᠰᠦᠯᠵᠢᠶᠡᠨ ᠤ ᠠᠩᠬᠠᠨ ᠤ ᠣᠨᠣᠰᠢᠯᠠᠨ ᠪᠠᠶᠢᠴᠠᠭᠠᠬᠤ ᠵᠠᠷᠤᠳᠠᠯ ᠵᠢᠴᠢ ᠡᠮ ᠤᠨ ᠵᠦᠢᠯ ᠤᠨ ᠵᠠᠷᠤᠳᠠᠯ ᠳᠤ ᠰᠦᠯᠵᠢᠶᠡᠨ ᠳᠡᠭᠡᠷᠡᠬᠢ ᠪᠠ ᠰᠦᠯᠵᠢᠶᠡᠨ ᠤ ᠭᠠᠳᠠᠨᠠᠬᠢ ᠠᠳᠠᠯᠢ ᠦᠨ᠎ᠡ ᠬᠠᠩᠰᠢ ᠵᠢᠴᠢ ᠲᠣᠭᠠᠴᠠᠭ᠎ᠠ ᠬᠢᠬᠦ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