ᠵᠤᠬᠢᠶᠠᠭᠴᠢ:
ᠴᠠᠭ:2023-02-03
ᠥᠵᠡᠭᠰᠡᠨ : ℃
ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾
ᠨᠢᠭᠡ ᠰᠡᠳᠬᠢᠯ ᠨᠡᠶᠢᠳᠠ ᠶᠢᠨ ᠬᠦᠴᠦᠨ ᠢᠶᠠᠷ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠢ ᠬᠥᠭᠵᠢᠭᠦᠯᠵᠦ ᠬᠦᠴᠦᠷᠬᠡᠭᠵᠢᠭᠦᠯᠬᠦ ᠬᠡᠷᠡᠭᠲᠡᠢ ᠸᠠᠩ ᠯᠢ ᠰᠢᠶᠠ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠲᠤᠬᠠᠢ ᠶᠢᠨ ᠲᠠᠯᠠᠪᠠᠢ ᠳᠤ ᠠᠯᠪᠠᠯᠠᠪᠠ
2023 2 ᠰᠠᠷ᠎ᠠ 1 ᠤ ᠡᠳᠦᠷ ᠂ ᠸᠠᠩ ᠯᠢ ᠰᠢᠶᠠ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠲᠤᠬᠠᠢ ᠶᠢᠨ ᠲᠠᠯᠠᠪᠠᠢ ᠳᠤ ᠠᠯᠪᠠᠯᠠᠪᠠ ᠃
ᠬᠤᠪᠣᠷ ᠰᠢᠷᠣᠢ ᠶᠢᠨ ᠰᠤᠳᠤᠯᠭᠠᠨ ᠤ ᠬᠦᠷᠢᠶᠡᠯᠡᠩ ᠳᠤ ᠂ ᠸᠠᠩ ᠯᠢ ᠰᠢᠶᠠ ᠤᠯᠤᠰ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠵᠢᠴᠢ ᠲᠤᠷᠰᠢᠯᠲᠠ ᠶᠢᠨ ᠵᠢᠱᠢᠶ᠎ᠡ ᠦᠵᠡᠭᠦᠯᠭᠦ ᠰᠠᠭᠤᠷᠢᠨ ᠭᠠᠵᠠᠷ ᠤᠨ ᠰᠢᠨᠵᠢᠯᠡᠬᠦ ᠤᠬᠠᠭᠠᠨ ᠮᠡᠷᠭᠡᠵᠢᠯ ᠢ ᠰᠤᠳᠤᠯᠤᠨ ᠨᠡᠭᠡᠭᠡᠭᠰᠡᠨ ᠂ ᠦᠷ᠎ᠡ ᠪᠦᠲᠦᠭᠡᠯ ᠢ ᠣᠨᠳᠣᠣᠰᠢᠭᠤᠯᠤᠭᠰᠠᠨ ᠵᠡᠷᠭᠡ ᠪᠠᠶᠢᠳᠠᠯ ᠢ ᠨᠠᠷᠢᠨ ᠣᠶᠢᠯᠠᠭᠠᠵᠤ ᠂ ᠲᠤᠷᠰᠢᠯᠲᠠ ᠶᠢᠨ ᠲᠠᠰᠤᠭ ᠢ ᠳᠡᠯᠡᠬᠡᠢ ᠶᠢᠨ ᠲᠡᠷᠢᠭᠦᠨ ᠵᠡᠷᠭᠡ ᠶᠢᠨ ᠬᠤᠪᠣᠷ ᠰᠢᠷᠣᠢ ᠶᠢᠨ ᠳᠠᠭᠠᠭᠤᠯᠤᠭᠴᠢ ᠠᠵᠤ ᠠᠬᠤᠶᠢᠯᠠᠯ ᠢ ᠪᠠᠶᠢᠭᠤᠯᠬᠤ ᠶᠢᠨ ᠲᠣᠭᠤᠷᠢᠨ ᠳᠤ ᠪᠠᠶᠢᠷᠢ ᠲᠣᠭᠲᠠᠭᠠᠯᠲᠠ ᠪᠠᠨ ᠤᠯᠠᠮ ᠴᠢᠨᠠᠭᠰᠢᠳᠠ ᠲᠣᠳᠣᠷᠬᠠᠶᠢᠯᠠᠵᠤ ᠂ ᠵᠠᠩᠭᠢᠯᠠᠭ᠎ᠠ ᠶᠢᠨ ᠮᠡᠷᠭᠡᠵᠢᠯ ᠤᠨ ᠪᠣᠭᠤᠮᠲᠠ ᠰᠢᠪᠲᠤᠯᠬᠤ ᠪᠠ ᠵᠠᠬ᠎ᠠ ᠳᠡᠯᠭᠡᠭᠦᠷᠴᠢᠯᠡᠭᠰᠡᠨ ᠂ ᠠᠵᠤ ᠦᠢᠯᠡᠰᠵᠢᠭᠰᠡᠨ ᠬᠡᠷᠡᠭᠯᠡᠭᠡᠨ ᠢ ᠴᠢᠩᠭᠠᠳᠬᠠᠬᠤ ᠬᠡᠷᠡᠭᠲᠡᠢ ᠭᠡᠵᠦ ᠱᠠᠭᠠᠷᠳᠠᠪᠠ ᠃ ᠤᠮᠠᠷᠠᠲᠤ ᠶᠢᠨ ᠬᠤᠪᠣᠷ ᠰᠢᠷᠣᠢ ᠶᠢᠨ ᠰᠣᠷᠢᠨᠵᠢᠨ ᠮᠠᠲ᠋ᠧᠷᠢᠶᠠᠯ ᠤᠨ ᠺᠤᠮᠫᠠᠨᠢ ᠂ ᠲᠢᠶᠠᠨ ᠵᠢᠶᠣᠣ ᠴᠢᠩ ᠮᠧᠶ ᠬᠤᠪᠣᠷ ᠰᠢᠷᠣᠢ ᠶᠢᠨ ᠭᠢᠯᠠᠶᠢᠯᠭᠠᠬᠤ ᠨᠤᠨᠳᠠᠭ ᠤᠨ ᠺᠤᠮᠫᠠᠨᠢ ᠪᠣᠯᠣᠨ ᠬᠤᠪᠣᠷ ᠰᠢᠷᠣᠢ ᠶᠢᠨ ᠪᠣᠯᠣᠳ ᠬᠠᠪᠲᠠᠰᠤ ᠶᠢᠨ ᠦᠢᠯᠡᠳᠪᠦᠷᠢ ᠳᠤ ᠂ ᠸᠠᠩ ᠯᠢ ᠰᠢᠶᠠ ᠂ ᠡᠴᠦᠰ ᠤᠨ ᠬᠡᠯᠬᠢᠶ᠎ᠡ ᠶᠢᠨ ᠦᠢᠯᠡᠳᠬᠦᠨ ᠳᠤ ᠶᠠᠭᠤ ᠶᠠᠭᠤ ᠪᠠᠶᠢᠬᠤ ᠪᠤᠶ︖ ᠵᠠᠬ᠎ᠠ ᠳᠡᠯᠭᠡᠭᠦᠷ ᠤᠨ ᠬᠡᠪᠴᠢᠶ᠎ᠡ ᠬᠡᠳᠦᠢ ᠶᠡᠭᠡ ᠪᠠᠶᠢᠨ᠎ᠠ ︖ ᠭᠡᠵᠦ ᠦᠵᠡᠬᠦ ᠶᠢᠨ ᠳᠠᠭᠠᠤ ᠠᠰᠠᠭᠤᠪᠠ ᠃ ᠲᠡᠷᠡ ᠂ ᠡᠷᠬᠡᠪᠰᠢ ᠵᠠᠬ᠎ᠠ ᠳᠡᠯᠭᠡᠭᠦᠷ ᠢ ᠳᠠᠭᠠᠵᠤ ᠂ ᠥᠪᠡᠷᠮᠢᠴᠡ ᠡᠬᠢ ᠪᠠᠶᠠᠯᠢᠭ ᠤᠨ ᠳᠠᠪᠠᠭᠤᠯᠢᠭ ᠢᠶᠠᠨ ᠣᠨᠴᠠᠭᠠᠢ ᠪᠦᠲᠦᠭᠡᠭᠳᠡᠬᠦᠨ ᠤ ᠳᠠᠪᠠᠭᠤᠯᠢᠭ ᠪᠣᠯᠭᠠᠨ ᠬᠤᠪᠢᠷᠠᠭᠤᠯᠵᠤ ᠂ ᠶᠠᠭᠠᠬᠢᠵᠤ ᠵᠠᠬ᠎ᠠ ᠳᠡᠯᠭᠡᠭᠦᠷ ᠢ ᠡᠵᠡᠯᠡᠵᠦ ᠴᠢᠳᠠᠪᠠᠯ ᠲᠡᠭᠡᠵᠦ ᠬᠢᠬᠦ ᠬᠡᠷᠡᠭᠲᠡᠢ ᠭᠡᠵᠦ ᠬᠡᠯᠡᠪᠡ ᠃ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠴᠡᠪᠡᠷᠰᠢᠭᠦᠯᠦᠭᠰᠡᠨ ᠲᠡᠭᠡᠭᠡᠪᠦᠷᠢ ᠶᠢᠨ ᠲᠠᠪᠴᠠᠩ ᠢ ᠲᠣᠭᠤᠷᠢᠨ ᠦᠵᠡᠬᠦ ᠳᠡᠭᠡᠨ ᠂ ᠲᠡᠷᠡ ᠲᠤᠰᠬᠠᠢ ᠮᠡᠷᠭᠡᠵᠢᠯ ᠤᠨ ᠠᠵᠢᠯ ᠢ ᠲᠤᠰᠬᠠᠢ ᠮᠡᠷᠭᠡᠵᠢᠯ ᠤᠨ ᠬᠥᠮᠥᠨ ᠳᠤ ᠲᠤᠰᠢᠶᠠᠨ ᠭᠢᠯᠭᠡᠵᠦ ᠂ ᠲᠤᠰᠬᠠᠢ ᠮᠡᠷᠭᠡᠵᠢᠯ ᠤᠨ ᠬᠠᠮᠵᠢᠯᠴᠠᠭ᠎ᠠ ᠶᠢ ᠴᠢᠩᠭᠠᠳᠬᠠᠨ ᠂ ᠠᠮᠤᠷ ᠲᠦᠪᠰᠢᠨ ᠂ ᠣᠷᠴᠢᠨ ᠲᠣᠭᠤᠷᠢᠨ ᠢ ᠬᠠᠮᠠᠭᠠᠯᠠᠬᠤ ᠂ ᠦᠷ᠎ᠡ ᠠᠰᠢᠭ ᠲᠠᠢ ᠪᠠᠶᠢᠬᠤ ᠶᠢ ᠪᠡᠶᠡᠯᠡᠭᠦᠯᠬᠦ ᠬᠡᠷᠡᠭᠲᠡᠢ ᠭᠡᠵᠦ ᠬᠡᠯᠡᠪᠡ ᠃ ᠲᠡᠷᠡ ᠪᠠᠰᠠ ᠲᠤᠬᠠᠢ ᠶᠢᠨ ᠲᠠᠯᠠᠪᠠᠢ ᠳᠤ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠵᠣᠬᠢᠴᠠᠭᠤᠯᠤᠨ ᠠᠵᠤ ᠠᠬᠤᠶᠢᠯᠠᠯ ᠢ ᠬᠠᠪᠰᠤᠷᠤᠨ ᠵᠠᠬ᠎ᠠ ᠳᠡᠯᠭᠡᠭᠦᠷ ᠡᠷᠢᠵᠦ ᠂ ᠪᠡᠯᠡ ᠮᠥᠩᠭᠦ ᠡᠷᠢᠪᠡ ᠃
ᠳᠠᠷᠠᠭ᠎ᠠ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠳᠤᠷᠠᠳᠤᠭᠰᠠᠨ ᠬᠦᠴᠢᠷᠳᠡᠯ ᠪᠠ ᠠᠰᠠᠭᠤᠳᠠᠯ ᠳᠤ ᠂ ᠸᠠᠩ ᠯᠢ ᠰᠢᠶᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠯᠲᠠ ᠥᠭᠭᠦ ᠶᠢ ᠨᠢᠭᠡᠳ ᠨᠢᠭᠡ ᠪᠠᠷ ᠠᠩᠬᠠᠷᠤᠨ ᠬᠠᠷᠭᠤᠭᠤᠯᠬᠤ ᠶᠢᠨ ᠬᠠᠮᠲᠤ ᠡᠭᠦᠷᠭᠡ ᠶᠢ ᠬᠥᠮᠥᠨ ᠨᠢᠭᠡ ᠪᠦᠷᠢ ᠳᠤ ᠨᠠᠶᠢᠳᠠᠪᠤᠷᠢᠵᠢᠭᠤᠯᠪᠠ ᠃ ᠲᠡᠷᠡ ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠢ ᠰᠠᠶᠢᠲᠤᠷ ᠬᠥᠭᠵᠢᠭᠦᠯᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ ᠂ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠬᠥᠭᠵᠢᠯᠲᠡ ᠶᠢᠨ ᠠᠰᠠᠭᠤᠳᠠᠯ ᠢ ᠠᠵᠤ ᠠᠬᠤᠢ ᠶᠢᠨ ᠲᠠᠯ᠎ᠠ ᠠᠴᠠ ᠦᠵᠡᠬᠦ ᠪᠥᠭᠡᠳ ᠨᠡᠩ ᠴᠤ ᠤᠯᠤᠰ ᠲᠦᠷᠦ ᠶᠢᠨ ᠲᠠᠯ᠎ᠠ ᠠᠴᠠ ᠦᠵᠡᠬᠦ ᠬᠡᠷᠡᠭᠲᠡᠢ ᠃ ᠠᠤᠭ᠎ᠠ ᠰᠠᠨᠠᠭ᠎ᠠ ᠡᠷᠡᠯᠬᠡᠭ ᠵᠣᠷᠢᠭ ᠢᠶᠠᠷ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠢ ᠬᠦᠴᠦᠷᠬᠡᠭᠵᠢᠭᠦᠯᠵᠦ ᠂ ᠪᠦᠭᠦ ᠤᠯᠤᠰ ᠤᠨ ᠪᠣᠯᠣᠳ ᠲᠡᠮᠦᠷ ᠤᠨ ᠠᠵᠤ ᠠᠬᠤᠶᠢᠯᠠᠯ ᠤᠨ ᠳᠣᠲᠣᠷ᠎ᠠ ᠲᠡᠷᠢᠭᠦᠨ ᠵᠡᠷᠭᠡ ᠶᠢᠨ ᠬᠢ ᠪᠠᠷ ᠪᠠᠷᠢᠮᠵᠢᠶᠠᠯᠠᠵᠤ ᠂ ᠲᠡᠷᠢᠭᠦᠨ ᠵᠡᠷᠭᠡ ᠶᠢᠨ ᠬᠢ ᠶᠢ ᠴᠢᠷᠮᠠᠶᠢᠨ ᠡᠭᠦᠳᠴᠦ ᠂ ᠲᠡᠷᠢᠭᠦᠨ ᠵᠡᠷᠭᠡ ᠶᠢᠨ ᠲᠦᠪᠰᠢᠨ ᠲᠡᠶᠢᠰᠢ ᠠᠭᠢᠬᠤ ᠬᠡᠷᠡᠭᠲᠡᠢ ᠃ ᠨᠡᠶᠢᠲᠡ ᠶᠢᠨ ᠲᠥᠯᠥᠭᠡ ᠭᠤᠶᠠᠴᠢ ᠦᠭᠡᠢ ᠪᠠᠷ ᠥᠭᠡᠷᠡᠴᠢᠯᠡᠯᠲᠡ ᠶᠢ ᠠᠬᠢᠭᠤᠯᠵᠤ ᠂ ᠲᠤᠬᠠᠶᠢᠯᠠᠭᠰᠠᠨ ᠠᠵᠢᠯ ᠤᠨ ᠪᠠᠶᠢᠷᠢᠰᠢᠭᠤᠯᠤᠯᠲᠠ ᠪᠠᠨ ᠰᠢᠯᠢᠳᠡᠭᠵᠢᠭᠦᠯᠵᠦ ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠭᠦ ᠶᠢ ᠴᠢᠩᠭᠠᠳᠬᠠᠵᠤ ᠂ ᠬᠠᠮᠢᠶᠠᠷᠤᠯᠲᠠ ᠶᠢᠨ ᠲᠦᠪᠰᠢᠨ ᠢᠶᠠᠨ ᠳᠡᠭᠡᠭᠰᠢᠯᠡᠭᠦᠯᠵᠦ ᠂ ᠠᠶᠤᠯ ᠦᠭᠡᠢ ᠦᠢᠯᠡᠳᠪᠦᠷᠢᠯᠡᠯ ᠢ ᠴᠢᠩᠭ᠎ᠠ ᠠᠳᠬᠤᠵᠤ ᠂ ᠨᠠᠮ ᠳᠤ ᠬᠠᠷᠢᠭᠤᠴᠠᠵᠤ ᠂ ᠠᠵᠤ ᠠᠬᠤᠶᠢᠯᠠᠯ ᠳᠤ ᠬᠠᠷᠢᠭᠤᠴᠠᠵᠤ ᠂ ᠬᠤᠪᠢ ᠣᠷᠣᠭᠤᠯᠤᠭᠴᠢ ᠳᠤ ᠬᠠᠷᠢᠭᠤᠴᠠᠵᠤ ᠂ ᠪᠤᠭᠤᠲᠤ ᠶᠢᠨ ᠪᠣᠯᠣᠳ ᠲᠡᠮᠦᠷ ᠤᠨ ᠰᠦᠷ ᠬᠦᠴᠦᠨ ᠢ ᠲᠠᠭᠢᠨ ᠮᠠᠨᠳᠤᠭᠤᠯᠬᠤ ᠬᠡᠷᠡᠭᠲᠡᠢ ᠃ ᠲᠡᠦᠬᠡᠨ ᠳᠡᠭᠡᠷ᠎ᠡ 《ᠨᠢᠭᠡ ᠰᠡᠳᠬᠢᠯ ᠨᠡᠶᠢᠳᠠ ᠶᠢᠨ ᠬᠦᠴᠦᠨ ᠢᠶᠠᠷ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠢ ᠪᠦᠲᠦᠭᠡᠨ ᠪᠠᠶᠢᠭᠤᠯᠤᠭᠰᠠᠨ 》 ᠪᠠᠶᠢᠳᠠᠭ ᠂ ᠰᠢᠨ᠎ᠡ ᠴᠠᠭ ᠦᠶ᠎ᠡ ᠳᠤ 《ᠨᠢᠭᠡ ᠰᠡᠳᠬᠢᠯ ᠨᠡᠶᠢᠳᠠ ᠶᠢᠨ ᠬᠦᠴᠦᠨ ᠢᠶᠠᠷ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠢ ᠬᠥᠭᠵᠢᠭᠦᠯᠬᠦ》ᠬᠡᠷᠡᠭᠲᠡᠢ ᠂ ᠪᠦᠭᠦ ᠣᠷᠣᠨ ᠤ ᠬᠦᠴᠦᠨ ᠢ ᠲᠠᠶᠢᠴᠢᠯᠠᠨ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠂ ᠬᠠᠮᠲᠤ ᠪᠠᠷ ᠴᠢᠷᠮᠠᠶᠢᠵᠤ ᠪᠤᠭᠤᠲᠤ ᠶᠢᠨ ᠪᠣᠯᠣᠳ ᠲᠡᠮᠦᠷ ᠤᠨ ᠪᠦᠯᠦᠭᠯᠡᠯ ᠢ ᠪᠦᠭᠦ ᠥᠪᠥᠷ ᠮᠣᠩᠭᠤᠯᠴᠤᠳ ᠤᠨ ᠣᠮᠣᠭᠰᠢᠯ ᠪᠤᠯᠭᠠᠬᠤ ᠬᠡᠷᠡᠭᠲᠡᠢ ᠭᠡᠪᠡ ᠃
ᠳ᠋ᠢᠩ ᠰᠢᠤ ᠹᠧᠩ ᠂ ᠪᠠᠢ ᠴᠢᠩ ᠶᠤᠸᠠᠨ ᠣᠷᠣᠯᠴᠠᠵᠠᠢ ᠃