ᠵᠤᠬᠢᠶᠠᠭᠴᠢ:
ᠴᠠᠭ:2023-01-29
ᠥᠵᠡᠭᠰᠡᠨ : ℃
ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾
ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠠᠢ ᠸᠠᠩ ᠯᠢ ᠰᠢᠶᠠ ᠬᠤᠷᠠᠯ ᠢ ᠡᠷᠭᠢᠯᠡᠪᠠ
2023 1 ᠰᠠᠷ᠎ᠠ ᠶᠢᠨ 17 ᠤ ᠡᠳᠦᠷ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠭᠤᠣᠯᠳᠠᠯᠭ᠎ᠠ ᠲᠠᠢ ᠡᠭᠦᠷᠭᠡ ᠶᠢᠨ ᠠᠵᠢᠯ ᠤᠨ ᠬᠤᠪᠢᠶᠠᠷᠢᠯᠠᠯ ᠵᠡᠷᠭᠡ ᠵᠦᠢᠯᠡᠰ ᠢ ᠰᠤᠳᠤᠯᠪᠠ ᠃
ᠬᠤᠷᠠᠯ ᠠᠴᠠ ᠂ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠪᠣᠯ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠠᠴᠠ ᠪᠦᠭᠦ ᠣᠷᠣᠨ ᠤ ᠠᠷᠠᠳ ᠲᠦᠮᠡᠨ ᠳᠤ ᠬᠢᠭᠰᠡᠨ ᠲᠥᠪ ᠴᠢᠩᠭ᠎ᠠ ᠠᠮᠠᠯᠠᠯᠲᠠ ᠮᠥᠨ ᠂ ᠦᠨᠡᠨ ᠪᠣᠳᠠᠲᠠᠢ《ᠲᠥᠯᠥᠪᠯᠡᠭᠡ ᠶᠢᠨ ᠪᠢᠴᠢᠭ》ᠪᠠ 《ᠡᠭᠦᠷᠭᠡ ᠶᠢᠨ ᠲᠠᠩᠰᠠ》ᠮᠥᠨ ᠂ ᠵᠠᠩᠭᠢᠯᠠᠭ᠎ᠠ ᠨᠢ ᠡᠭᠦᠷᠭᠡ ᠶᠢ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠳᠤ ᠪᠤᠢ ᠃ ᠡᠯ᠎ᠡ ᠰᠠᠯᠠᠭ᠎ᠠ ᠮᠥᠴᠢᠷ ᠬᠤᠷᠳᠤᠴᠠ ᠪᠠᠨ ᠲᠦᠷᠭᠡᠳᠬᠡᠨ ᠦᠷ᠎ᠡ ᠪᠦᠲᠦᠮᠵᠢ ᠪᠠᠨ ᠳᠡᠭᠡᠭᠰᠢᠯᠡᠭᠦᠯᠵᠦ ᠂ ᠠᠵᠢᠯ ᠤᠨ ᠨᠠᠷᠢᠨ ᠲᠥᠰᠥᠯ ᠢ ᠦᠳᠲᠡᠷ ᠲᠦᠷᠭᠡᠨ ᠰᠤᠳᠤᠯᠤᠨ ᠪᠦᠷᠢᠯᠳᠦᠭᠦᠯᠵᠦ ᠂ ᠡᠭᠦᠷᠭᠡ ᠶᠢᠨ ᠨᠢᠭᠡᠴᠢ ᠶᠢ ᠪᠠᠭᠠᠰᠬᠠᠨ ᠂ ᠭᠤᠣᠯᠳᠠᠯᠭ᠎ᠠ ᠲᠠᠢ ᠠᠷᠭ᠎ᠠ ᠬᠡᠮᠵᠢᠶ᠎ᠡ ᠶᠢ ᠲᠣᠳᠣᠷᠬᠠᠶᠢᠯᠠᠵᠤ ᠂ ᠡᠭᠦᠷᠭᠡ ᠶᠢᠨ ᠨᠠᠷᠢᠨ ᠲᠠᠩᠰᠠ ᠂ ᠲᠥᠷᠥᠯ ᠵᠦᠢᠯ ᠤᠨ ᠨᠠᠷᠢᠨ ᠲᠠᠩᠰᠠ ᠂ ᠠᠷᠭ᠎ᠠ ᠬᠡᠮᠵᠢᠶ᠎ᠡ ᠶᠢᠨ ᠨᠠᠷᠢᠨ ᠲᠠᠩᠰᠠ ᠂ ᠬᠠᠷᠢᠭᠤᠴᠠᠯᠭ᠎ᠠ ᠶᠢᠨ ᠨᠠᠷᠢᠨ ᠲᠠᠩᠰᠠ ᠶᠢ ᠪᠦᠷᠢᠯᠳᠦᠭᠦᠯᠵᠦ ᠂ ᠵᠦᠢᠯ ᠵᠤᠷᠪᠤᠰ ᠳᠠᠷᠠᠭᠠᠯᠠᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ ᠃ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠨᠠᠷ ᠪᠡᠶ᠎ᠡ ᠪᠠᠷ ᠢᠶᠠᠨ ᠰᠤᠳᠤᠯᠵᠤ ᠂ ᠪᠡᠶ᠎ᠡ ᠪᠠᠷ ᠢᠶᠠᠨ ᠣᠷᠣᠯᠴᠠᠨ ᠂ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠰᠣᠨᠣᠰᠴᠤ ᠂ ᠲᠣᠪᠣᠶᠢᠮ᠎ᠠ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠵᠦ ᠂ ᠳᠡᠭᠡᠳᠦ ᠱᠠᠲᠤ ᠨᠢ ᠳᠣᠣᠷᠠᠲᠦ ᠱᠠᠲᠤ ᠪᠠᠨ ᠳᠠᠭᠠᠭᠤᠯᠤᠨ ᠨᠠᠶᠢᠳᠠᠪᠤᠷᠢᠵᠢᠭᠤᠯᠤᠯᠲᠠ ᠶᠢ ᠠᠬᠢᠭᠤᠯᠵᠤ ᠂ ᠶᠠᠪᠤᠳᠠᠯ ᠪᠣᠯᠭᠠᠨ ᠢ ᠨᠠᠶᠢᠳᠠᠪᠤᠷᠢᠵᠢᠭᠤᠯᠵᠤ ᠂ ᠤᠴᠢᠷ ᠪᠣᠯᠭᠠᠨ ᠢ ᠪᠣᠳᠠᠲᠠᠶᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠃ ᠵᠠᠰᠠᠭ ᠤᠨ ᠣᠷᠳᠣᠨ ᠤ ᠠᠯᠪᠠᠨ ᠲᠢᠩᠬᠢᠮ ᠭᠤᠣᠯᠳᠠᠯᠭ᠎ᠠ ᠲᠠᠢ ᠡᠭᠦᠷᠭᠡ ᠶᠢᠨ ᠲᠣᠭᠤᠷᠢᠨ ᠳᠤ ᠂ ᠠᠵᠢᠯ ᠤᠨ ᠡᠬᠡ ᠲᠠᠩᠰᠠ ᠶᠢ ᠨᠠᠷᠢᠯᠢᠭᠵᠢᠭᠤᠯᠵᠤ ᠂ ᠰᠤᠯᠠᠷᠠᠭᠤᠯᠤᠯ ᠦᠭᠡᠢ ᠠᠳᠬᠤᠨ ᠮᠥᠷᠳᠡᠨ ᠱᠠᠯᠠᠪᠳᠠᠭᠤᠯᠤᠨ ᠰᠢᠢᠳᠪᠦᠷᠢᠯᠡᠭᠦᠯᠵᠦ ᠂ ᠡᠯ᠎ᠡ ᠵᠦᠢᠯ ᠤᠨ ᠡᠭᠦᠷᠭᠡ ᠶᠢ ᠲᠡᠷᠡ ᠶᠣᠰᠣᠭᠠᠷ ᠨᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ ᠃
ᠬᠤᠷᠠᠯ ᠠᠴᠠ ᠪᠠᠰᠠ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠂ ᠠᠷᠠᠯᠵᠢᠶᠠᠴᠢᠨ ᠤᠷᠢᠵᠤ ᠪᠡᠯᠡ ᠮᠥᠩᠭᠦ ᠣᠷᠣᠭᠤᠯᠤᠨ ᠠᠪᠴᠢᠷᠠᠬᠤ ᠣᠨ ᠤ ᠠᠵᠢᠯ ᠤᠨ ᠭᠤᠣᠯᠳᠠᠯᠭ᠎ᠠ ᠵᠡᠷᠭᠡ ᠵᠦᠢᠯᠡᠰ ᠢ ᠰᠤᠳᠤᠯᠪᠠ ᠃