ᠵᠤᠬᠢᠶᠠᠭᠴᠢ:
ᠴᠠᠭ:2023-01-29
ᠥᠵᠡᠭᠰᠡᠨ : ℃
ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾
ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠵᠢᠴᠢ ᠬᠡᠷᠡᠭ ᠢᠶᠠᠷ ᠴᠡᠭᠴᠡᠯᠡᠨ ᠰᠠᠶᠢᠵᠢᠷᠠᠭᠤᠯᠤᠯᠲᠠ ᠶᠢ ᠠᠬᠢᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ ᠰᠦᠨ ᠱᠤᠤ ᠴᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ
2023 1 ᠰᠠᠷ᠎ᠠ ᠶᠢᠨ 17 ᠤ ᠡᠳᠥᠷ ᠦᠨ ᠦᠳᠡ ᠶᠢᠨ ᠬᠤᠶᠢᠨ᠎ᠠ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ 2022 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠵᠢᠴᠢ ᠬᠡᠷᠡᠭ ᠢᠶᠠᠷ ᠴᠡᠭᠴᠡᠯᠡᠨ ᠰᠠᠶᠢᠵᠢᠷᠠᠭᠤᠯᠤᠯᠲᠠ ᠶᠢ ᠠᠬᠢᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠭᠤᠯᠪᠠ ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠡᠷᠭᠢᠯᠡᠭᠴᠢ ᠰᠦᠨ ᠱᠤᠤ ᠴᠧᠩ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ ᠃
ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠳᠦᠭᠡᠷ ᠱᠠᠯᠠᠪᠳᠠᠭᠤᠯᠤᠨ ᠵᠢᠯᠤᠭᠤᠳᠬᠤ ᠳᠤᠭᠤᠶᠢᠯᠠᠩ ᠪᠣᠯᠣᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠂ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠤ ᠵᠢᠭᠠᠨ ᠵᠢᠯᠣᠭᠤᠳᠪᠠ ᠃
ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠡᠨᠡ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠪᠠ ᠃ ᠬᠤᠷᠠᠯ ᠠᠴᠠ ᠡᠮᠦᠨ᠎ᠡ ᠂ ᠲᠤᠰᠬᠠᠶᠢᠯᠠᠨ ᠲᠥᠰᠥᠯ ᠲᠣᠭᠲᠠᠭᠠᠵᠤ ᠂ ᠰᠤᠷᠤᠯᠴᠠᠵᠤ ᠰᠤᠳᠤᠯᠤᠨ ᠶᠠᠷᠢᠯᠴᠠᠬᠤ ᠶᠢ ᠭᠦᠨᠵᠡᠭᠡᠢ ᠥᠷᠨᠢᠭᠦᠯᠵᠦ ᠂ ᠥᠷᠭᠡᠨ ᠢᠶᠠᠷ ᠰᠠᠨᠠᠯ ᠰᠠᠨᠠᠭᠤᠯᠭ᠎ᠠ ᠬᠤᠷᠢᠶᠠᠵᠤ ᠂ ᠰᠡᠳᠬᠢᠯ ᠤᠨ ᠦᠭᠡ ᠪᠠᠨ ᠨᠠᠷᠢᠨ ᠬᠢᠨᠠᠮᠠᠭᠠᠢ ᠶᠠᠷᠢᠯᠴᠠᠵᠤ ᠂ ᠬᠠᠷᠢᠴᠠᠭᠤᠯᠤᠨ ᠪᠠᠶᠢᠴᠠᠭᠠᠬᠤ ᠮᠠᠲ᠋ᠧᠷᠢᠶᠠᠯ ᠢ ᠨᠠᠷᠢᠨ ᠨᠢᠮᠪᠠᠢ ᠪᠢᠴᠢᠵᠦ ᠂ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠰᠠᠶᠢᠲᠤᠷ ᠬᠤᠷᠠᠯᠳᠤᠭᠤᠯᠬᠤ ᠳᠤ ᠭᠦᠢᠴᠡᠳ ᠪᠡᠯᠡᠳᠬᠡᠯ ᠬᠢᠵᠡᠢ ᠃
ᠬᠤᠷᠠᠯ ᠠᠴᠠ ᠡᠩ ᠲᠡᠷᠢᠭᠦᠨ ᠳᠤ ᠨᠠᠮ ᠤᠨ ᠤᠳᠤᠷᠢᠳᠬᠤ ᠪᠠᠭ ᠤᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠪᠠ ᠲᠣᠰ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢ ᠵᠠᠷᠯᠠᠨ ᠮᠡᠳᠡᠭᠳᠡᠪᠡ ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠂ ᠪᠠᠶᠢᠩᠭᠤ ᠶᠢᠨ ᠳᠡᠳ᠋ ᠡᠷᠭᠢᠯᠡᠭᠴᠢ ᠯᠢᠨ ᠱᠤᠤ ᠴᠦᠨ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠢ ᠲᠥᠯᠥᠭᠡᠯᠡᠨ ᠬᠠᠷᠭᠤᠭᠤᠯᠤᠨ ᠪᠠᠶᠢᠴᠠᠭᠠᠯᠲᠠ ᠬᠢᠬᠦ ᠶᠢᠨ ᠬᠠᠮᠲᠤ ᠲᠦᠷᠦᠭᠦᠯᠡᠨ ᠬᠤᠪᠢ ᠬᠥᠮᠥᠨ ᠤ ᠬᠠᠷᠭᠤᠭᠤᠯᠤᠨ ᠪᠠᠶᠢᠴᠠᠭᠠᠯᠲᠠ ᠬᠢᠪᠡ ᠃ ᠪᠠᠭ ᠤᠨ ᠪᠦᠷᠢᠯᠳᠦᠭᠦᠨ ᠨᠠᠷ ᠬᠤᠪᠢ ᠬᠥᠮᠥᠨ ᠤ ᠬᠠᠷᠭᠤᠭᠤᠯᠤᠨ ᠪᠠᠶᠢᠴᠠᠭᠠᠯᠲᠠ ᠶᠢ ᠨᠠᠷᠢᠨ ᠬᠢᠨᠠᠮᠠᠭᠠᠢ ᠬᠢᠵᠦ ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠥᠷᠨᠢᠭᠦᠯᠪᠡ ᠃
ᠰᠦᠨ ᠱᠤᠤ ᠴᠧᠩ ᠳ᠋ᠦᠩᠨᠡᠯᠲᠡ ᠶᠢᠨ ᠶᠠᠷᠢᠶᠠᠨ ᠳᠠᠭᠠᠨ ᠂ ᠡᠨᠡ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠢ ᠮᠠᠰᠢ ᠰᠠᠶᠢᠨ ᠬᠤᠷᠠᠯᠳᠤᠭᠤᠯᠵᠤ ᠂ ᠲᠠᠨᠢᠯᠲᠠ ᠪᠠᠨ ᠳᠡᠭᠡᠭᠰᠢᠯᠡᠭᠦᠯᠭᠦ ᠂ ᠪᠦᠯᠬᠦᠮᠳᠡᠯ ᠢᠶᠠᠨ ᠴᠢᠩᠭᠠᠳᠬᠠᠬᠤ ᠂ ᠠᠵᠢᠯ ᠢᠶᠠᠨ ᠠᠬᠢᠭᠤᠯᠬᠤ ᠵᠣᠷᠢᠯᠭ᠎ᠠ ᠳᠠᠭᠠᠨ ᠬᠦᠷᠴᠡᠢ ᠃ ᠪᠢᠳᠡ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠦᠷ᠎ᠡ ᠪᠦᠲᠦᠭᠡᠯ ᠢ ᠰᠠᠶᠢᠲᠤᠷ ᠠᠰᠢᠭᠯᠠᠵᠤ ᠂ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠵᠤ ᠂ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠬᠤ ᠪᠠᠭ ᠤᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠬᠤ ᠬᠡᠷᠡᠭᠲᠡᠢ ᠃ 《ᠬᠤᠶᠠᠷ ᠢ ᠲᠣᠭᠲᠠᠭᠠᠭᠰᠠᠨ 》 ᠢ ᠡᠷᠡᠰ ᠬᠦᠷᠢᠶᠡᠯᠡᠵᠦ ᠂ 《 ᠬᠤᠶᠠᠷ ᠢ ᠬᠠᠮᠠᠭᠠᠯᠠᠬᠤ 》 ᠶᠢ ᠡᠷᠡᠰ ᠪᠡᠶᠡᠯᠡᠭᠦᠯᠬᠦ ᠦᠵᠡᠯ ᠰᠠᠨᠠᠭᠠᠨ ᠤ ᠤᠬᠠᠮᠰᠠᠷ ᠂ ᠤᠯᠤᠰ ᠲᠥᠷᠥ ᠶᠢᠨ ᠤᠬᠠᠮᠰᠠᠷ ᠂ ᠦᠶᠯᠡ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠵᠤ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠰᠡᠳᠬᠢᠯ ᠢᠶᠠᠨ ᠨᠢᠭᠡᠳᠬᠡᠨ ᠰᠦᠭ ᠰᠦᠨᠡᠰᠦ ᠪᠠᠨ ᠱᠤᠭᠤᠬᠤ ᠶᠢ ᠴᠥᠬᠦᠷᠡᠰᠢ ᠦᠭᠡᠢ ᠪᠠᠷᠢᠮᠲᠠᠯᠠᠵᠤ ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ ᠂ ᠤᠯᠤᠰ ᠲᠥᠷᠥ ᠶᠢᠨ ᠤᠬᠠᠪᠤᠷᠢᠯᠠᠬᠤ ᠴᠢᠳᠠᠪᠤᠷᠢ ᠂ ᠤᠯᠤᠰ ᠲᠥᠷᠥ ᠶᠢᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ ᠃ ᠥᠪᠡᠷᠲᠡᠭᠡᠨ ᠵᠠᠰᠠᠬᠤ ᠣᠷᠣᠨ ᠤ ᠭᠤᠣᠯ ᠠᠵᠢᠯ ᠤᠨ ᠲᠣᠭᠤᠷᠢᠨ ᠳᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠂ ᠬᠥᠭᠵᠢᠯᠲᠡ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠪᠣᠯᠣᠨ ᠠᠷᠠᠳ ᠤᠯᠠᠨ ᠤ ᠰᠠᠨᠠᠭᠠᠰᠢᠷᠠᠵᠤ ᠪᠠᠶᠢᠭ᠎ᠠ ᠶᠠᠪᠤᠳᠠᠯ ᠂ ᠭᠠᠴᠢᠭᠳᠠᠵᠤ ᠪᠠᠶᠢᠭ᠎ᠠ ᠶᠠᠪᠤᠳᠠᠯ ᠂ ᠵᠣᠪᠠᠨᠢᠵᠤ ᠪᠠᠶᠢᠭ᠎ᠠ ᠶᠠᠪᠤᠳᠠᠯ ᠢ ᠰᠠᠶᠢᠲᠤᠷ ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ ᠃ ᠪᠦᠭᠦ ᠲᠠᠯ᠎ᠠ ᠪᠠᠷ ᠨᠠᠮ ᠢ ᠴᠢᠩᠭ᠎ᠠ ᠬᠠᠮᠢᠶᠠᠷᠴᠤ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠪᠠᠲᠤ ᠡᠭᠦᠷᠭᠡᠯᠡᠵᠦ ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠦᠷᠭᠦᠯᠵᠢᠯᠡᠨ ᠬᠦᠴᠦᠯᠡᠨ ᠰᠠᠶᠢᠲᠤᠷ ᠠᠳᠬᠤᠬᠤ ᠬᠡᠷᠡᠭᠲᠡᠢ ᠭᠡᠵᠦ ᠬᠡᠯᠡᠪᠡ ᠃
ᠯᠢ ᠪᠢᠩ ᠷᠦᠩ ᠬᠤᠷᠠᠯ ᠳᠤ ᠰᠤᠯᠠ ᠣᠷᠣᠯᠴᠠᠵᠠᠢ ᠃