ᠵᠤᠬᠢᠶᠠᠭᠴᠢ:
ᠴᠠᠭ:2023-01-29
ᠥᠵᠡᠭᠰᠡᠨ : ℃
ᠢᠷᠡᠯᠲᠡ: ᠥᠪᠥᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
ᠪᠦᠬᠦ ᠣᠷᠣᠨ ᠤ ᠴᠡᠷᠢᠭ ᠡᠯᠰᠡᠬᠦ ᠠᠵᠢᠯ ᠤᠨ ᠲᠧᠯᠸᠢᠰ ᠤᠲᠠᠰᠤᠲᠤ ᠬᠤᠷᠠᠯ ᠬᠤᠷᠠᠯᠳᠤᠪᠠ ᠶᠠᠩ ᠰᠢᠶᠣᠣ ᠺᠠᠩ ᠬᠤᠷᠠᠯ ᠳᠤ ᠣᠷᠣᠯᠴᠠᠵᠤ ᠴᠢ᠊ ᠪᠠᠲᠤ ᠵᠠᠩ ᠸᠧᠨ ᠡᠾᠦ᠋ᠢ ᠶᠠᠷᠢᠶ᠎ᠠ ᠲᠠᠯᠪᠢᠵᠠᠢ
2023 1 ᠰᠠᠷ᠎ᠠ ᠶᠢᠨ 18 ᠤ ᠡᠳᠦᠷ ᠂ ᠪᠥᠬᠦ ᠣᠷᠣᠨ ᠤ ᠴᠡᠷᠢᠭ ᠡᠯᠰᠡᠬᠦ ᠠᠵᠢᠯ ᠤᠨ ᠲᠧᠯᠸᠢᠰ ᠤᠲᠠᠰᠤᠲᠤ ᠬᠤᠷᠠᠯ ᠬᠥᠬᠡᠬᠤᠲᠠ ᠳᠤ ᠬᠤᠷᠠᠯᠳᠤᠵᠤ ᠂ ᠤᠯᠤᠰ ᠤᠨ ᠴᠡᠷᠢᠭ ᠡᠯᠰᠡᠬᠦ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠂ ᠪᠥᠬᠦ ᠣᠷᠣᠨ ᠤ ᠴᠡᠷᠢᠭ ᠡᠯᠰᠡᠬᠦ ᠠᠵᠢᠯ ᠢ ᠪᠠᠶᠢᠷᠢᠯᠠᠭᠤᠯᠪᠠ ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠺᠣᠮᠢᠰᠰᠠᠷ ᠶᠠᠩ ᠰᠢᠶᠣᠣ ᠺᠠᠩ ᠬᠤᠷᠠᠯ ᠳᠤ ᠣᠷᠣᠯᠴᠠᠪᠠ ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠂ ᠥᠪᠡᠷᠲᠡᠭᠡᠨ ᠵᠠᠰᠠᠬᠤ ᠣᠷᠣᠨ ᠤ ᠴᠡᠷᠢᠭ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠴᠢ᠊ ᠪᠠᠲᠤ ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠳᠡᠳ᠋ ᠺᠣᠮᠢᠰᠡᠷ ᠂ ᠥᠪᠡᠷᠲᠡᠭᠡᠨ ᠵᠠᠰᠠᠬᠤ ᠣᠷᠣᠨ ᠤ ᠴᠡᠷᠢᠭ ᠡᠯᠰᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠵᠠᠩ ᠸᠧᠨ ᠡᠾᠦ᠋ᠢ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ ᠃
