ᠵᠤᠬᠢᠶᠠᠭᠴᠢ:
ᠴᠠᠭ:2023-01-29
ᠥᠵᠡᠭᠰᠡᠨ : ℃
ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾
ᠸᠠᠩ ᠯᠢ ᠰᠢᠶᠠ ᠣᠷᠳᠣᠰ ᠲᠤ ᠬᠦᠷᠴᠦ ᠲᠣᠬᠤᠨᠢᠭᠤᠯᠪᠠ
2023 1 ᠰᠠᠷ᠎ᠠ ᠶᠢᠨ 18 ᠤ ᠡᠳᠦᠷ ᠂ ᠸᠠᠩ ᠯᠢ ᠰᠢᠶᠠ ᠣᠷᠳᠣᠰ ᠬᠤᠳᠠ ᠳᠤ ᠬᠦᠷᠴᠦ ᠲᠣᠬᠤᠨᠢᠭᠤᠯᠤᠨ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠵᠤ ᠂ ᠵᠠᠰᠠᠭ ᠤᠨ ᠣᠷᠳᠣᠨ ᠤ ᠠᠵᠢᠯ ᠤᠨ ᠲᠤᠬᠠᠢ ᠤᠯᠠᠨ ᠲᠦᠮᠡᠨ ᠤ ᠰᠠᠨᠠᠯ ᠰᠠᠨᠠᠭᠤᠯᠭ᠎ᠠ ᠶᠢ ᠰᠣᠨᠣᠰᠪᠠ ᠃
ᠸᠠᠩ ᠯᠢ ᠰᠢᠶᠠ ᠵᠡᠪᠰᠡᠭᠲᠦ ᠴᠠᠭᠳᠠᠭ᠎ᠠ ᠶᠢᠨ ᠣᠷᠳᠣᠰ ᠲᠠᠬᠢ ᠰᠠᠯᠪᠤᠷᠢ ᠠᠩᠭᠢ ᠶᠢᠨ ᠵᠢᠯᠣᠭᠤᠳᠤᠭᠴᠢ ᠪᠠᠶᠢᠯᠳᠤᠭᠴᠢ ᠂ ᠳᠣᠲᠣᠭᠠᠳᠤ ᠶᠢ ᠬᠠᠮᠠᠭᠠᠯᠠᠬᠤ ᠹᠷᠣᠨᠲ ᠤᠨ ᠲᠡᠷᠢᠭᠦᠨ ᠤ ᠬᠤᠪᠢ ᠬᠥᠮᠥᠨ ᠂ ᠡᠮᠴᠢ ᠰᠤᠪᠢᠯᠠᠭᠴᠢ ᠂ ᠨᠡᠶᠢᠭᠡᠮ ᠲᠣᠭᠤᠷᠢᠭ ᠤᠨ ᠠᠵᠢᠯᠲᠠᠨ ᠪᠣᠯᠣᠨ ᠠᠮᠢᠳᠤᠷᠠᠯ ᠨᠢ ᠬᠦᠴᠢᠷᠳᠡᠯᠲᠡᠢ ᠤᠯᠠᠨ ᠲᠦᠮᠡᠨ ᠢ ᠪᠣᠯᠭᠤᠭᠠᠨ ᠲᠣᠬᠤᠨᠢᠭᠤᠯᠵᠤ ᠂ ᠲᠡᠳᠡᠨ ᠳᠤ ᠴᠠᠭᠠᠨ ᠰᠠᠷ᠎ᠠ ᠶᠢᠨ ᠮᠡᠨᠳᠦᠴᠢᠯᠡᠯ ᠳᠡᠪᠰᠢᠭᠦᠯᠪᠡ ᠃ ᠲᠡᠷᠡ ᠂ ᠥᠩᠭᠡᠷᠡᠭᠰᠡᠨ ᠨᠢᠭᠡ ᠵᠢᠯ ᠳᠤ ᠂ ᠪᠢᠳᠡ ᠬᠢᠵᠢᠭ ᠤᠨ ᠳᠠᠭᠠᠷᠢᠯᠲᠠ ᠶᠢ ᠬᠦᠴᠦᠲᠡᠢ ᠠᠷᠭᠠᠴᠠᠵᠤ ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠩᠭᠤᠢ ᠲᠣᠭᠲᠠᠭᠤᠨ ᠢ ᠪᠠᠲᠤᠯᠠᠪᠠ ᠂ ᠡᠨᠡ ᠨᠢ ᠪᠦᠬᠦ ᠣᠷᠣᠨ ᠤ ᠠᠷᠠᠳ ᠲᠦᠮᠡᠨ ᠤ ᠰᠢᠷᠭᠠᠭᠤ ᠴᠢᠷᠮᠠᠶᠢᠯᠭ᠎ᠠ ᠂ ᠴᠥᠬᠦᠷᠡᠰᠢ ᠦᠭᠡᠢ ᠲᠡᠮᠡᠴᠡᠯ ᠠᠴᠠ ᠰᠠᠯᠵᠤ ᠴᠢᠳᠠᠬᠤ ᠦᠭᠡᠢ ᠶᠤᠮ ᠃ ᠰᠢᠨ᠎ᠡ ᠨᠢᠭᠡ ᠵᠢᠯ ᠳᠤ ᠂ ᠤᠯᠠᠨ ᠢᠶᠠᠷ ᠢᠶᠠᠨ ᠢᠲᠡᠭᠡᠯ ᠵᠣᠷᠢᠭ ᠢᠶᠠᠨ ᠪᠠᠲᠤᠳᠬᠠᠵᠤ ᠂ ᠡᠷᠴᠢ ᠵᠣᠷᠢᠭ ᠢᠶᠠᠨ ᠬᠥᠪᠴᠢᠯᠡᠵᠦ ᠂ ᠡᠯ᠎ᠡ ᠵᠦᠢᠯ ᠤᠨ ᠠᠵᠢᠯ ᠦᠢᠯᠡᠰ ᠤᠨ ᠬᠥᠭᠵᠢᠯᠲᠡ ᠨᠡᠩ ᠶᠡᠭᠡ ᠠᠮᠵᠢᠯᠲᠠ ᠣᠯᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠦ ᠬᠡᠯᠡᠪᠡ ᠃
ᠥᠭᠡᠯᠦᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠲᠤ ᠂ ᠸᠠᠩ ᠯᠢ ᠰᠢᠶᠠ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠪᠠ ᠂ ᠲᠡᠷᠡ᠂ ᠴᠠᠭᠠᠨ ᠰᠠᠷ᠎ᠠ ᠶᠢᠨ ᠡᠷᠡᠭᠦᠯ ᠮᠡᠨᠳᠦ ᠶᠢᠨ ᠬᠠᠮᠢᠶᠠᠷᠤᠯᠲᠠ ᠶᠢᠨ ᠵᠠᠩᠭᠢᠯᠠᠭ᠎ᠠ ᠶᠢᠨ ᠬᠤᠭᠤᠴᠠᠭ᠎ᠠ ᠶᠢ ᠴᠢᠩᠭ᠎ᠠ ᠠᠩᠬᠠᠷᠴᠤ ᠂ ᠰᠢᠨ᠎ᠡ ᠱᠠᠲᠦ ᠦᠶ᠎ᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠴᠥᠬᠡᠨ ᠴᠦ ᠰᠤᠯᠠᠷᠠᠭᠤᠯᠤᠯ ᠦᠭᠡᠢ ᠰᠠᠶᠢᠲᠤᠷ ᠬᠢᠵᠦ ᠂ ᠡᠪᠡᠳᠴᠢᠲᠡᠨ ᠤᠤᠭᠤᠬᠤ ᠡᠮ ᠲᠠᠢ ᠂ ᠬᠠᠮᠢᠶᠠᠷᠬᠤ ᠬᠥᠮᠥᠨ ᠲᠠᠢ ᠂ ᠡᠪᠡᠳᠴᠢᠨ ᠢᠶᠠᠨ ᠦᠵᠡᠭᠦᠯᠵᠦ ᠳᠡᠶᠢᠯᠬᠦ ᠶᠢ ᠪᠠᠲᠤᠯᠠᠵᠤ ᠂ ᠴᠠᠭ ᠢᠮᠠᠭᠲᠠ ᠤᠯᠠᠨ ᠲᠦᠮᠡᠨ ᠤ ᠳᠡᠷᠭᠡᠳᠡ ᠡᠷᠡᠭᠦᠯ ᠮᠡᠨᠳᠦ ᠶᠢ ᠨᠢ ᠰᠠᠬᠢᠨ ᠬᠠᠮᠠᠭᠠᠯᠠᠬᠤ ᠬᠡᠷᠡᠭᠲᠡᠢ ᠭᠡᠵᠦ ᠬᠡᠯᠡᠪᠡ ᠃
ᠮᠧᠩ ᠲᠠᠢ ᠢᠯᠴᠢ ᠬᠠᠩᠭᠠᠬᠤ ᠺᠣᠮᠫᠠᠨᠢ ᠳᠤ ᠂ ᠸᠠᠩ ᠯᠢ ᠰᠢᠶᠠ ᠠᠶᠤᠯ ᠦᠭᠡᠢ ᠦᠢᠯᠡᠳᠪᠦᠷᠢᠯᠡᠯ ᠵᠢᠴᠢ ᠳᠤᠯᠠᠭᠠᠯᠠᠭ᠎ᠠ ᠶᠢᠨ ᠪᠠᠲᠤᠯᠠᠭ᠎ᠠ ᠵᠡᠷᠭᠡ ᠪᠠᠶᠢᠳᠠᠯ ᠢ ᠲᠤᠬᠠᠢ ᠶᠢᠨ ᠲᠠᠯᠠᠪᠠᠢ ᠳᠤ ᠪᠠᠶᠢᠴᠠᠭᠠᠵᠤ ᠂ ᠡᠯ᠎ᠡ ᠲᠠᠯ᠎ᠠ ᠶᠢᠨ ᠠᠵᠢᠯ ᠢ ᠨᠠᠷᠢᠨ ᠨᠢᠮᠪᠠᠢ ᠰᠠᠶᠢᠲᠤᠷ ᠬᠢᠵᠦ ᠂ ᠳᠤᠯᠠᠭᠠᠨ ᠤ ᠬᠡᠮᠵᠢᠶ᠎ᠡ ᠶᠢ ᠪᠠᠲᠤᠯᠠᠬᠤ ᠪᠠᠷ ᠪᠠᠷᠠᠬᠤ ᠦᠭᠡᠢ ᠨᠡᠩ ᠴᠦ ᠠᠮᠤᠷ ᠲᠦᠪᠰᠢᠨ ᠢ ᠪᠠᠲᠤᠯᠠᠵᠤ ᠂ ᠤᠯᠠᠨ ᠲᠦᠮᠡᠨ ᠢ ᠠᠮᠤᠷ ᠲᠠᠶᠢᠪᠤᠩ ᠰᠢᠨᠡᠯᠡᠭᠦᠯᠬᠦ ᠬᠡᠷᠡᠭᠲᠡᠢ ᠭᠡᠵᠦ ᠱᠠᠭᠠᠷᠳᠠᠪᠠ ᠃
