ᠵᠤᠬᠢᠶᠠᠭᠴᠢ:
ᠴᠠᠭ:2023-01-13
ᠥᠵᠡᠭᠰᠡᠨ : ℃
ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾
ᠥᠪᠡᠷᠲᠡᠭᠡᠨ ᠵᠠᠰᠠᠬᠤ ᠣᠷᠣᠨ ᠤ ᠤᠯᠤᠰ ᠲᠥᠷᠦ ᠶᠢᠨ ᠵᠥᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠢᠨ ᠭᠤᠷᠪᠠᠳᠤᠭᠠᠷ ᠬᠤᠷᠠᠯ ᠬᠤᠷᠠᠯᠳᠤᠪᠠ
2023 1 ᠰᠠᠷ᠎ᠠ ᠶᠢᠨ 7 ᠤ ᠡᠳᠦᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠦ ᠶᠢᠨ ᠵᠥᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠷᠢᠨ ᠭᠤᠷᠪᠠᠳᠤᠭᠠᠷ ᠬᠤᠷᠠᠯ ᠬᠦᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠦᠪᠯᠡᠯᠭᠡᠨ ᠤ ᠲᠡᠷᠢᠭᠦᠯᠡᠭᠴᠢ ᠯᠢ ᠰᠢᠦ ᠯᠢᠩ ᠤᠨ ᠨᠠᠶᠢᠳᠠᠯᠭ᠎ᠠ ᠪᠠᠷ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠡᠷᠢᠭᠦᠯᠡᠭᠴᠢ ᠯᠦᠸᠧ ᡁᠢ ᠬᠤ᠋ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠵᠠᠢ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠡᠰᠢᠭᠦᠨ᠂ ᠥᠪᠡᠷᠲᠡᠭᠡᠨ ᠵᠠᠰᠠᠬᠤ ᠣᠷᠣᠨ ᠤ ᠪᠠᠶᠢᠩᠭᠤ ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠮᠠᠨ ᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠠᠶᠢᠳᠠᠯ ᠪᠣᠯᠣᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠤᠯᠤᠰ ᠲᠥᠷᠥ ᠶᠢᠨ ᠵᠥᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠲᠠᠪᠤᠳᠤᠭᠠᠷ ᠬᠤᠷᠠᠯ ᠠᠴᠠ ᠨᠠᠭᠠᠰᠢᠬᠢ ᠰᠠᠨᠠᠯ ᠳᠤᠷᠠᠳᠤᠯᠭ᠎ᠠ ᠶᠢ ᠰᠢᠢᠳᠪᠦᠷᠢᠯᠡᠭᠰᠡᠨ ᠪᠠᠶᠢᠳᠠᠯ ᠢ ᠵᠠᠷᠯᠠᠨ ᠮᠡᠳᠡᠭᠳᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠲᠦᠮᠡᠯ ᠹᠷᠣᠨᠲ ᠤᠨ ᠬᠡᠯᠲᠡᠰ ᠤᠨ ᠳᠠᠷᠤᠭ᠎ᠠ᠂ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠬᠦᠦᠳᠠᠭᠤᠯᠠ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠣᠷᠣᠯᠴᠠᠬᠤ ᠨᠢᠭᠡᠴᠢ᠂ ᠡᠲᠡᠭᠡᠳ ᠢᠯᠭᠠᠯ᠂ ᠭᠡᠰᠢᠭᠦᠨ ᠤ ᠲᠤᠭ᠎ᠠ ᠪᠣᠯᠣᠨ ᠵᠢᠱᠢᠭᠳᠡᠭᠴᠢ ᠶᠢᠨ ᠨᠡᠷᠡᠰ ᠤᠨ ᠲᠤᠬᠠᠢ ᠲᠣᠳᠣᠷᠬᠠᠶᠢᠯᠠᠯᠲᠠ ᠬᠢᠪᠡ᠃ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠮᠠ ᠰᠢᠤᠸᠠᠢ ᠵᠢᠶᠦ᠋ᠨ᠂ ᠵᠠᠩ ᠬᠤᠸᠠ᠂ ᠴᠡᠴᠡᠭ᠂ ᠡᠧᠦ ᠶᠠᠩ ᠰᠢᠶᠣᠣ ᠂ ᠸᠧᠢ ᠭᠦᠸᠧ ᠨᠠᠨ᠂ ᠠᠨ ᠷᠦᠨ ᠱᠧᠩ ᠬᠤᠷᠠᠯ ᠳᠤ ᠣᠷᠣᠯᠴᠠᠵᠠᠢ᠃
ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠠᠩᠬᠠᠳᠤᠭᠠᠷ ᠬᠤᠷᠠᠯ ᠢ ᠬᠤᠷᠠᠯᠳᠤᠭᠤᠯᠬᠤ ᠲᠤᠬᠠᠢ ᠲᠣᠭᠲᠠᠭᠠᠯ ᠢ ᠬᠢᠨᠠᠨ ᠵᠦᠪᠯᠡᠵᠦ ᠪᠠᠲᠤᠯᠠᠪᠠ︔ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠣᠷᠣᠯᠴᠠᠬᠤ ᠨᠢᠭᠡᠴᠢ᠂ ᠡᠲᠡᠭᠡᠳ ᠢᠯᠭᠠᠯ᠂ ᠭᠡᠰᠢᠭᠦᠨ ᠤ ᠲᠤᠭ᠎ᠠ᠂ ᠵᠢᠱᠢᠭᠳᠡᠭᠴᠢ ᠶᠢᠨ ᠨᠡᠷᠡᠰ ᠢ ᠵᠦᠪᠳᠡᠯᠴᠡᠨ ᠲᠣᠭᠲᠠᠭᠠᠪᠠ︔ ᠠᠷᠪᠠᠨ ᠭᠤᠷᠪᠠᠳᠤᠭᠠᠷ ᠬᠤᠭᠤᠴᠠᠭᠠᠨ ᠤ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠬᠤᠷᠢᠶᠠᠨ ᠤ ᠠᠵᠢᠯ ᠤᠨ ᠮᠡᠳᠡᠭᠦᠯᠦᠯᠲᠡ︵ᠶᠠᠷᠢᠯᠴᠠᠬᠤ ᠨᠣᠣᠷᠠᠭ︶ᠵᠢᠴᠢ ᠮᠡᠳᠡᠭᠦᠯᠦᠯᠲᠡ ᠬᠢᠭᠴᠢ ᠶᠢᠨ ᠨᠡᠷᠡᠰ᠂ ᠰᠠᠨᠠᠯ ᠳᠤᠷᠠᠳᠤᠯᠭ᠎ᠠ ᠶᠢᠨ ᠠᠵᠢᠯ ᠤᠨ ᠪᠠᠶᠢᠳᠠᠯ ᠤᠨ ᠮᠡᠳᠡᠭᠦᠯᠦᠯᠲᠡ︵ᠶᠠᠷᠢᠯᠴᠠᠬᠤ ᠨᠣᠣᠷᠠᠭ︶ᠵᠢᠴᠢ ᠮᠡᠳᠡᠭᠦᠯᠦᠯᠲᠡ ᠬᠢᠭᠴᠢ ᠶᠢᠨ ᠨᠡᠷᠡᠰ ᠢ ᠬᠢᠨᠠᠨ ᠵᠥᠪᠯᠡᠵᠦ ᠪᠠᠲᠤᠯᠠᠪᠠ︔ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯ ᠤᠨ ᠵᠥᠪᠯᠡᠬᠦ ᠵᠦᠢᠯ︵ᠲᠦᠰᠦᠯ︶᠂ ᠡᠳᠦᠷ ᠤᠨ ᠳᠠᠷᠠᠭᠠᠯᠠᠯ ︵ᠲᠥᠰᠥᠯ︶᠂ ᠲᠡᠷᠢᠭᠦᠯᠡᠭᠴᠢᠳ ᠤᠨ ᠪᠦᠯᠬᠦᠮ ᠪᠣᠯᠣᠨ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ ︵ᠲᠥᠰᠥᠯ︶᠂ ᠲᠡᠷᠢᠭᠦᠯᠡᠭᠴᠢᠳ ᠤᠨ ᠪᠦᠯᠬᠦᠮ ᠤᠨ ᠬᠤᠷᠠᠯ ᠤᠨ ᠡᠷᠬᠢᠯᠡᠭᠴᠢ ᠶᠢᠨ ᠨᠡᠷᠡᠰ︵ᠲᠥᠰᠥᠯ︶᠂ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢᠳ ᠤᠨ ᠨᠡᠷᠡᠰ︵ᠲᠥᠰᠥᠯ︶᠂ ᠳᠤᠭᠤᠶᠢᠯᠠᠩ ᠪᠠᠶᠢᠭᠤᠯᠬᠤ ᠠᠷᠭ᠎ᠠ ᠪᠣᠯᠣᠨ ᠶᠠᠷᠢᠯᠴᠠᠬᠤ ᠳᠤᠭᠤᠶᠢᠯᠠᠩ ᠤᠨ ᠬᠤᠷᠠᠯᠳᠤᠭᠤᠯᠤᠭᠴᠢ ᠶᠢᠨ ᠨᠡᠷᠡᠰ︵ᠲᠥᠰᠥᠯ︶᠂ ᠳᠡᠳ᠋ ᠨᠠᠷᠢᠨ ᠪᠢᠴᠢᠭ ᠤᠨ ᠳᠠᠷᠤᠭ᠎ᠠ ᠶᠢᠨ ᠨᠡᠷᠡᠰ︵ᠲᠥᠰᠥᠯ︶᠂ ᠰᠠᠨᠠᠯ ᠳᠤᠷᠠᠳᠤᠯᠭ᠎ᠠ ᠶᠢ ᠬᠢᠨᠠᠨ ᠪᠠᠶᠢᠴᠠᠭᠠᠬᠤ ᠵᠥᠪᠯᠡᠯ ᠤᠨ ᠪᠦᠷᠢᠯᠳᠦᠭᠦᠨ ᠤ ᠨᠡᠷᠡᠰ︵ᠲᠦᠰᠦᠯ︶᠂ ᠰᠤᠯᠠ ᠣᠷᠣᠯᠴᠠᠬᠤ ᠨᠢᠭᠡᠴᠢ ᠶᠢᠨ ᠨᠡᠷᠡᠰ︵ᠲᠥᠰᠥᠯ︶᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ ᠶᠢᠨ ᠲᠤᠰᠬᠠᠢ ᠵᠥᠪᠯᠡᠯ ᠤᠨ ᠳᠡᠳ᠋ ᠡᠷᠬᠢᠯᠡᠭᠴᠢ ᠶᠢᠨ ᠲᠤᠰᠢᠶᠠᠯ ᠳᠤ ᠲᠣᠮᠢᠯᠠᠵᠤ ᠲᠤᠰᠢᠶᠠᠯ ᠠᠴᠠ ᠨᠢ ᠪᠠᠭᠤᠯᠭᠠᠬᠤ ᠨᠡᠷᠡᠰ ᠢ ᠬᠢᠨᠠᠨ ᠵᠥᠪᠯᠡᠵᠦ ᠪᠠᠲᠤᠯᠠᠪᠠ᠃
ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶ᠎ᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ 《ᠬᠤᠶᠠᠷ ᠢ ᠲᠣᠭᠲᠠᠭᠠᠭᠰᠠᠨ》 ᠢ ᠬᠦᠷᠢᠶᠡᠯᠡᠬᠦ᠂ 《ᠳᠦᠷᠪᠡᠨ ᠤᠬᠠᠮᠰᠠᠷ》 ᠢᠶᠠᠨ ᠴᠢᠩᠭᠠᠳᠬᠠᠬᠤ᠂ 