ᠵᠤᠬᠢᠶᠠᠭᠴᠢ:
ᠴᠠᠭ:2023-01-29
ᠥᠵᠡᠭᠰᠡᠨ : ℃
ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾
ᠢᠭᠴᠤ ᠰᠠᠬᠤᠯᠢᠭ ᠣᠢ ᠰᠢᠭᠤᠢ ᠶᠢ ᠰᠠᠶᠢᠲᠤᠷ ᠬᠠᠮᠠᠭᠠᠯᠠᠵᠤ ᠰᠢᠭᠤᠶᠢᠲᠤ ᠣᠷᠣᠨ ᠤ ᠠᠵᠤ ᠠᠬᠤᠢ ᠶᠢ ᠰᠠᠶᠢᠲᠤᠷ ᠬᠥᠭᠵᠢᠭᠦᠯᠬᠦ ᠬᠡᠷᠡᠭᠲᠡᠢ ᠰᠦᠨ ᠱᠣᠣ ᠴᠧᠩ ᠬᠥᠯᠥᠨ ᠪᠣᠶᠢᠷ ᠬᠤᠲᠠ ᠳᠤ ᠶᠡᠭᠡ ᠬᠢᠩᠭᠠᠨ ᠳᠠᠪᠠᠭ᠎ᠠ ᠶᠢᠨ ᠠᠮᠢ ᠠᠬᠤᠢ ᠶᠢᠨ ᠬᠠᠮᠠᠭᠠᠯᠠᠯᠲᠠ ᠪᠠ ᠰᠢᠭᠤᠶᠢᠲᠤ ᠣᠷᠣᠨ ᠤ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ
2023 1 ᠰᠠᠷ᠎ᠠ ᠶᠢᠨ 24 — 27 ᠤ ᠡᠳᠦᠷ ᠂ ᠰᠦᠨ ᠱᠣᠣ ᠴᠧᠩ ᠬᠥᠯᠥᠨ ᠪᠣᠶᠢᠷ ᠬᠤᠲᠠ ᠳᠤ ᠭᠦᠨᠵᠡᠭᠡᠶᠢᠷᠡᠵᠦ᠂ ᠶᠡᠭᠡ ᠬᠢᠩᠭᠠᠨ ᠳᠠᠪᠠᠭ᠎ᠠ ᠶᠢᠨ ᠠᠮᠢ ᠠᠬᠤᠢ ᠶᠢᠨ ᠬᠠᠮᠠᠭᠠᠯᠠᠯᠲᠠ ᠪᠣᠯᠣᠨ ᠰᠢᠭᠤᠶᠢᠲᠤ ᠣᠷᠣᠨ ᠤ ᠬᠥᠭᠵᠢᠯᠲᠡ ᠶᠢᠨ ᠲᠤᠬᠠᠢ ᠪᠠᠶᠢᠴᠠᠭᠠᠨ ᠰᠤᠳᠤᠯᠤᠯᠲᠠ ᠬᠢᠵᠡᠢ᠃

1 ᠰᠠᠷ᠎ᠠ ᠶᠢᠨ 25 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠰᠦᠨ ᠱᠣᠣ ᠴᠧᠩ ᠬᠥᠯᠥᠨ ᠪᠣᠶᠢᠷ ᠤᠨ ᠭᠡᠭᠡᠨ ᠭᠤᠣᠯ ᠬᠤᠲᠠ ᠶᠢᠨ ᠭᠡᠭᠡᠨ ᠭᠤᠣᠯ ᠤᠨ ᠣᠢ ᠰᠢᠭᠤᠢ ᠶᠢᠨ ᠠᠵᠤ ᠦᠢᠯᠡᠳᠪᠦᠷᠢ ᠶᠢᠨ ᠺᠣᠮᠫᠠᠨᠢ ᠳᠤ ᠬᠦᠷᠴᠦ᠂ ᠰᠢᠭᠤᠶᠢᠲᠤ ᠣᠷᠣᠨ ᠤ ᠣᠢ ᠰᠢᠭᠤᠢ ᠶᠢᠨ ᠡᠵᠡᠩᠨᠡᠯᠲᠡ ᠶᠢᠨ ᠲᠤᠷᠰᠢᠯᠲᠠ ᠶᠢᠨ ᠴᠡᠭ ᠤᠨ ᠦᠢᠯᠡᠳᠪᠦᠷᠢᠯᠡᠯ ᠤᠨ ᠪᠠᠶᠢᠳᠠᠯ ᠢ ᠪᠠᠶᠢᠴᠠᠭᠠᠨ ᠰᠤᠳᠤᠯᠪᠠ᠃ ᠮᠠ ᠵᠢᠶᠠᠨ ᠴᠢᠤᠸᠠᠨ ᠰᠡᠭᠦᠳᠡᠷᠯᠡᠪᠡ
ᠬᠥᠬᠡᠭᠡ ᠡᠪᠦᠯ ᠤᠨ ᠴᠠᠭ ᠲᠤ᠂ ᠥᠨᠳᠥᠷ ᠰᠦᠷᠯᠢᠭ ᠬᠢᠩᠭᠠᠨ ᠳᠠᠪᠠᠭ᠎ᠠ ᠮᠥᠩᠭᠦᠨ ᠬᠤᠶᠠᠭ ᠭᠡᠳᠡᠷᠦᠭᠰᠡᠨ ᠪᠠᠶᠢᠯ᠎ᠠ᠃ ᠰᠦᠨ ᠱᠣᠣ ᠴᠧᠩ ᠬᠠᠬᠢᠷ ᠬᠦᠢᠲᠡᠨ ᠢ ᠦᠯᠦ ᠬᠠᠶᠢᠬᠤᠷᠤᠨ᠂ ᠭᠡᠭᠡᠨ ᠭᠤᠣᠯ ᠤᠨ ᠣᠢ ᠰᠢᠭᠤᠢ ᠶᠢᠨ ᠠᠵᠤ ᠦᠢᠯᠡᠳᠪᠦᠷᠢ ᠶᠢᠨ ᠺᠣᠮᠫᠠᠨᠢ ᠶᠢᠨ ᠮᠣᠳᠣ ᠬᠠᠳᠠᠭᠠᠯᠠᠬᠤ ᠲᠠᠯᠠᠪᠠᠢ᠂ ᠬᠦᠢᠲᠡᠨ ᠤ ᠲᠤᠶᠢᠯ ᠲᠣᠰᠬᠤᠨ ᠡᠦ ᠯᠢ ᠺᠦ᠋ ᠮᠠ ᠣᠢ ᠰᠢᠭᠤᠢ ᠶᠢᠨ ᠲᠠᠯᠠᠪᠠᠢ᠂ ᠭᠡᠭᠡᠨ ᠭᠤᠣᠯ ᠤᠨ ᠡᠬᠢ ᠶᠢᠨ ᠤᠯᠤᠰ ᠤᠨ ᠨᠤᠭᠤ ᠭᠠᠵᠠᠷ ᠤᠨ ᠴᠡᠴᠡᠷᠯᠢᠭ ᠪᠣᠯᠣᠨ ᠬᠠᠨ ᠮᠠ ᠠᠮᠢ ᠠᠬᠤᠢ ᠶᠢᠨ ᠰᠣᠶᠣᠯ ᠤᠨ ᠣᠷᠳᠣᠨ᠂ ᠣᠯᠭᠤᠶᠠ ᠡᠸᠡᠩᠬᠢ ᠦᠨᠳᠦᠰᠦᠲᠡᠨ ᠤ ᠰᠢᠶᠠᠩ᠂ ᠭᠧᠨ ᠯᠢᠨ ᠮᠣᠳᠣᠨ ᠤ ᠦᠢᠯᠡᠰ ᠤᠨ ᠺᠣᠮᠫᠠᠨᠢ ᠳᠤ ᠬᠦᠷᠴᠦ᠂ ᠺᠠᠳ᠋ᠷ ᠠᠵᠢᠯᠲᠠᠨ ᠠᠵᠢᠯᠴᠢᠨ ᠳᠤ ᠴᠠᠭᠠᠨ ᠰᠠᠷ᠎ᠠ ᠶᠢᠨ ᠳᠡᠪᠰᠢᠭᠦᠯᠵᠦ᠂ ᠰᠢᠭᠤᠶᠢᠲᠤ ᠣᠷᠣᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠤ᠂ ᠪᠠᠴᠢᠮ ᠪᠠᠶᠢᠳᠠᠯ ᠢ ᠠᠷᠭᠠᠴᠠᠨ ᠵᠢᠵᠢᠭᠦᠷᠯᠡᠨ ᠰᠠᠬᠢᠵᠤ ᠪᠠᠶᠢᠭ᠎ᠠ ᠬᠥᠮᠥᠰ ᠢ ᠡᠷᠭᠢᠨ ᠦᠵᠡᠵᠦ ᠲᠣᠬᠤᠨᠢᠭᠤᠯᠪᠠ᠃
《ᠠᠳᠡᠬᠢ ᠣᠢ ᠰᠢᠭᠤᠢ ᠶᠢ ᠵᠠᠪᠠᠯ ᠰᠠᠶᠢᠲᠤᠷ ᠬᠠᠮᠠᠭᠠᠯᠠᠬᠤ ᠬᠡᠷᠡᠭᠲᠡᠢ》᠂ ᠰᠦᠨ ᠱᠣᠣ ᠴᠧᠩ᠂ 《ᠡᠨᠡ ᠪᠣᠯ ᠰᠢᠭᠤᠶᠢᠲᠤ ᠣᠷᠣᠨ ᠤ ᠠᠵᠢᠯ ᠤᠨ ᠲᠡᠷᠢᠭᠦᠨ ᠴᠢᠬᠤᠯᠠ ᠶᠡᠭᠡ ᠶᠠᠪᠤᠳᠠᠯ ᠪᠣᠯᠣᠨ᠎ᠠ》 ᠭᠡᠵᠦ ᠬᠡᠯᠡᠪᠡ᠃ ᠲᠡᠷᠡ ᠰᠢᠭᠤᠶᠢᠲᠤ ᠣᠷᠣᠨ ᠤ ᠡᠳᠦᠷ ᠲᠤᠲᠤᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠪᠠᠶᠢᠳᠠᠯ ᠢ ᠨᠠᠷᠢᠨ ᠠᠰᠠᠭᠤᠵᠤ᠂ ᠬᠤᠯᠪᠣᠭᠳᠠᠯ ᠪᠦᠬᠦᠢ ᠲᠠᠯ᠎ᠠ ᠶᠢᠨ ᠬᠢᠨ ᠢ ᠣᠳᠣ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠤᠨ ᠠᠷᠭ᠎ᠠ ᠪᠠᠷᠢᠯ ᠢ ᠰᠠᠶᠢᠲᠤᠷ ᠬᠡᠷᠡᠭᠯᠡᠵᠦ᠂ ᠲᠣᠭᠤᠷᠢᠨ ᠬᠠᠮᠠᠭᠠᠯᠠᠵᠤ ᠪᠠᠶᠢᠴᠠᠭᠠᠬᠤ᠂ ᠠᠮᠢᠲᠠᠨ ᠤᠷᠭᠤᠮᠠᠯ ᠢ ᠬᠠᠮᠠᠭᠠᠯᠠᠬᠤ ᠢᠯᠠᠩᠭᠤᠶ᠎ᠠ ᠲᠦᠢᠮᠡᠷ ᠢ ᠰᠡᠷᠭᠡᠶᠢᠯᠡᠨ ᠤᠨᠲᠠᠷᠠᠭᠠᠬᠤ ᠠᠵᠢᠯ ᠢ ᠨᠠᠷᠢᠨ ᠨᠢᠮᠪᠠᠢ ᠰᠠᠶᠢᠲᠤᠷ ᠬᠢᠬᠦ ᠬᠡᠷᠡᠭᠲᠡᠢ ᠭᠡᠵᠦ ᠵᠠᠬᠢᠪᠠ᠃ ᠲᠡᠷᠡ᠂ ᠨᠡᠭᠦᠷᠡᠰᠦᠲᠥ᠋ᠷᠥᠭᠴᠢ ᠶᠢ ᠬᠤᠷᠠᠮᠳᠤᠭᠤᠯᠤᠨ ᠣᠶᠢᠵᠢᠭᠤᠯᠤᠯᠲᠠ ᠶᠢ ᠪᠤᠵᠠᠭᠠᠶᠢᠷᠠᠭᠤᠯᠬᠤ ᠨᠥᠬᠦᠴᠡᠯ ᠪᠢᠳᠡᠨ ᠳᠤ ᠪᠣᠢ᠂ ᠨᠡᠭᠦᠷᠡᠰᠦᠲᠥ᠋ᠷᠥᠭᠴᠢ ᠶᠢ ᠬᠤᠷᠠᠮᠳᠤᠭᠤᠯᠬᠤ ᠠᠷᠠᠯᠵᠢᠶ᠎ᠠ ᠪᠣᠯᠣᠨ ᠨᠥᠬᠦᠪᠦᠷᠢ ᠥᠭᠬᠦ ᠲᠣᠭᠲᠠᠴᠠ ᠶᠢ ᠲᠦᠷᠭᠡᠨ ᠰᠤᠳᠤᠯᠤᠨ ᠰᠦᠪᠡᠭᠴᠢᠯᠡᠵᠦ᠂ ᠣᠷᠣᠨ ᠤ ᠳᠣᠲᠣᠷᠠᠬᠢ ᠠᠷᠠᠯᠵᠢᠶ᠎ᠠ᠂ ᠮᠤᠵᠢ ᠶᠢᠨ ᠬᠤᠭᠤᠷᠣᠨᠳᠤᠬᠢ ᠠᠷᠠᠯᠵᠢᠶ᠎ᠠ ᠶᠢ ᠢᠳᠡᠪᠬᠢᠲᠡᠢ ᠥᠷᠨᠢᠭᠦᠯᠵᠦ᠂ ᠪᠥᠬᠦ ᠤᠯᠤᠰ ᠲᠤ ᠡᠩ ᠲᠡᠷᠢᠭᠦᠨ ᠳᠤ ᠣᠢ ᠰᠢᠭᠤᠢ ᠶᠢᠨ ᠠᠮᠢ ᠠᠬᠤᠢ ᠶᠢᠨ ᠥᠷᠲᠡᠭ ᠢ ᠳᠡᠭᠡᠭᠰᠢᠯᠡᠭᠦᠯᠬᠦ ᠵᠠᠮ ᠢ ᠴᠢᠷᠮᠠᠶᠢᠨ ᠭᠠᠷᠭᠠᠬᠤ ᠬᠡᠷᠡᠭᠲᠡᠢ ᠭᠡᠵᠦ ᠬᠡᠯᠡᠪᠡ᠃
《ᠰᠢᠭᠤᠶᠢᠲᠤ ᠣᠷᠣᠨ ᠤ ᠠᠵᠤ ᠦᠢᠯᠡᠰ ᠢ ᠵᠠᠪᠠᠯ ᠰᠠᠶᠢᠲᠤᠷ ᠬᠥᠭᠵᠢᠭᠦᠯᠬᠦ ᠬᠡᠷᠡᠭᠲᠡᠢ》᠃ ᠣᠢ ᠰᠢᠭᠤᠢ ᠶᠢᠨ ᠲᠠᠯᠠᠪᠠᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠤ ᠳᠠᠷᠠᠭ᠎ᠠ᠂ ᠰᠦᠨ ᠱᠣᠣ ᠴᠧᠩ᠂ ᠣᠢ ᠰᠢᠭᠤᠢ ᠶᠢᠨ ᠠᠵᠤ ᠦᠢᠯᠡᠳᠪᠦᠷᠢ ᠶᠢᠨ ᠪᠦᠯᠦᠭᠯᠡᠯ ᠤᠯᠤᠰ ᠤᠨ ᠣᠢ ᠰᠢᠭᠤᠢ ᠶᠢᠨ ᠡᠵᠡᠩᠨᠡᠯᠲᠡ ᠶᠢᠨ ᠲᠤᠷᠰᠢᠯᠲᠠ ᠶᠢᠨ ᠴᠡᠭ ᠤᠨ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ᠂ ᠣᠨᠴᠠᠯᠢᠭᠲᠤ ᠲᠡᠵᠢᠭᠡᠨ ᠦᠷᠡᠵᠢᠭᠦᠯᠬᠦ ᠵᠡᠷᠭᠡ ᠣᠢ ᠳᠣᠲᠣᠷᠠᠬᠢ ᠠᠵᠤ ᠠᠬᠤᠢ ᠶᠢ ᠰᠠᠶᠢᠲᠤᠷ ᠠᠳᠬᠤᠵᠤ᠂ 《ᠨᠠᠷᠢᠨ ᠨᠢᠭᠲᠠ ᠪᠣᠳᠣᠵᠤ》 ᠪᠠᠶᠢᠭᠠᠳ ᠬᠥᠭᠵᠢᠯᠲᠡ ᠶᠢᠨ ᠶᠠᠰᠤ ᠴᠢᠨᠠᠷ ᠪᠣᠯᠣᠨ ᠦᠷ᠎ᠡ ᠠᠰᠢᠭ ᠢ ᠳᠡᠭᠡᠭᠰᠢᠯᠡᠭᠦᠯᠬᠦ ᠬᠡᠷᠡᠭᠲᠡᠢ ᠭᠡᠵᠦ ᠬᠡᠯᠡᠪᠡ᠃ ᠮᠣᠳᠣᠨ ᠮᠠᠲ᠋ᠧᠷᠢᠶᠠᠯ ᠢ ᠨᠠᠷᠢᠯᠢᠭ ᠡᠳ᠋ᠰᠢᠭᠦᠯᠬᠦ ᠠᠵᠤ ᠠᠬᠤᠶᠢᠯᠠᠯ ᠤᠨ 《ᠢᠳᠡᠵᠦ ᠴᠠᠳᠬᠤ ᠦᠭᠡᠢ》 ᠪᠠᠶᠢᠬᠤ ᠠᠰᠠᠭᠤᠳᠠᠯ ᠳᠤ ᠴᠢᠭᠯᠡᠭᠦᠯᠦᠨ᠂ ᠲᠡᠷᠡ ᠠᠵᠤ ᠠᠬᠤᠶᠢᠯᠠᠯ ᠤᠨ ᠬᠢᠨ ᠢ ᠵᠣᠷᠢᠭᠲᠠᠢ ᠪᠠᠷ ᠭᠠᠳᠠᠭᠰᠢ ᠭᠠᠷᠴᠤ᠂ ᠣᠯᠠᠨ ᠵᠦᠢᠯ ᠤᠨ ᠠᠷᠭ᠎ᠠ ᠬᠡᠯᠪᠡᠷᠢ ᠪᠠᠷ ᠡᠮᠦᠨᠡᠳᠦ ᠣᠷᠣᠨ ᠤ ᠵᠠᠬ᠎ᠠ ᠳᠡᠯᠭᠡᠭᠦᠷ ᠢ ᠨᠡᠭᠡᠭᠡᠷᠡᠢ ᠭᠡᠵᠦ ᠵᠣᠷᠢᠭᠵᠢᠭᠤᠯᠪᠠ᠃ ᠰᠦᠨ ᠱᠣᠣ ᠴᠧᠩ ᠠᠳᠠᠯᠢ ᠪᠤᠰᠤ ᠲᠥᠷᠥᠯ ᠤᠨ ᠵᠢᠭᠤᠯᠴᠢᠯᠠᠯ ᠤᠨ ᠦᠢᠯᠡᠰ ᠤᠨ ᠡᠵᠡᠩᠨᠡᠭᠴᠢᠳ ᠤᠨ ᠬᠢᠨ ᠳᠤ ᠲᠣᠭᠤᠷᠢᠨ ᠦᠵᠡᠪᠡ᠂ ᠡᠨᠡ ᠬᠤᠶᠠᠷ ᠵᠢᠯ ᠤᠨ ᠵᠢᠭᠤᠯᠴᠢᠯᠠᠭᠰᠠᠳ ᠤᠨ ᠲᠤᠭ᠎ᠠ ᠬᠡᠮᠵᠢᠶ᠎ᠡ ᠪᠣᠯᠣᠨ ᠡᠵᠡᠩᠨᠡᠯᠲᠡ ᠶᠢᠨ ᠣᠷᠣᠯᠭ᠎ᠠ ᠶᠠᠮᠠᠷ ᠵᠡᠷᠭᠡ ᠪᠣᠢ᠂ ᠵᠠᠯᠭᠠᠭᠠᠳ ᠶᠠᠮᠠᠷ ᠲᠥᠯᠥᠪᠯᠡᠭᠡ ᠲᠠᠢ ᠪᠣᠢ᠂ ᠵᠠᠰᠠᠭ ᠤᠨ ᠣᠷᠳᠣᠨ ᠤ ᠶᠠᠮᠠᠷ ᠬᠠᠪᠰᠤᠷᠤᠯᠭ᠎ᠠ ᠱᠠᠭᠠᠷᠳᠠᠭᠳᠠᠵᠤ ᠪᠠᠶᠢᠬᠤ ᠪᠣᠢ ᠭᠡᠵᠦ ᠲᠡᠷᠡ ᠮᠠᠰᠢ ᠨᠠᠷᠢᠨ ᠠᠰᠠᠭᠤᠪᠠ᠃ ᠲᠡᠷᠡ᠂ ᠰᠢᠭᠤᠶᠢᠲᠤ ᠣᠷᠣᠨ ᠤ ᠵᠢᠭᠤᠯᠴᠢᠯᠠᠯ ᠢ ᠬᠥᠭᠵᠢᠶᠡᠨᠲᠡᠢ ᠪᠣᠯᠭᠠᠬᠤ ᠳᠤ᠂ ᠲᠥᠯᠥᠪᠵᠢᠭᠦᠯᠭᠡ ᠪᠠ ᠤᠬᠠᠭᠠᠯᠠᠭ᠎ᠠ ᠪᠠᠨ ᠰᠠᠶᠢᠲᠤᠷ ᠬᠢᠬᠦ ᠶᠠᠪᠤᠳᠠᠯ ᠮᠠᠰᠢ ᠴᠢᠬᠤᠯᠠ ᠶᠤᠮ᠃ ᠢᠯᠡᠭᠦᠬᠡᠨ ᠭᠠᠳᠠᠨ᠎ᠠ ᠭᠠᠷᠴᠤ ᠰᠣᠷᠣᠯᠴᠠᠨ ᠨᠣᠮ ᠵᠠᠯᠠᠵᠤ᠂ ᠣᠢ ᠰᠢᠭᠤᠢ᠂ ᠮᠥᠰᠥ ᠴᠠᠰᠤ᠂ ᠠᠷᠠᠳ ᠤᠨ ᠵᠠᠩ ᠦᠢᠯᠡ ᠵᠡᠷᠭᠡ ᠣᠨᠴᠠᠯᠢᠭ ᠢᠶᠠᠨ ᠭᠦᠢᠴᠡᠳ ᠢᠯᠡᠷᠡᠭᠦᠯᠵᠦ᠂ ᠢᠯᠠᠩᠭᠤᠶ᠎ᠠ ᠨᠤᠲᠤᠭ ᠤᠨ ᠣᠨᠴᠠᠯᠢᠭ ᠴᠤ ᠦᠭᠡᠢ᠂ ᠬᠠᠷᠢ ᠶᠢᠨ ᠣᠨᠴᠠᠯᠢᠭ ᠴᠤ ᠦᠭᠡᠢ ᠪᠣᠯᠬᠤ ᠶᠢ ᠰᠡᠷᠭᠡᠶᠢᠯᠡᠬᠦ ᠬᠡᠷᠡᠭᠲᠡᠢ᠃ ᠵᠢᠭᠤᠯᠴᠢᠯᠠᠭᠰᠠᠳ ᠤᠨ ᠵᠣᠭᠰᠣᠴᠠ ᠠᠴᠠ ᠨᠡᠩ ᠣᠯᠠᠨ ᠰᠠᠶᠢᠨ ᠦᠢᠯᠡᠳᠬᠦᠨ ᠪᠠ ᠦᠢᠯᠡᠴᠢᠯᠡᠭᠡ ᠬᠠᠩᠭᠠᠵᠤ᠂ ᠬᠥᠮᠥᠰ ᠢ ᠢᠷᠡᠭᠰᠡᠨ ᠤ ᠳᠠᠷᠠᠭ᠎ᠠ ᠬᠢᠬᠦ ᠠᠵᠢᠯ ᠲᠠᠢ᠂ ᠶᠠᠪᠤᠬᠤ ᠳᠤᠷ᠎ᠠ ᠦᠭᠡᠢ᠂ ᠲᠠᠪᠠᠲᠠᠶᠢᠬᠠᠨ ᠴᠡᠩᠭᠡᠯᠳᠦᠬᠦ ᠪᠣᠯᠭᠠᠬᠤ ᠬᠡᠷᠡᠭᠲᠡᠢ ᠭᠡᠵᠡᠢ᠃
《ᠰᠢᠭᠤᠶᠢᠲᠤ ᠣᠷᠣᠨ ᠤ ᠠᠵᠢᠯᠲᠠᠨ ᠠᠵᠢᠯᠴᠢᠨ ᠳᠤ ᠵᠠᠪᠠᠯ ᠵᠣᠯ ᠵᠢᠷᠭᠠᠯ ᠲᠠᠢ ᠠᠮᠢᠳᠤᠷᠠᠯ ᠢ ᠡᠳ᠋ᠯᠡᠭᠦᠯᠬᠦ ᠬᠡᠷᠡᠭᠲᠡᠢ》᠃ ᠰᠦᠨ ᠱᠣᠣ ᠴᠧᠩ᠂ ᠡᠯ᠎ᠡ ᠱᠠᠲᠤᠨ ᠤ ᠬᠢᠨ ᠠᠷᠭ᠎ᠠ ᠪᠥᠬᠦᠨ ᠢ ᠰᠦᠪᠡᠭᠴᠢᠯᠡᠵᠦ ᠪᠠᠶᠢᠭᠠᠳ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠰᠦᠪᠡᠭᠴᠢᠯᠡᠵᠦ᠂ ᠠᠵᠢᠯᠲᠠᠨ ᠠᠵᠢᠯᠴᠢᠨ ᠤ ᠣᠷᠣᠯᠭ᠎ᠠ ᠶᠢ ᠨᠡᠮᠡᠭᠳᠡᠭᠦᠯᠵᠦ᠂ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠡᠮ ᠡᠮᠨᠡᠯᠭᠡ᠂ ᠨᠡᠶᠢᠭᠡᠮ ᠤᠨ ᠪᠠᠲᠤᠯᠠᠭ᠎ᠠ᠂ ᠨᠠᠰᠤᠵᠢᠯ ᠤᠨ ᠠᠰᠠᠷᠠᠮᠵᠢ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ ᠬᠡᠷᠡᠭᠲᠡᠢ᠃ ᠰᠢᠭᠤᠶᠢᠲᠤ ᠣᠷᠣᠨ ᠤ ᠬᠠᠬᠢᠷ ᠬᠦᠢᠲᠡᠨ ᠪᠠᠶᠢᠳᠠᠭ ᠴᠠᠭ ᠬᠤᠭᠤᠴᠠᠭ᠎ᠠ ᠤᠷᠲᠤ ᠪᠣᠯᠬᠤᠷ ᠡᠷᠬᠡᠪᠰᠢ ᠳᠤᠯᠠᠭᠠᠯᠠᠭ᠎ᠠ ᠭᠡᠬᠦ ᠡᠨᠡ ᠬᠦ ᠣᠯᠠᠨ ᠲᠦᠮᠡᠨ ᠤ ᠶᠡᠭᠡ ᠶᠠᠪᠤᠳᠠᠯ ᠢ ᠢᠮᠠᠭᠲᠠ ᠰᠡᠳᠬᠢᠯ ᠳᠡᠭᠡᠨ ᠪᠣᠳᠣᠬᠤ ᠬᠡᠷᠡᠭᠲᠡᠢ᠃ ᠬᠥᠮᠥᠨ ᠠᠮᠠ ᠶᠢᠨ ᠰᠢᠯᠵᠢᠯᠲᠡ ᠶᠢᠨ ᠠᠰᠠᠭᠤᠳᠠᠯ ᠢ ᠨᠠᠷᠢᠨ ᠬᠢᠨᠠᠮᠠᠭᠠᠢ ᠰᠤᠳᠤᠯᠤᠨ ᠰᠢᠢᠳᠪᠦᠷᠢᠯᠡᠵᠦ᠂ ᠰᠢᠭᠤᠶᠢᠲᠤ ᠣᠷᠣᠨ ᠳᠤ ᠣᠢ ᠰᠢᠭᠤᠢ ᠲᠠᠢ ᠮᠥᠷᠲᠡᠭᠡᠨ ᠵᠠᠯᠭᠠᠮᠵᠢᠯᠠᠬᠤ ᠬᠥᠮᠥᠨ ᠲᠠᠢ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠡᠢ᠃
ᠢᠦᠢ ᠯᠢ ᠰᠢᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