ᠠᠨᠳᠠ ᠨᠡᠶᠢᠭᠡᠮ ᠲᠣᠭᠤᠷᠢᠭ ᠲᠤ ᠂ ᠸᠠᠩ ᠯᠢ ᠰᠢᠶᠠ ᠨᠡᠶᠢᠭᠡᠮ ᠲᠣᠭᠤᠷᠢᠭ ᠤᠨ ᠺᠠᠳ᠋ᠷ ᠤᠯᠠᠨ ᠲᠦᠮᠡᠨ ᠲᠠᠢ ᠬᠠᠮᠲᠤ ᠂ ᠤᠯᠠᠨ ᠤ ᠰᠢᠨ᠎ᠡ ᠨᠢᠭᠡ ᠵᠢᠯ ᠤᠨ ᠵᠠᠰᠠᠭ ᠤᠨ ᠣᠷᠳᠣᠨ ᠤ ᠠᠵᠢᠯ ᠤᠨ ᠲᠤᠬᠠᠢ ᠰᠠᠨᠠᠯ ᠰᠠᠨᠠᠭᠤᠯᠭ᠎ᠠ ᠶᠢ ᠰᠣᠨᠣᠰᠪᠠ ᠃ ᠲᠡᠷᠡ ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠲᠠᠪᠤᠨ ᠶᠡᠭᠡ ᠡᠭᠦᠷᠭᠡ ᠶᠢ ᠬᠡᠷᠬᠢᠨ ᠨᠠᠶᠢᠳᠠᠪᠤᠷᠢᠵᠢᠭᠤᠯᠬᠤ ᠂ ᠨᠠᠮ ᠤᠨ ᠲᠥᠪ ᠬᠤᠷᠢᠶ᠎ᠠ ᠶᠢᠨ ᠪᠠᠶᠢᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠢ ᠬᠡᠷᠬᠢᠨ ᠲᠤᠤᠱᠯᠠᠭᠤᠯᠬᠤ ᠲᠤᠬᠠᠢ ᠲᠥᠯᠥᠪᠯᠡᠭᠡ ᠶᠢᠨ ᠪᠢᠴᠢᠭ ᠲᠣᠭᠲᠠᠭᠠᠵᠤ ᠂ ᠡᠭᠦᠷᠭᠡ ᠶᠢᠨ ᠬᠠᠭᠤᠳᠠᠰᠤ ᠶᠢ ᠲᠣᠳᠣᠷᠬᠠᠶᠢᠯᠠᠪᠠ ᠂ ᠵᠠᠩᠭᠢᠯᠠᠭ᠎ᠠ ᠨᠢ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠳᠤ ᠪᠤᠢ ᠂ ᠢᠯᠠᠩᠭᠤᠶ᠎ᠠ ᠤᠯᠠᠨ ᠲᠦᠮᠡᠨ ᠤ ᠬᠦᠰᠡᠯ ᠤᠨ ᠲᠣᠭᠤᠷᠢᠨ ᠳᠤ ᠦᠨᠡᠨ ᠪᠣᠳᠠᠲᠠᠢ ᠪᠠᠷ᠂ ᠦᠨᠡᠨ ᠰᠡᠳᠬᠢᠯ ᠠᠴᠠ ᠪᠠᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ ᠂ ᠤᠯᠠᠨ ᠲᠦᠮᠡᠨ ᠳᠤ ᠨᠡᠩ ᠢᠯᠡᠭᠦᠦ ᠬᠦᠷᠲᠡᠮᠵᠢ ᠶᠢᠨ ᠲᠥᠷᠥᠭᠳᠡᠯ ᠂ ᠵᠢᠷᠭᠠᠯᠲᠤ ᠲᠥᠷᠥᠭᠳᠡᠯ ᠂ ᠠᠮᠤᠷ ᠲᠦᠪᠰᠢᠨ ᠤ ᠲᠥᠷᠥᠭᠳᠡᠯ ᠣᠯᠭᠤᠬᠤ ᠬᠡᠷᠡᠭᠲᠡᠢ ᠭᠡᠵᠦ ᠬᠡᠯᠡᠪᠡ ᠃