ᠵᠤᠬᠢᠶᠠᠭᠴᠢ:
ᠴᠠᠭ:2023-01-13
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠤᠯᠤᠰ ᠤᠨ ᠲᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠤᠨ ᠲᠠᠪᠴᠠᠩ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠳᠤ ᠰᠠᠭᠤᠷᠢᠰᠢᠪᠠ
ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠬᠦᠷᠢᠶᠡᠯᠡᠩ ᠠᠴᠠ ᠣᠶᠢᠯᠠᠭᠠᠭᠰᠠᠨ ᠢᠶᠠᠷ᠂ 2022 ᠣᠨ ᠳᠤ᠂ 《ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠠᠷ᠎ᠠ ᠬᠥᠷᠥᠰᠥ ᠶᠢ ᠬᠠᠮᠠᠭᠠᠯᠠᠬᠤ ᠪᠠ ᠠᠰᠢᠭᠯᠠᠬᠤ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ》ᠵᠡᠷᠭᠡ ᠤᠯᠤᠰ ᠤᠨ ᠲᠠᠰ ᠤᠨ ᠭᠤᠣᠯᠳᠠᠯᠭ᠎ᠠ ᠲᠠᠢ 2 ᠲᠤᠷᠰᠢᠯᠲᠠ ᠶᠢᠨ ᠲᠠᠰᠤᠭ ᠪᠠ 《ᠤᠯᠤᠰ ᠤᠨ ᠬᠥᠷᠥᠰᠥ ᠰᠢᠷᠣᠢ ᠶᠢᠨ ᠦᠩ ᠰᠢᠮ᠎ᠡ ᠶᠢᠨ ᠦᠴᠦᠸᠠᠨ ᠤ ᠠᠵᠢᠭᠯᠠᠨ ᠬᠡᠮᠵᠢᠬᠦ ᠲᠤᠷᠰᠢᠯᠲᠠ ᠶᠢᠨ ᠥᠷᠲᠡᠭᠡ》ᠵᠡᠷᠭᠡ ᠤᠯᠤᠰ ᠤᠨ ᠭᠤᠣᠯᠳᠠᠯᠭ᠎ᠠ ᠲᠠᠢ ᠰᠢᠨᠵᠢᠯᠡᠬᠦ ᠤᠬᠠᠭᠠᠨ ᠤ ᠰᠤᠳᠤᠯᠭᠠᠨ ᠤ ᠪᠦᠲᠦᠭᠡᠨ ᠪᠠᠶᠢᠭᠤᠯᠤᠯᠲᠠ ᠶᠢᠨ 3 ᠰᠠᠭᠤᠷᠢᠨ ᠭᠠᠵᠠᠷ ᠲᠣᠰ ᠬᠦᠷᠢᠶᠡᠯᠡᠩ ᠳᠤ ᠰᠠᠭᠤᠷᠢᠰᠢᠪᠠ ᠃ ᠡᠲᠡᠭᠡᠷ ᠤᠯᠤᠰ ᠤᠨ ᠲᠠᠰ ᠤᠨ ᠰᠢᠨ᠎ᠡ ᠶᠢ ᠡᠭᠦᠳᠬᠦ ᠲᠠᠪᠴᠠᠩ ᠤᠨ ᠵᠥᠪᠰᠢᠶᠡᠷᠡᠯ ᠣᠯᠣᠭᠰᠠᠨ ᠨᠢ ᠤᠯᠤᠰ ᠬᠢᠭᠡᠳ ᠣᠷᠣᠨ ᠨᠤᠲᠤᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ ᠤᠨ ᠣᠷᠭᠠᠨᠢᠭ ᠵᠣᠯᠭᠠᠯᠴᠠᠭ᠎ᠠ ᠶᠢ ᠠᠬᠢᠭᠤᠯᠵᠤ᠂ ᠠᠳᠠᠯᠢ ᠪᠤᠰᠤ ᠲᠠᠰ ᠳᠠᠪᠬᠤᠷᠭ᠎ᠠ ᠶᠢᠨ ᠰᠢᠨ᠎ᠡ ᠶᠢ ᠡᠭᠦᠳᠬᠦ ᠲᠠᠪᠴᠠᠩ ᠤᠨ ᠵᠦᠢ ᠵᠣᠬᠢᠰᠲᠠᠢ ᠪᠠᠶᠢᠷᠢᠰᠢᠭᠤᠯᠤᠯᠲᠠ ᠶᠢ ᠠᠬᠢᠭᠤᠯᠵᠤ᠂ ᠣᠷᠣᠨ ᠪᠦᠰᠡ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠬᠦ ᠳᠤ ᠴᠢᠬᠤᠯᠠ ᠠᠴᠢ ᠬᠤᠯᠪᠣᠭᠳᠠᠯ ᠲᠠᠢ ᠶᠤᠮ᠃
ᠣᠶᠢᠯᠠᠭᠠᠭᠰᠠᠨ ᠢᠶᠠᠷ᠂ ᠤᠯᠤᠰ ᠤᠨ ᠲᠠᠰ ᠤᠨ ᠭᠤᠣᠯᠳᠠᠯᠭ᠎ᠠ ᠲᠠᠢ 2 ᠲᠤᠷᠰᠢᠯᠲᠠ ᠶᠢᠨ ᠲᠠᠰᠤᠭ ᠤᠨ ᠳᠣᠲᠣᠷ᠎ᠠ᠂ 《ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠠᠷ᠎ᠠ ᠬᠥᠷᠥᠰᠥ ᠶᠢ ᠬᠠᠮᠠᠭᠠᠯᠠᠬᠤ ᠪᠠ ᠠᠰᠢᠭᠯᠠᠬᠤ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ》 ᠨᠢ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠢ ᠶᠢ ᠬᠦᠴᠦᠯᠡᠨ ᠠᠷᠢᠯᠭᠠᠵᠤ᠂ ᠶᠡᠷᠦᠩᠬᠡᠶᠢᠯᠡᠭᠰᠡᠨ ᠮᠡᠷᠭᠡᠵᠢᠯ ᠤᠨ ᠵᠠᠭᠪᠤᠷ ᠢ ᠪᠦᠷᠢᠳᠦᠭᠦᠯᠦᠨ ᠂ ᠨᠡᠶᠢᠲᠡᠯᠢᠭ ᠣᠷᠣᠨ ᠪᠦᠰᠡ ᠳᠤ ᠶᠡᠭᠡ ᠬᠡᠪᠴᠢᠶ᠎ᠡ ᠪᠠᠷ ᠵᠢᠱᠢᠶ᠎ᠡ ᠦᠵᠡᠭᠦᠯᠬᠦ ᠪᠠ ᠳᠡᠯᠭᠡᠷᠡᠭᠦᠯᠵᠦ᠂ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠦᠨ᠎ᠡ︔《ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠡᠪᠡᠰᠦᠨ ᠲᠡᠵᠢᠭᠡᠯ ᠤᠨ ᠭᠡᠷ ᠤᠨ ᠲᠡᠵᠢᠭᠡᠪᠦᠷᠢ ᠶᠢ ᠡᠷᠡᠭᠦᠯ ᠢᠶᠠᠷ ᠲᠡᠵᠢᠭᠡᠨ ᠦᠷᠡᠵᠢᠭᠦᠯᠬᠦ ᠪᠠ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠢ ᠲᠣᠬᠢᠷᠠᠭᠤᠯᠤᠨ ᠡᠵᠡᠮᠳᠡᠬᠦ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ》 ᠨᠢ ᠡᠪᠡᠰᠦᠨ ᠲᠡᠵᠢᠭᠡᠯ ᠤᠨ ᠭᠡᠷ ᠤᠨ ᠲᠡᠵᠢᠭᠡᠪᠦᠷᠢ ᠶᠢ ᠲᠡᠵᠢᠭᠡᠨ ᠦᠷᠡᠵᠢᠭᠦᠯᠬᠦ ᠳᠤᠮᠳᠠᠬᠢ ᠴᠢᠬᠤᠯᠠ ᠶᠡᠭᠡ ᠵᠠᠩᠭᠢᠯᠠᠭ᠎ᠠ ᠶᠢᠨ ᠮᠡᠷᠭᠡᠵᠢᠯ ᠤᠨ ᠠᠰᠠᠭᠤᠳᠠᠯ ᠤᠨ ᠲᠣᠭᠤᠷᠢᠨ ᠳᠤ ᠪᠡᠷᠬᠡ ᠰᠡᠳᠦᠪ ᠢ ᠰᠢᠢᠳᠪᠦᠷᠢᠯᠡᠨ᠎ᠡ ᠃ ᠭᠡᠷ ᠤᠨ ᠲᠡᠵᠢᠭᠡᠪᠦᠷᠢ ᠶᠢ ᠥᠨᠳᠥᠷ ᠦᠷ᠎ᠡ ᠠᠰᠢᠭ ᠲᠠᠢ ᠪᠠᠷ ᠲᠡᠵᠢᠭᠡᠨ ᠦᠷᠡᠵᠢᠭᠦᠯᠬᠦ ᠂ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠢ ᠲᠣᠬᠢᠷᠠᠭᠤᠯᠤᠨ ᠡᠵᠡᠮᠳᠡᠬᠦ ᠵᠡᠷᠭᠡ ᠲᠠᠯ᠎ᠠ ᠪᠠᠷ ᠰᠢᠨ᠎ᠡ ᠶᠢ ᠡᠭᠦᠳᠬᠦ ᠰᠤᠳᠤᠯᠭᠠᠨ ᠬᠢᠵᠦ ᠂ ᠣᠷᠣᠨ ᠪᠦᠰᠡ ᠶᠢᠨ ᠠᠵᠤ ᠦᠢᠯᠡᠰ ᠤᠨ ᠬᠥᠭᠵᠢᠯᠲᠡ ᠶᠢᠨ ᠬᠡᠷᠡᠭᠴᠡᠭᠡ ᠳᠤ ᠲᠣᠬᠢᠷᠠᠭᠰᠠᠨ ᠂ ᠨᠡᠯᠢᠶᠡᠳ ᠥᠨᠳᠥᠷ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠲᠠᠢ ᠰᠤᠳᠤᠯᠤᠨ ᠨᠡᠭᠡᠭᠡᠬᠦ ᠲᠠᠪᠴᠠᠩ ᠢ ᠪᠠᠶᠢᠭᠤᠯᠬᠤ ᠪᠣᠯᠣᠨ᠎ᠠ᠃
《ᠤᠯᠤᠰ ᠤᠨ ᠬᠥᠷᠥᠰᠥ ᠰᠢᠷᠣᠢ ᠶᠢᠨ ᠦᠩ ᠰᠢᠮ᠎ᠡ ᠶᠢᠨ ᠦᠴᠦᠸᠠᠨ ᠤ ᠠᠵᠢᠭᠯᠠᠨ ᠬᠡᠮᠵᠢᠬᠦ ᠲᠤᠷᠰᠢᠯᠲᠠ ᠶᠢᠨ ᠥᠷᠲᠡᠭᠡ》 《ᠲᠠᠷᠢᠶᠠᠯᠠᠩ ᠬᠥᠳᠡᠭᠡ ᠲᠣᠰᠬᠤᠨ ᠤ ᠶᠠᠮᠤᠨ ᠤ ᠬᠥᠬᠡᠬᠤᠲᠠ ᠶᠢᠨ ᠠᠮᠢᠳᠤ ᠪᠣᠳᠠᠰ ᠤᠨ ᠡᠭᠦᠯᠳᠡᠷ ᠪᠣᠶᠢᠵᠢᠭᠤᠯᠬᠤ ᠰᠢᠨᠵᠢᠯᠡᠬᠦ ᠤᠬᠠᠭᠠᠨ ᠤ ᠰᠤᠳᠤᠯᠭᠠᠨ ᠤ ᠲᠤᠷᠰᠢᠯᠲᠠ ᠶᠢᠨ ᠰᠠᠭᠤᠷᠢᠨ ᠭᠠᠵᠠᠷ》 《ᠡᠷᠳᠡᠨᠢ ᠰᠢᠰᠢ ᠰᠢᠷ᠎ᠠ ᠪᠤᠷᠴᠠᠭ ᠤᠨ ᠪᠦᠰᠡᠯᠢᠭ ᠨᠡᠶᠢᠯᠡᠮᠡᠯ ᠲᠠᠷᠢᠮᠠᠯ ᠤᠨ ᠲᠠᠷᠢᠬᠤ ᠪᠦᠬᠦ ᠶᠠᠪᠤᠴᠠ ᠶᠢᠨ ᠮᠧᠬᠠᠨᠢᠭᠵᠢᠭᠤᠯᠤᠯᠲᠠ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢᠨ ᠭᠠᠵᠠᠷ》ᠵᠡᠷᠭᠡ ᠤᠯᠤᠰ ᠤᠨ ᠭᠤᠣᠯᠳᠠᠯᠭ᠎ᠠ ᠲᠠᠢ ᠰᠢᠨᠵᠢᠯᠡᠬᠦ ᠤᠬᠠᠭᠠᠨ ᠤ ᠰᠤᠳᠤᠯᠭᠠᠨ ᠤ ᠪᠦᠲᠦᠭᠡᠨ ᠪᠠᠶᠢᠭᠤᠯᠤᠯᠲᠠ ᠶᠢᠨ 3 ᠰᠠᠭᠤᠷᠢᠨ ᠭᠠᠵᠠᠷ ᠪᠠᠶᠢᠭᠤᠯᠤᠭᠳᠠᠭᠰᠠᠨ ᠤ ᠳᠠᠷᠠᠭ᠎ᠠ᠂ ᠲᠠᠷᠢᠶᠠᠯᠠᠩ ᠤᠨ ᠣᠷᠴᠢᠨ ᠲᠣᠭᠤᠷᠢᠨ ᠪᠠ ᠬᠥᠷᠥᠰᠥ ᠰᠢᠷᠣᠢ ᠶᠢᠨ ᠶᠠᠰᠤ ᠴᠢᠨᠠᠷ ᠢ ᠠᠵᠢᠭᠯᠠᠨ ᠬᠡᠮᠵᠢᠬᠦ᠂ ᠠᠮᠢᠳᠤ ᠪᠣᠳᠠᠰ ᠤᠨ ᠡᠭᠦᠯᠳᠡᠷ ᠪᠣᠶᠢᠵᠢᠭᠤᠯᠬᠤ᠂ ᠲᠠᠷᠢᠮᠠᠯ ᠤᠨ ᠲᠠᠷᠢᠬᠤ ᠪᠦᠬᠦ ᠶᠠᠪᠤᠴᠠ ᠶᠢᠨ ᠮᠧᠬᠠᠨᠢᠭᠵᠢᠭᠤᠯᠤᠯᠲᠠ ᠵᠡᠷᠭᠡ ᠬᠦᠷᠢᠶᠡᠨ ᠳᠤ ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠶᠢᠨ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢ ᠨᠥᠬᠦᠴᠡᠯ ᠪᠠ ᠴᠢᠳᠠᠪᠤᠷᠢ ᠶᠢ ᠳᠡᠭᠡᠭᠰᠢᠯᠡᠭᠦᠯᠵᠦ᠂ ᠬᠠᠮᠢᠶ᠎ᠠ ᠪᠦᠬᠦᠢ ᠦᠢᠯᠡᠳᠪᠦᠷᠢᠯᠡᠯ ᠤᠨ ᠮᠡᠷᠭᠡᠵᠢᠯ ᠤᠨ ᠬᠡᠷᠡᠭᠯᠡᠭᠡᠨ ᠳᠤ ᠣᠨᠣᠯ ᠪᠠ ᠮᠡᠷᠭᠡᠵᠢᠯ ᠤᠨ ᠲᠤᠯᠭᠠᠭᠤᠷᠢᠯᠠᠯ ᠬᠠᠩᠭᠠᠵᠤ᠂ ᠥᠪᠡᠷᠲᠡᠭᠡᠨ ᠵᠠᠰᠠᠬᠤ ᠣᠷᠣᠨ ᠤ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠪᠠ ᠴᠢᠨᠠᠷ ᠰᠠᠶᠢᠲᠠᠢ ᠬᠥᠭᠵᠢᠯᠲᠡ ᠳᠤ ᠰᠠᠭᠤᠷᠢ ᠲᠠᠯᠪᠢᠵᠤ ᠥᠭᠬᠦ ᠪᠣᠯᠣᠨ᠎ᠠ ᠃