ᠵᠤᠬᠢᠶᠠᠭᠴᠢ:
ᠴᠠᠭ:2023-02-03
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠥᠪᠥᠷ ᠮᠣᠩᠭᠤᠯ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ 120 ᠵᠤᠷᠪᠤᠰ ᠲᠥᠷᠥ ᠶᠢᠨ ᠪᠣᠳᠣᠯᠭ᠎ᠠ ᠶᠢᠨ ᠨᠠᠷᠢᠨ ᠳᠠᠩᠰᠠ ᠶᠢ ᠨᠡᠶᠢᠲᠡᠯᠡᠪᠡ
2023 1 ᠳ᠋ᠦ᠋ᠭᠡᠷ ᠰᠠᠷ᠎ᠠ ᠶᠢᠨ 31 ᠤ ᠡᠳᠦᠷ᠂ 《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠲᠣᠭᠲᠠᠭᠤᠨ ᠤ ᠳᠤᠮᠳᠠ ᠲᠦᠷᠭᠡᠨ ᠤᠷᠤᠭᠰᠢᠯᠠᠬᠤ ᠲᠣᠭᠲᠠᠭᠤᠨ ᠤ ᠳᠤᠮᠳᠠ ᠴᠢᠨᠠᠷᠯᠢᠭ ᠤᠷᠤᠭᠰᠢᠯᠠᠬᠤ ᠶᠢ ᠪᠠᠷᠢᠮᠲᠠᠯᠠᠵᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ》︵ᠳᠣᠷᠣᠭᠰᠢ 《ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ》ᠭᠡᠵᠦ ᠲᠣᠪᠴᠢᠯᠠᠨ᠎ᠠ︶ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠥᠬᠡᠬᠤᠲᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠵᠢᠶᠣᠣ ᠪᠢᠩ ᡁᠢ ᠲᠦᠷᠦ ᠶᠢᠨ ᠪᠣᠳᠣᠯᠭ᠎ᠠ ᠶᠢ ᠨᠡᠶᠢᠲᠡᠯᠡᠭᠰᠡᠨ ᠠᠬᠤᠢ ᠪᠠᠶᠢᠳᠠᠯ᠂ ᠭᠤᠣᠯ ᠪᠦᠳᠦᠭᠦᠪᠴᠢ ᠲᠥᠰᠥᠪ ᠤᠨ ᠠᠭᠤᠯᠭ᠎ᠠ᠂ ᠳᠠᠷᠠᠭᠠᠴᠢ ᠶᠢᠨ ᠠᠯᠬᠤᠮ ᠤᠨ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠵᠡᠷᠭᠡ ᠶᠢ ᠵᠠᠷᠯᠠᠪᠠ᠃
1 ᠳ᠋ᠦ᠋ᠭᠡᠷ ᠰᠠᠷ᠎ᠠ ᠶᠢᠨ 19 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ 《ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2023 ᠣᠨ ᠤ ᠲᠣᠭᠲᠠᠭᠤᠨ ᠤ ᠳᠤᠮᠳᠠ ᠲᠦᠷᠭᠡᠨ ᠤᠷᠤᠭᠰᠢᠯᠠᠬᠤ ᠲᠣᠭᠲᠠᠭᠤᠨ ᠤ ᠳᠤᠮᠳᠠ ᠴᠢᠨᠠᠷᠯᠢᠭ ᠤᠷᠤᠭᠰᠢᠯᠠᠬᠤ ᠶᠢ ᠪᠠᠷᠢᠮᠲᠠᠯᠠᠵᠤ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ》 ᠶᠢ ᠠᠯᠪᠠᠨ ᠶᠣᠰᠣᠭᠠᠷ ᠳᠠᠷᠤᠮᠠᠯᠯᠠᠨ ᠲᠠᠷᠬᠠᠭᠠᠪᠠ᠂ ᠡᠨᠡ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠬᠦᠷᠭᠡᠭᠰᠡᠨ ᠵᠢᠯ ᠤᠨ ᠡᠬᠢᠨ ᠤ ᠲᠥᠷᠥ ᠶᠢᠨ ᠪᠣᠳᠣᠯᠭ᠎ᠠ ᠶᠢᠨ《ᠲᠣᠮᠣ ᠪᠡᠯᠡᠭ》 ᠪᠣᠯᠣᠨ᠎ᠠ᠂ ᠡᠨᠡ ᠨᠢ ᠵᠠᠬ᠎ᠠ ᠳᠡᠯᠭᠡᠭᠦᠷ ᠤᠨ ᠭᠤᠣᠯ ᠴᠣᠭᠴᠠ ᠳᠤ ᠲᠥᠷᠥ ᠶᠢᠨ ᠪᠣᠳᠣᠯᠭ᠎ᠠ ᠶᠢᠨ ᠠᠰᠢᠭ ᠲᠤᠰᠠ ᠶᠢ ᠡᠷᠲᠡᠬᠡᠨ ᠬᠦᠷᠲᠡᠭᠡᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠨᠠᠩ ᠰᠠᠶᠢᠲᠤᠷ ᠠᠬᠢᠭᠤᠯᠬᠤ ᠶᠢᠨ ᠲᠥᠯᠥᠭᠡ ᠶᠤᠮ᠃
ᠨᠢᠳᠤᠨᠤᠨ ᠂ ᠥᠪᠥᠷ ᠮᠣᠩᠭᠤᠯ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠠᠷᠭᠠᠴᠠᠬᠤ ᠶᠢ ᠳᠡᠮᠵᠢᠬᠦ᠂ ᠠᠵᠤ ᠦᠢᠯᠡᠰ ᠤᠨ ᠬᠡᠯᠬᠢᠶ᠎ᠡ ᠶᠢ ᠪᠣᠶᠢᠵᠢᠭᠤᠯᠤᠨ ᠪᠤᠵᠠᠭᠠᠶᠢᠷᠠᠭᠤᠯᠬᠤ᠂ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ ᠰᠣᠯᠢᠭᠳᠠᠯ ᠢ ᠲᠦᠷᠭᠡᠳᠬᠡᠬᠦ᠂ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠲᠠᠯ᠎ᠠ ᠶᠢ ᠪᠠᠭᠲᠠᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ 130 ᠵᠤᠷᠪᠤᠰ ᠨᠠᠷᠢᠨ ᠳᠠᠩᠰᠠ ᠶᠢ ᠨᠡᠶᠢᠲᠡᠯᠡᠵᠦ᠂ ᠵᠠᠬ᠎ᠠ ᠳᠡᠯᠭᠡᠭᠦᠷ ᠤᠨ ᠢᠲᠡᠭᠡᠯ ᠢ ᠨᠡᠮᠡᠭᠳᠡᠭᠦᠯᠦᠨ᠂ ᠠᠵᠤ ᠠᠬᠤᠢ ᠶᠢᠨ ᠠᠵᠢᠯᠯᠠᠭᠠᠨ ᠢ ᠲᠣᠭᠲᠠᠪᠤᠷᠢᠵᠢᠭᠤᠯᠪᠠ᠃ ᠡᠨᠡ ᠵᠢᠯ᠂ ᠨᠢᠳᠤᠨᠤᠨ ᠤ ᠲᠥᠷᠥ ᠶᠢᠨ ᠪᠣᠳᠣᠯᠭ᠎ᠠ ᠶᠢᠨ ᠰᠠᠭᠤᠷᠢᠨ ᠳᠡᠭᠡᠷ᠎ᠡ᠂ ᠥᠪᠥᠷ ᠮᠣᠩᠭᠤᠯ ᠴᠢᠨᠠᠷ ᠰᠠᠶᠢᠲᠠᠢ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ 120 ᠵᠤᠷᠪᠤᠰ ᠰᠢᠨ᠎ᠡ ᠨᠠᠷᠢᠨ ᠲᠠᠩᠰᠠ ᠶᠢ ᠤᠷᠢᠳᠴᠢᠯᠠᠨ ᠲᠥᠯᠥᠪᠯᠡᠵᠦ ᠨᠡᠶᠢᠲᠡᠯᠡᠭᠰᠡᠨ ᠪᠠᠶᠢᠨ᠎ᠠ᠃
《ᠲᠥᠷᠥ ᠶᠢᠨ ᠪᠣᠳᠣᠯᠭ᠎ᠠ ᠶᠢᠨ ᠨᠠᠷᠢᠨ ᠲᠠᠩᠰᠠ》 ᠨᠢ ᠭᠤᠣᠯᠳᠠᠭᠤ ᠲᠠᠪᠤᠨ ᠶᠡᠭᠡ ᠬᠡᠰᠡᠭ 120 ᠵᠦᠢᠯ ᠢ ᠪᠠᠭᠲᠠᠭᠠᠨ᠎ᠠ᠃ ᠡᠭᠦᠨ ᠳᠤ᠂ ᠨᠢᠭᠡᠳᠦᠭᠡᠷ ᠬᠡᠰᠡᠭ ᠨᠢ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ ᠥᠨᠳᠥᠷ ᠪᠦᠲᠦᠮᠵᠢᠲᠡᠶ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ 16 ᠵᠤᠷᠪᠤᠰ ᠪᠣᠯᠣᠨ᠎ᠠ᠃ ᠡᠭᠦᠨ ᠳᠤ ᠭᠤᠣᠯᠳᠠᠭᠤ ᠠᠮᠤ ᠪᠤᠳᠠᠭᠠᠨ ᠤ ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ᠂ ᠦᠷ᠎ᠡ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ᠂ ᠰᠦ ᠰᠠᠭᠠᠯᠢ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ᠂ ᠲᠠᠷᠢᠶᠠᠯᠠᠩ ᠮᠠᠯ ᠠᠵᠤ ᠠᠬᠤᠢ ᠶᠢᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠠᠬᠢᠭᠤᠯᠬᠤ ᠵᠡᠷᠭᠡ ᠪᠠᠭᠲᠠᠨ᠎ᠠ᠃ ᠬᠤᠶᠠᠳᠤᠭᠠᠷ ᠬᠡᠰᠡᠭ ᠨᠢ ᠠᠵᠤ ᠦᠢᠯᠡᠳᠪᠦᠷᠢ ᠶᠢ ᠲᠣᠬᠢᠷᠠᠭᠤᠯᠤᠨ ᠰᠢᠯᠢᠳᠡᠭᠵᠢᠭᠦᠯᠵᠦ ᠲᠡᠰ ᠳᠡᠪᠰᠢᠭᠦᠯᠬᠦ ᠶᠢ ᠠᠬᠢᠭᠤᠯᠬᠤ 45 ᠵᠤᠷᠪᠤᠰ ᠪᠣᠯᠣᠨ᠎ᠠ᠃ ᠡᠭᠦᠨ ᠳᠤ ᠭᠤᠣᠯᠳᠠᠭᠤ ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠬᠢᠶ᠎ᠡ ᠶᠢ ᠪᠣᠶᠢᠵᠢᠭᠤᠯᠤᠨ ᠪᠤᠵᠠᠭᠠᠶᠢᠷᠠᠭᠤᠯᠬᠤ᠂ ᠤᠳᠤ ᠦᠶ᠎ᠡ ᠶᠢᠨ ᠡᠨᠧᠷᠭᠢ ᠶᠢᠨ ᠠᠵᠤ ᠠᠬᠤᠢ ᠶᠢ ᠰᠠᠶᠢᠲᠤᠷ ᠬᠥᠭᠵᠢᠭᠦᠯᠬᠦ᠂ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠠᠵᠤ ᠦᠢᠯᠡᠰ ᠢ ᠬᠥᠭᠵᠢᠭᠦᠯᠬᠦ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠳᠡᠮᠵᠢᠬᠦ᠂ ᠠᠵᠤ ᠦᠢᠯᠡᠳᠪᠦᠷᠢ ᠶᠢᠨ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠬᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠡᠷᠬᠡ ᠰᠡᠳᠦᠪ ᠢ ᠰᠢᠢᠳᠪᠦᠷᠢᠯᠡᠬᠦ ᠡᠷᠴᠢᠮ ᠢ ᠴᠢᠩᠭᠠᠷᠠᠭᠤᠯᠬᠤ᠂ ᠳᠤᠮᠳᠠ ᠵᠢᠵᠢᠭ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠠᠬᠢᠭᠤᠯᠬᠤ ᠵᠡᠷᠭᠡ ᠪᠠᠭᠲᠠᠨ᠎ᠠ᠃ ᠭᠤᠷᠪᠠᠳᠤᠭᠠᠷ ᠬᠡᠰᠡᠭ ᠨᠢ ᠦᠢᠯᠡᠴᠢᠯᠡᠭᠡᠨ ᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠬᠤ ᠲᠤᠬᠠᠢ 21 ᠵᠤᠷᠪᠤᠰ ᠪᠣᠯᠣᠨ᠎ᠠ᠃ ᠡᠭᠦᠨ ᠳᠤ ᠭᠤᠣᠯᠳᠠᠭᠤ ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ ᠦᠢᠯᠡᠰ ᠢ ᠲᠦᠷᠭᠡᠪᠴᠢᠯᠡᠨ ᠪᠣᠶᠢᠵᠢᠭᠤᠯᠬᠤ᠂ ᠪᠠᠷᠠᠭᠠᠨ ᠤ ᠭᠦᠢᠯᠭᠡᠭᠡᠨ ᠤ ᠦᠢᠯᠡᠴᠢᠯᠡᠭᠡᠨ ᠤ ᠦᠢᠯᠡᠰ ᠢ ᠲᠦᠷᠭᠡᠪᠴᠢᠯᠡᠨ ᠬᠥᠭᠵᠢᠭᠦᠯᠬᠦ᠂ ᠬᠦᠷᠦᠯᠴᠡᠬᠦ ᠴᠢᠨᠠᠷᠲᠠᠢ ᠦᠢᠯᠡᠴᠢᠯᠡᠭᠡᠨ ᠤ ᠦᠢᠯᠡᠰ ᠢ ᠲᠦᠷᠭᠡᠪᠴᠢᠯᠡᠨ ᠰᠡᠷᠭᠦᠭᠡᠬᠦ᠂ ᠤᠯᠠᠮᠵᠢᠯᠠᠯᠲᠤ ᠦᠢᠯᠡᠴᠢᠯᠡᠭᠡᠨ ᠤ ᠦᠢᠯᠡᠰ ᠢ ᠲᠦᠷᠭᠡᠪᠴᠢᠯᠡᠨ ᠳᠡᠭᠡᠭᠰᠢᠯᠡᠭᠦᠯᠬᠦ ᠵᠡᠷᠭᠡ ᠪᠠᠭᠲᠠᠨ᠎ᠠ᠃ ᠳᠥᠷᠪᠡᠳᠦᠭᠡᠷ ᠬᠡᠰᠡᠭ ᠨᠢ ᠬᠦᠴᠦᠨ ᠵᠦᠢᠯ ᠤᠨ ᠲᠤᠯᠭᠠᠭᠤᠷᠢᠯᠠᠯ ᠢ ᠴᠢᠩᠭᠠᠳᠬᠠᠬᠤ 26 ᠵᠤᠷᠪᠤᠰ ᠪᠣᠯᠣᠨ᠎ᠠ᠃ ᠡᠭᠦᠨ ᠳᠤ ᠭᠤᠣᠯᠳᠠᠭᠤ ᠭᠠᠵᠠᠷ ᠰᠢᠷᠣᠢ ᠶᠢᠨ ᠴᠢᠬᠤᠯᠠ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠬᠤ᠂ ᠡᠨᠧᠷᠭᠢ ᠶᠢᠨ ᠬᠤᠷᠣᠭᠳᠠᠯ ᠤᠨ ᠭᠦᠢᠴᠡᠳᠬᠡᠯ ᠲᠤᠭ᠎ᠠ ᠶᠢ ᠵᠦᠢ ᠵᠣᠬᠢᠰᠲᠠᠢ ᠨᠢᠭᠡᠳᠦᠯᠲᠡᠢ ᠲᠥᠯᠥᠪᠵᠢᠭᠦᠯᠬᠦ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ᠂ ᠴᠢᠳᠠᠪᠤᠷᠢᠲᠠᠨ ᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠬᠤ ᠵᠡᠷᠭᠡ ᠪᠠᠭᠲᠠᠨ᠎ᠠ᠃ ᠲᠠᠪᠤᠳᠤᠭᠠᠷ ᠬᠡᠰᠡᠭ ᠨᠢ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ 12 ᠵᠤᠷᠪᠤᠰ ᠪᠣᠯᠣᠨ᠎ᠠ᠃ ᠡᠭᠦᠨ ᠳᠤ ᠭᠤᠣᠯᠳᠠᠭᠤ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠬᠦ᠂ ᠵᠠᠬ᠎ᠠ ᠳᠡᠯᠭᠡᠭᠦᠷ ᠤᠨ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠣᠷᠣᠨ ᠨᠤᠲᠤᠭ ᠤᠨ ᠠᠮᠢᠵᠢᠷᠠᠯ ᠤᠨ ᠬᠦᠴᠦᠨ ᠢ ᠬᠥᠭᠵᠢᠭᠡᠬᠦ ᠵᠡᠷᠭᠡ ᠪᠠᠭᠲᠠᠨ᠎ᠠ᠃
ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ᠂ ᠣᠷᠣᠨ ᠨᠤᠲᠤᠭ ᠤᠨ ᠮᠥᠩᠭᠦᠨ ᠭᠦᠢᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ 《ᠬᠦᠴᠦᠨ ᠵᠦᠢᠯ ᠤᠨ ᠲᠤᠯᠭᠠᠭᠤᠷᠢᠯᠠᠯ ᠢ ᠴᠢᠩᠭᠠᠳᠬᠠᠬᠤ》 ᠪᠠ 《ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ》 ᠬᠡᠰᠡᠭ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠠᠭᠤᠯᠭ᠎ᠠ᠂ ᠠᠰᠢᠭ ᠭᠥᠷᠳᠡᠬᠦ ᠬᠦᠮᠦᠰ᠂ ᠬᠡᠷᠡᠭᠵᠢᠭᠦᠯᠬᠦ ᠠᠷᠭ᠎ᠠ ᠵᠠᠮ᠂ ᠲᠥᠷᠥ ᠶᠢᠨ ᠪᠣᠳᠣᠯᠭ᠎ᠠ ᠶᠢᠨ ᠦᠷ᠎ᠡ ᠪᠦᠲᠦᠮᠵᠢ ᠵᠡᠷᠭᠡ ᠶᠢᠨ ᠲᠣᠭᠤᠷᠢᠨ ᠳᠤ ᠰᠤᠷᠪᠤᠯᠵᠢᠯᠠᠭᠴᠢ ᠶᠢᠨ ᠠᠰᠠᠭᠤᠯᠲᠠ ᠶᠢ ᠬᠠᠷᠢᠭᠤᠯᠪᠠ᠃