ᠵᠤᠬᠢᠶᠠᠭᠴᠢ:
ᠴᠠᠭ:2023-01-13
ᠥᠵᠡᠭᠰᠡᠨ : ℃
ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾
ᠥᠪᠡᠷᠲᠡᠭᠡᠨ ᠵᠠᠰᠠᠬᠤ ᠣᠷᠣᠨ ᠤ ᠠᠷᠪᠠᠨ ᠳᠦᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ 1 ᠰᠠᠷ᠎ᠠ ᠶᠢᠨ 12 ᠤᠨ ᠡᠳᠦᠷ ᠬᠤᠷᠠᠯᠳᠤᠨ᠎ᠠ
ᠥᠪᠡᠷᠲᠡᠭᠡᠨ ᠵᠠᠰᠠᠬᠤ ᠣᠷᠣᠨ ᠤ ᠠᠷᠪᠠᠨ ᠭᠤᠷᠪᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠠᠴᠠ ᠥᠪᠡᠷᠲᠡᠭᠡᠨ ᠵᠠᠰᠠᠬᠤ ᠣᠷᠣᠨ ᠤ ᠠᠷᠪᠠᠨ ᠳᠦᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠢ 2023 1 ᠰᠠᠷ᠎ᠠ ᠶᠢᠨ 12 ᠤᠨ ᠡᠳᠦᠷ ᠬᠥᠬᠡᠬᠤᠲᠠ ᠳᠤ ᠬᠤᠷᠠᠯᠳᠤᠭᠤᠯᠬᠤ ᠪᠠᠷ ᠲᠣᠭᠲᠠᠪᠠ᠃
ᠬᠤᠷᠠᠯ ᠠᠴᠠ ᠰᠠᠨᠠᠭᠤᠯᠤᠭᠰᠠᠨ ᠵᠥᠪᠯᠡᠬᠦ ᠵᠦᠢᠯᠡᠰ ᠪᠣᠯ᠄ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠰᠣᠨᠣᠰᠴᠤ ᠬᠢᠨᠠᠨ ᠵᠥᠪᠯᠡᠨ᠎ᠡ︔ ᠥᠪᠡᠷᠲᠡᠭᠡᠨ ᠵᠠᠰᠠᠬᠤ ᠣᠷᠣᠨ ᠤ 2022 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠭᠦᠯᠦᠯᠲᠡ ᠶᠢᠨ ᠲᠦᠯᠦᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2023 ᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠭᠦᠯᠦᠯᠲᠡ ᠶᠢᠨ ᠲᠥᠯᠥᠪᠯᠡᠭᠡ ᠶᠢᠨ ᠲᠥᠰᠥᠯ ᠤᠨ ᠮᠡᠳᠡᠭᠦᠯᠦᠯᠲᠡ ᠶᠢ ᠬᠢᠨᠠᠨ ᠪᠠᠶᠢᠴᠠᠭᠠᠬᠤ ᠪᠠ ᠵᠦᠪᠰᠢᠶᠡᠷᠡᠵᠦ᠂ 2023 ᠣᠨ ᠤ ᠥᠪᠡᠷᠲᠡᠭᠡᠨ ᠵᠠᠰᠠᠬᠤ ᠣᠷᠣᠨ ᠤ ᠤᠯᠤᠰ ᠠᠷᠠᠳ ᠤᠨ ᠠᠵᠤ ᠠᠬᠤᠢ ᠪᠠ ᠨᠡᠶᠢᠭᠡᠮ ᠤᠨ ᠬᠥᠭᠵᠢᠭᠦᠯᠦᠯᠲᠡ ᠶᠢᠨ ᠲᠥᠯᠥᠪᠯᠡᠭᠡ ᠶᠢ ᠵᠦᠪᠰᠢᠶᠡᠷᠡᠨ᠎ᠡ︔ ᠥᠪᠡᠷᠲᠡᠭᠡᠨ ᠵᠠᠰᠠᠬᠤ ᠣᠷᠣᠨ ᠤ 2022 ᠣᠨ ᠤ ᠲᠥᠰᠥᠪ ᠢ ᠭᠦᠢᠴᠡᠳᠬᠡᠭᠰᠡᠨ ᠪᠠᠶᠢᠳᠠᠯ ᠬᠢᠭᠡᠳ 2023 ᠣᠨ ᠤ ᠲᠦᠰᠦᠪ ᠤᠨ ᠲᠦᠰᠦᠯ ᠤᠨ ᠮᠡᠳᠡᠭᠦᠯᠦᠯᠲᠡ ᠶᠢ ᠬᠢᠨᠠᠨ ᠪᠠᠶᠢᠴᠠᠭᠠᠬᠤ ᠪᠠ ᠵᠦᠪᠰᠢᠶᠡᠷᠡᠵᠦ᠂ 2023 ᠣᠨ ᠤ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠲᠦᠰᠦᠪ ᠢ ᠵᠥᠪᠰᠢᠶᠡᠷᠡᠨ᠎ᠡ︔ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠦᠨᠳᠦᠷ ᠵᠡᠷᠭᠡ ᠶᠢᠨ ᠰᠢᠭᠦᠬᠦ ᠬᠤᠷᠢᠶᠠᠨ ᠤ ᠠᠵᠢᠯ ᠤᠨ ᠮᠡᠳᠡᠭᠦᠯᠦᠯᠲᠡ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢ ᠰᠣᠨᠣᠰᠴᠤ ᠬᠢᠨᠠᠨ ᠵᠥᠪᠯᠡᠨ᠎ᠡ︔ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠦᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠪᠦᠷᠢᠯᠳᠦᠭᠦᠨ ᠤ ᠲᠤᠭ᠎ᠠ ᠶᠢᠨ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠤᠨ ᠲᠣᠭᠲᠠᠭᠠᠯ︵ᠲᠦᠰᠦᠯ︶ ᠢ ᠬᠢᠨᠠᠨ ᠵᠥᠪᠯᠡᠨ᠎ᠡ︔ ᠰᠤᠩᠭᠤᠭᠤᠯᠢ ᠶᠢᠨ ᠶᠠᠪᠤᠳᠠᠯ᠃