《ᠳᠦᠷᠪᠡᠨ ᠢᠲᠡᠭᠡᠯ》 ᠢᠶᠠᠨ ᠪᠠᠲᠤᠳᠬᠠᠬᠤ᠂ 《ᠬᠤᠶᠠᠷ ᠢ ᠬᠠᠮᠠᠭᠠᠯᠠᠬᠤ》 ᠶᠢ ᠪᠡᠶᠡᠯᠡᠭᠦᠯᠬᠦ ᠪᠠᠷ ᠦᠨᠳᠦᠰᠦᠨ ᠤᠯᠤᠰ ᠲᠥᠷᠥ ᠶᠢᠨ ᠱᠠᠭᠠᠷᠳᠠᠯᠭ᠎ᠠ ᠪᠣᠯᠭᠠᠵᠤ᠂ ᠰᠢᠨ᠎ᠡ ᠴᠠᠭ ᠦᠶ᠎ᠡ ᠶᠢᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠨᠠᠮ ᠤᠨ ᠲᠥᠪ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠂ ᠲᠤᠰᠢᠶᠠᠯ ᠬᠠᠷᠢᠭᠤᠴᠠᠯᠭ᠎ᠠ ᠪᠠᠨ ᠯᠠᠪᠳᠠᠭᠤᠨ ᠪᠠᠲᠤᠲᠠᠢ ᠭᠦᠢᠴᠡᠳᠬᠡᠵᠦ᠂ ᠬᠢᠷᠢ ᠲᠡᠩᠴᠡᠭᠰᠡᠨ ᠬᠠᠷᠢᠭᠤᠯᠲᠠ ᠶᠢᠨ ᠬᠠᠭᠤᠳᠠᠰᠤ ᠲᠤᠰᠢᠶᠠᠵᠠᠢ ᠭᠡᠵᠦ ᠦᠵᠡᠪᠡ᠃
ᠬᠤᠷᠠᠯ ᠠᠴᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠠᠩᠬᠠᠳᠤᠭᠠᠷ ᠬᠤᠷᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠪᠡᠯᠡᠳᠬᠡᠵᠦ᠂ ᠴᠢᠨᠠᠷ ᠰᠠᠶᠢᠲᠠᠢ ᠬᠤᠷᠠᠯᠳᠤᠭᠤᠯᠵᠤ᠂ ᠪᠤᠲᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠰᠠᠶᠢᠲᠤᠷ ᠪᠡᠶᠡᠯᠡᠭᠦᠯᠵᠦ᠂ ᠥᠪᠥᠷ ᠮᠣᠩᠭᠤᠯ ᠤᠨ ᠣᠳᠣᠬᠢᠴᠢᠯᠠᠬᠤ ᠪᠦᠲᠦᠭᠡᠨ ᠪᠠᠶᠢᠭᠤᠯᠤᠯᠲᠠ ᠳᠤ ᠬᠦᠴᠦᠨ ᠨᠡᠮᠡᠷᠢᠯᠡᠵᠦ᠂ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠪᠠᠷ ᠪᠦᠯᠬᠦᠮᠳᠡᠨ ᠲᠡᠮᠡᠴᠡᠬᠦ ᠣᠶᠣᠨ ᠤᠬᠠᠭᠠᠨ ᠪᠠ ᠬᠦᠴᠦᠨ ᠴᠢᠳᠠᠯ ᠢ ᠦᠷᠭᠡᠨ ᠢᠶᠠᠷ ᠨᠢᠭᠲᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃
ᠬᠤᠷᠠᠯ ᠤᠨ ᠬᠤᠭᠤᠴᠠᠭᠠᠨ ᠳᠤ ᠪᠠᠰᠠ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ 72 ᠳ᠋ᠤᠭᠠᠷ ᠤᠳᠠᠭ᠎ᠠ ᠶᠢᠨ ᠲᠡᠷᠢᠭᠦᠯᠡᠭᠴᠢᠳ ᠤᠨ ᠬᠤᠷᠠᠯ ᠢ ᠬᠤᠷᠠᠯᠳᠤᠭᠤᠯᠵᠠᠢ᠃