ᠬᠤᠷᠠᠯ ᠠᠴᠠ ᠴᠢᠬᠤᠯᠠᠴᠢᠯᠠᠬᠤ ᠳᠤ ᠪᠠᠨ ᠂ ᠡᠯ᠎ᠡ ᠱᠠᠲᠤᠨ ᠤ ᠬᠢᠨ 《 ᠲᠠᠶᠢᠨ ᠤ ᠲᠥᠯᠥᠭᠡ ᠴᠢᠳᠠᠪᠤᠷᠢᠲᠠᠨ ᠰᠣᠩᠭᠤᠬᠤ ᠂ ᠲᠠᠶᠢᠨ ᠤ ᠲᠥᠯᠥᠭᠡ ᠰᠢᠯᠢᠳᠡᠭ ᠢ ᠡᠯᠰᠡᠬᠦ 》 ᠢᠯᠡ ᠲᠣᠳᠣ ᠤᠳᠤᠷᠢᠳᠤᠮᠵᠢ ᠶᠢ ᠯᠠᠪᠳᠠᠭᠤᠨ ᠪᠠᠲᠤᠲᠠᠢ ᠪᠣᠢ ᠪᠣᠯᠭᠠᠵᠤ ᠂ ᠡᠯ᠎ᠡ ᠱᠠᠲᠤᠨ ᠤ ᠡᠯ᠎ᠡ ᠲᠦᠷᠦᠯ ᠤᠨ ᠰᠤᠷᠭᠠᠭᠤᠯᠢ ᠠᠴᠠ ᠲᠡᠭᠦᠰᠦᠭᠰᠡᠨ ᠰᠤᠷᠤᠭᠴᠢᠳ ᠢ ᠡᠯᠰᠡᠬᠦ ᠶᠢ ᠲᠤᠪᠤᠶᠢᠯᠭᠠᠨ ᠂ ᠪᠠᠶᠢᠭᠠᠯᠢ ᠶᠢᠨ ᠰᠢᠨᠵᠢᠯᠡᠬᠦ ᠤᠬᠠᠭᠠᠨ ᠢᠨᠵᠧᠨᠧᠷᠢᠩ ᠤᠨ ᠮᠡᠷᠭᠡᠵᠢᠯ ᠤᠨ ᠲᠦᠷᠦᠯ ᠤᠨ ᠲᠤᠰᠬᠠᠢ ᠮᠡᠷᠭᠡᠵᠢᠯ ᠪᠠ ᠤᠷ᠎ᠠ ᠴᠢᠳᠠᠪᠤᠷᠢ ᠲᠠᠢ ᠴᠢᠳᠠᠪᠤᠷᠢᠲᠠᠨ ᠢ ᠰᠢᠯᠢᠨ ᠰᠣᠩᠭᠤᠬᠤ ᠶᠢ ᠲᠤᠪᠤᠶᠢᠯᠭᠠᠵᠦ ᠂ ᠰᠠᠶᠢᠨ ᠳᠤᠷ᠎ᠠ ᠠᠴᠠ ᠪᠠᠨ ᠤᠷᠳᠤ ᠬᠤᠭᠤᠴᠠᠭ᠎ᠠ ᠪᠠᠷ ᠠᠯᠪᠠ ᠬᠠᠭᠠᠬᠤ ᠬᠦᠰᠡᠯ ᠲᠠᠢ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠠᠴᠠ ᠲᠡᠭᠦᠰᠦᠭᠰᠡᠨ ᠰᠢᠯᠢᠳᠡᠭ ᠰᠤᠷᠤᠭᠴᠢᠳ ᠢ ᠡᠯᠰᠡᠬᠦ ᠡᠷᠴᠢᠮ ᠢᠶᠠᠨ ᠴᠢᠩᠭᠠᠷᠠᠭᠤᠯᠵᠤ ᠂ ᠡᠯ᠎ᠡ ᠰᠤᠷᠤᠯᠭ᠎ᠠ ᠶᠢᠨ ᠨᠠᠮᠲᠠᠷ ᠤᠨ ᠲᠡᠰ ᠳᠠᠪᠬᠤᠷᠭ᠎ᠠ ᠶᠢᠨ ᠵᠠᠯᠠᠭᠤᠴᠤᠳ ᠲᠤ ᠴᠡᠷᠢᠭ ᠲᠤ ᠡᠯᠰᠡᠭᠳᠡᠵᠦ ᠂ ᠤᠯᠤᠰ ᠤᠨ ᠪᠠᠲᠤᠯᠠᠨ ᠬᠠᠮᠠᠭᠠᠯᠠᠯᠲᠠ ᠳᠤ ᠠᠮᠢ ᠪᠡᠶ᠎ᠡ ᠪᠠᠨ ᠵᠣᠷᠢᠭᠤᠯᠬᠤ ᠠᠵᠠ ᠲᠣᠬᠢᠶᠠᠯ ᠢ ᠣᠯᠭᠤᠬᠤ ᠬᠡᠷᠡᠭᠲᠡᠢ ᠃ ᠣᠨᠣᠴᠠᠲᠠᠢ ᠪᠠᠷ ᠴᠡᠷᠢᠭ ᠡᠯᠰᠡᠬᠦ ᠂ ᠰᠢᠯᠢᠳᠡᠭ ᠠᠴᠠ ᠰᠢᠯᠢᠳᠡᠭ ᠢ ᠰᠣᠩᠭᠤᠬᠤ ᠶᠢ ᠪᠠᠷᠢᠮᠲᠠᠯᠠᠵᠤ ᠂ ᠥᠨᠳᠦᠷᠯᠢᠭ ᠭᠠᠵᠠᠷ ᠤᠨ ᠴᠡᠷᠢᠭ ᠠᠩᠭᠢ ᠶᠢᠨ ᠰᠢᠨ᠎ᠡ ᠴᠡᠷᠢᠭ ᠪᠣᠯᠣᠨ ᠡᠯ᠎ᠡ ᠲᠦᠷᠦᠯ ᠤᠨ ᠨᠥᠬᠦᠴᠡᠯ ᠲᠠᠢ ᠴᠡᠷᠢᠭ ᠢ ᠨᠠᠷᠢᠨ ᠨᠢᠮᠪᠠᠢ ᠰᠢᠯᠢᠨ ᠰᠣᠩᠭᠤᠵᠤ ᠂ ᠨᠡᠩ ᠤᠯᠠᠨ ᠰᠢᠯᠢᠳᠡᠭ ᠵᠠᠯᠠᠭᠤᠴᠤᠳ ᠢ ᠴᠡᠷᠢᠭ ᠲᠤ ᠡᠯᠰᠡᠬᠦ ᠬᠡᠷᠡᠭᠲᠡᠢ ᠭᠡᠵᠡᠢ᠃