ᠵᠤᠬᠢᠶᠠᠭᠴᠢ:
ᠴᠠᠭ:2023-01-29
ᠥᠵᠡᠭᠰᠡᠨ : ℃
ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠶᠢᠨ ᠫᠢᠩ ᠤᠨ ᠬᠤᠯᠪᠣᠭᠳᠠᠯ ᠪᠦᠬᠦᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠣᠷᠣᠯᠴᠠᠨ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠪᠠ ᠰᠦᠨ ᠱᠣᠣ ᠴᠧᠩ ᠬᠤᠷᠠᠯ ᠢ ᠡᠷᠬᠢᠯᠡᠪᠡ
2023 1 ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠭᠠᠳᠠᠨᠠᠬᠢ ᠬᠥᠮᠥᠰ ᠲᠠᠢ ᠶᠠᠷᠢᠯᠴᠠᠬᠤ ᠶᠢᠨ ᠬᠠᠮᠲᠤ ᠴᠠᠭᠠᠨ ᠰᠠᠷ᠎ᠠ ᠶᠢ ᠬᠠᠮᠲᠤ ᠪᠠᠷ ᠤᠭᠲᠤᠭᠰᠠᠨ ᠪᠠ ᠴᠠᠭᠠᠨ ᠰᠠᠷ᠎ᠠ ᠠᠴᠠ ᠡᠮᠦᠨᠡᠬᠡᠨ ᠸᠢᠳᠢᠣ᠋ ᠪᠠᠷ ᠬᠤᠯᠪᠣᠯᠳᠤᠵᠤ ᠦᠨᠳᠦᠰᠦᠨ ᠱᠠᠲᠤᠨ ᠤ ᠺᠠᠳ᠋ᠷ ᠣᠯᠠᠨ ᠲᠦᠮᠡᠨ ᠢ ᠡᠷᠭᠢᠨ ᠦᠵᠡᠵᠦ ᠲᠣᠬᠤᠨᠢᠭᠤᠯᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠣᠷᠣᠯᠴᠠᠵᠤ᠂ ᠨᠠᠶᠢᠳᠠᠪᠤᠷᠢᠵᠢᠭᠤᠯᠬᠤ ᠠᠵᠢᠯ ᠢ ᠰᠤᠳᠤᠯᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠬᠤᠯᠪᠣᠭᠳᠠᠯ ᠪᠦᠬᠦᠢ ᠠᠵᠢᠯ ᠢ ᠲᠣᠬᠢᠷᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠰᠦᠨ ᠱᠣᠣ ᠴᠧᠩ ᠬᠤᠷᠠᠯ ᠢ ᠡᠷᠬᠢᠯᠡᠪᠡ᠃
ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠨᠠᠮ ᠤᠨ ᠭᠠᠳᠠᠨᠠᠬᠢ ᠬᠥᠮᠥᠰ ᠲᠠᠢ ᠶᠠᠷᠢᠯᠴᠠᠬᠤ ᠬᠤᠷᠠᠯ ᠬᠢᠵᠦ᠂ ᠴᠠᠭᠠᠨ ᠰᠠᠷ᠎ᠠ ᠶᠢ ᠬᠠᠮᠲᠤ ᠪᠠᠷ ᠤᠭᠲᠤᠵᠤ᠂ ᠲᠥᠷᠥ ᠶᠢᠨ ᠶᠠᠪᠤᠳᠠᠯ ᠢ ᠬᠠᠮᠲᠤ ᠪᠠᠷ ᠵᠥᠪᠯᠡᠭᠰᠡᠨ ᠨᠢ ᠨᠠᠮ ᠤᠨ ᠲᠥᠪ ᠬᠤᠷᠢᠶ᠎ᠠ ᠠᠴᠠ ᠣᠯᠠᠨ ᠨᠠᠮ ᠬᠠᠮᠲᠤᠷᠠᠨ ᠠᠵᠢᠯᠯᠠᠬᠤ ᠦᠢᠯᠡᠰ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠪᠠᠶᠢᠬᠤ ᠶᠢ ᠭᠦᠢᠴᠡᠳ ᠬᠠᠷᠠᠭᠤᠯᠪᠠ᠃ ᠪᠢᠳᠡ ᠨᠠᠮ ᠤᠨ ᠭᠠᠳᠠᠨᠠᠬᠢ ᠬᠥᠮᠥᠰ ᠲᠠᠢ ᠬᠠᠮᠲᠤᠷᠠᠨ ᠠᠵᠢᠯᠯᠠᠬᠤ ᠪᠠᠨ ᠤᠯᠠᠮ ᠴᠢᠨᠠᠭᠰᠢᠳᠠ ᠴᠢᠩᠭᠠᠳᠬᠠᠵᠤ᠂ ᠲᠡᠳᠡᠨ ᠢ ᠬᠥᠲᠥᠯᠥᠨ ᠵᠢᠯᠣᠭᠤᠳᠴᠤ ᠪᠠᠶᠢᠭᠠᠳ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠰᠣᠷᠣᠯᠴᠠᠨ ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ ᠶᠡᠭᠡ ᠲᠠᠯ᠎ᠠ ᠳᠤ ᠦᠢᠯᠡᠴᠢᠯᠡᠬᠦ ᠲᠠᠯ᠎ᠠ ᠪᠠᠷ ᠨᠡᠩ ᠶᠡᠭᠡ ᠦᠢᠯᠡᠳᠦᠯ ᠪᠠᠳᠠᠷᠠᠭᠤᠯᠬᠤ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠸᠢᠳᠢᠣ᠋ ᠪᠠᠷ ᠬᠤᠯᠪᠣᠯᠳᠤᠬᠤ ᠬᠡᠯᠪᠡᠷᠢ ᠪᠠᠷ ᠦᠨᠳᠦᠰᠦᠨ ᠱᠠᠲᠤᠨ ᠤ ᠺᠠᠳ᠋ᠷ ᠣᠯᠠᠨ ᠲᠦᠮᠡᠨ ᠢ ᠡᠷᠭᠢᠨ ᠦᠵᠡᠨ ᠲᠣᠬᠤᠨᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠᠴᠢᠯᠠᠨ ᠳᠤᠷᠠᠳᠤᠭᠠᠳ ᠪᠠᠶᠢᠳᠠᠭ ᠠᠷᠠᠳ ᠤᠨ ᠲᠥᠯᠥᠭᠡ ᠭᠡᠬᠦ ᠰᠡᠳᠬᠢᠯᠭᠡ ᠶᠢ ᠭᠦᠢᠴᠡᠳ ᠢᠯᠡᠷᠡᠭᠦᠯᠪᠡ᠃ ᠡᠯ᠎ᠡ ᠱᠠᠲᠤᠨ ᠤ ᠬᠢᠨ 《ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ》 ᠬᠠᠷᠢᠭᠤᠴᠠᠯᠭᠠᠲᠤ ᠰᠡᠳᠬᠢᠯᠭᠡ ᠪᠠᠷ ᠴᠠᠭᠠᠨ ᠰᠠᠷ᠎ᠠ ᠶᠢᠨ ᠬᠤᠭᠤᠴᠠᠭᠠᠨ ᠤ ᠲᠡᠭᠡᠭᠡᠪᠦᠷᠢ ᠶᠢᠨ ᠠᠮᠤᠷ ᠲᠦᠪᠰᠢᠨ᠂ ᠠᠶᠤᠯ ᠦᠭᠡᠢ ᠦᠢᠯᠡᠳᠪᠦᠷᠢᠯᠡᠯ᠂ ᠬᠦᠴᠢᠷᠳᠡᠯᠲᠡᠢ ᠣᠯᠠᠨ ᠲᠦᠮᠡᠨ ᠢ ᠬᠠᠪᠰᠤᠷᠤᠨ ᠲᠡᠳᠬᠦᠬᠦ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ᠂ ᠡᠳ᠋ ᠪᠣᠳᠠᠰ ᠤᠨ ᠬᠠᠩᠭᠠᠯᠭ᠎ᠠ᠂ ᠬᠥᠯᠥᠰᠦᠨ ᠠᠵᠢᠯᠴᠢᠨ ᠤ ᠴᠠᠯᠢᠩ ᠢ ᠥᠭᠬᠦ ᠶᠢ ᠪᠠᠲᠤᠯᠠᠬᠤ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠢᠯᠠᠩᠭᠤᠶ᠎ᠠ ᠰᠢᠨ᠎ᠡ ᠱᠠᠲᠤ ᠦᠶ᠎ᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠭᠡᠨᠡᠳᠲᠡ ᠶᠢᠨ ᠬᠡᠷᠡᠭ ᠪᠠ ᠠᠮᠤᠷ ᠲᠦᠪᠰᠢᠨ ᠤ ᠠᠳᠡᠯ ᠢ ᠴᠢᠩᠭ᠎ᠠ ᠰᠡᠷᠭᠡᠶᠢᠯᠡᠵᠦ᠂ ᠪᠥᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠪᠠᠶᠠᠷ ᠪᠠᠶᠠᠰᠬᠤᠯᠠᠩ ᠲᠠᠢ ᠪᠠᠷ ᠰᠢᠨᠡᠯᠡᠵᠡᠭᠡᠬᠦ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃
ᠬᠤᠷᠠᠯ ᠠᠴᠠ ᠪᠥᠬᠦ ᠤᠯᠤᠰ ᠤᠨ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠨᠠᠷ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠨᠠᠮ ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠲᠤᠷ ᠬᠢᠬᠦ ᠲᠤᠬᠠᠢ ᠴᠢᠬᠤᠯᠠ ᠦᠵᠡᠯ ᠰᠠᠨᠠᠭ᠎ᠠ ᠶᠢ ᠪᠦᠷᠢᠨ ᠪᠦᠲᠦᠨ᠂ ᠵᠥᠪ ᠣᠨᠣᠪᠴᠢᠲᠠᠢ᠂ ᠪᠥᠬᠦ ᠲᠠᠯ᠎ᠠ ᠪᠠᠷ ᠡᠵᠡᠮᠳᠡᠨ ᠂ ᠨᠢᠭᠡᠳᠦᠮᠡᠯ ᠹᠷᠣᠨᠲ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ᠲᠠᠪᠤᠨ ᠶᠡᠭᠡ ᠡᠭᠦᠷᠭᠡ ᠶᠢ ᠴᠢᠷᠮᠠᠶᠢᠨ ᠪᠡᠶᠡᠯᠡᠭᠦᠯᠵᠦ᠂ 《ᠵᠢᠱᠢᠶᠡᠴᠢ ᠥᠪᠡᠷᠲᠡᠭᠡᠨ ᠵᠠᠰᠠᠬᠤ ᠣᠷᠣᠨ》 ᠢ ᠪᠥᠬᠦ ᠲᠠᠯ᠎ᠠ ᠪᠠᠷ ᠪᠦᠲᠦᠭᠡᠨ ᠪᠠᠶᠢᠭᠤᠯᠬᠤ ᠶᠢᠨ ᠲᠥᠯᠥᠭᠡ ᠬᠥᠮᠥᠰ ᠤᠨ ᠰᠡᠳᠬᠢᠯ ᠪᠠ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ ᠠᠴᠠ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ 2023 ᠣᠨ ᠤ ᠤᠯᠤᠰ ᠲᠥᠷᠥ ᠶᠢᠨ ᠵᠥᠪᠯᠡᠯᠭᠡᠨ ᠤ ᠵᠥᠪᠯᠡᠬᠦ ᠲᠥᠯᠥᠪᠯᠡᠭᠡ ᠪᠠ ᠪᠣᠯᠪᠠᠰᠤᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢᠨ ᠬᠠᠮᠢᠶ᠎ᠠ ᠪᠦᠬᠦᠢ ᠨᠡᠷᠡᠶᠢᠳᠦᠨ ᠬᠥᠬᠢᠭᠦᠯᠬᠦ ᠨᠡᠷᠡᠰ ᠢ ᠰᠤᠳᠤᠯᠵᠤ᠂ ᠦᠵᠡᠯ ᠰᠠᠨᠠᠭ᠎ᠠ ᠤᠯᠤᠰ ᠲᠥᠷᠥ ᠶᠢᠨ ᠠᠵᠢᠯ᠂ ᠬᠠᠷᠢᠶᠠᠲᠤ ᠨᠠᠷ ᠤᠨ ᠬᠤᠯᠪᠣᠭ᠎ᠠ ᠶᠢᠨ ᠠᠵᠢᠯ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