ᠵᠤᠬᠢᠶᠠᠭᠴᠢ:
ᠴᠠᠭ:2023-02-10
ᠥᠵᠡᠭᠰᠡᠨ : ℃
ᠢᠷᠡᠯᠲᠡ: ᠥᠪᠥᠷ ᠮᠣᠩᠭᠤᠯ ᠤᠨ ᠵᠠᠰᠠᠭ ᠤᠨ ᠣᠷᠳᠣᠨ
ᠠᠷᠠᠳ ᠤᠨ ᠶᠠᠪᠤᠳᠠᠯ ᠤᠨ ᠲᠢᠩᠬᠢᠮ 60 ᠵᠦᠢᠯ ᠤᠨ ᠠᠷᠭ᠎ᠠ ᠬᠡᠮᠵᠢᠶ᠎ᠡ ᠠᠪᠴᠤ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ ᠪᠠᠶᠢᠨ᠎ᠠ
2023 2 ᠰᠠᠷ᠎ᠠ ᠶᠢᠨ 2 ᠤᠨ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠶᠠᠪᠤᠳᠠᠯ ᠤᠨ ᠲᠢᠩᠬᠢᠮ 《ᠵᠢᠷᠤᠮᠵᠢᠭᠤᠯᠤᠨ ᠴᠣᠮᠬᠠᠳᠬᠠᠵᠤ ᠬᠤᠷᠳᠤᠴᠠ ᠶᠢ ᠳᠡᠭᠡᠭᠰᠢᠯᠡᠭᠦᠯᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠦ ᠪᠥᠬᠦ ᠲᠠᠯ᠎ᠠ ᠪᠠᠷ ᠠᠵᠢᠯ ᠤᠨ ᠪᠠᠷᠢᠮᠵᠢᠶ᠎ᠠ ᠶᠢ ᠳᠡᠭᠡᠭᠰᠢᠯᠡᠭᠦᠯᠦᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠪᠦᠲᠦᠮᠵᠢ ᠶᠢ ᠳᠡᠭᠡᠭᠰᠢᠯᠡᠭᠦᠯᠬᠦ ᠶᠢ ᠠᠬᠢᠭᠤᠯᠬᠤ ᠲᠤᠬᠠᠢ ᠠᠷᠭ᠎ᠠ ᠬᠡᠮᠵᠢᠶ᠎ᠡ》 ᠢ ᠳᠠᠷᠤᠮᠠᠯᠯᠠᠨ ᠲᠠᠷᠬᠠᠭᠠᠵᠤ᠂ 60 ᠵᠤᠷᠪᠤᠰ ᠪᠣᠳᠠᠲᠠᠢ ᠠᠷᠭ᠎ᠠ ᠬᠡᠮᠵᠢᠶ᠎ᠡ ᠪᠠᠷ ᠳᠠᠮᠵᠢᠭᠤᠯᠤᠨ᠂ 《ᠲᠦᠷᠭᠡᠨ》 ᠪᠠᠶᠢᠬᠤ ᠶᠢ ᠲᠡᠷᠢᠭᠦᠨ ᠳᠤ ᠲᠠᠯᠪᠢᠬᠤ᠂ 《ᠪᠣᠳᠠᠲᠠᠢ》ᠠᠵᠢᠯᠯᠠᠬᠤ ᠶᠢ ᠤᠷᠢᠳ ᠢᠶᠠᠷ ᠪᠣᠳᠣᠯᠬᠢᠯᠠᠵᠤ ᠂ 《ᠰᠢᠯᠢᠳᠡᠭ》 ᠠᠴᠠ ᠰᠢᠯᠢᠳᠡᠭ ᠢ ᠡᠷᠬᠢᠮᠯᠡᠬᠦ ᠪᠠᠷ ᠪᠠᠷᠢᠮᠵᠢᠶ᠎ᠠ ᠪᠣᠯᠭᠠᠵᠤ᠂ ᠠᠷᠠᠳ ᠤᠨ ᠶᠠᠪᠤᠳᠠᠯ ᠤᠨ ᠡᠯ᠎ᠡ ᠵᠦᠢᠯ ᠤᠨ ᠦᠢᠯᠡᠴᠢᠯᠡᠭᠡᠨ ᠤ ᠬᠠᠩᠭᠠᠯᠭ᠎ᠠ ᠶᠢ ᠰᠢᠯᠢᠳᠡᠭᠵᠢᠭᠦᠯᠦᠨ᠂ ᠠᠷᠠᠳ ᠤᠨ ᠶᠠᠪᠤᠳᠠᠯ ᠤᠨ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ ᠶᠢ ᠵᠣᠷᠢᠭᠰᠠᠨ ᠪᠠᠶᠢᠨ᠎ᠠ᠃
60 ᠵᠤᠷᠪᠤᠰ ᠪᠣᠳᠠᠲᠠᠢ ᠠᠷᠭ᠎ᠠ ᠬᠡᠮᠵᠢᠶ᠎ᠡ ᠨᠢ ᠠᠯᠪᠠᠨ ᠪᠢᠴᠢᠭ ᠤᠨ ᠪᠠᠷᠢᠮᠵᠢᠶ᠎ᠠ ᠶᠢ ᠳᠡᠭᠡᠭᠰᠢᠯᠡᠭᠦᠯᠬᠦ᠂ ᠬᠤᠷᠠᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠰᠢᠮᠳᠠᠭᠤᠯᠤᠨ ᠭᠦᠢᠴᠡᠳᠬᠡᠬᠦ ᠶᠠᠰᠤ ᠴᠢᠨᠠᠷ ᠢ ᠳᠡᠭᠡᠭᠰᠢᠯᠡᠭᠦᠯᠬᠦ᠂ ᠪᠠᠶᠢᠴᠠᠭᠠᠨ ᠰᠤᠳᠤᠯᠤᠯᠲᠠ ᠶᠢᠨ ᠵᠡᠷᠭᠡᠯᠡᠯ ᠢ ᠳᠡᠭᠡᠭᠰᠢᠯᠡᠭᠦᠯᠬᠦ᠂ ᠵᠠᠰᠠᠭ ᠤᠨ ᠶᠠᠪᠤᠳᠠᠯ ᠢ ᠢᠯᠡ ᠪᠣᠯᠭᠠᠨ ᠲᠦᠷᠭᠡᠳᠬᠡᠬᠦ᠂ ᠬᠠᠤᠯᠢ ᠪᠠᠷ ᠵᠠᠰᠠᠬᠤ ᠪᠠᠶᠢᠭᠤᠯᠤᠯᠲᠠ ᠶᠢ ᠠᠬᠢᠭᠤᠯᠬᠤ ᠂ ᠠᠵᠢᠯᠲᠠᠨ ᠤ ᠶᠠᠪᠤᠳᠠᠯ ᠤᠨ ᠬᠠᠮᠢᠶᠠᠷᠤᠯᠲᠠ ᠶᠢ ᠰᠢᠯᠢᠳᠡᠭᠵᠢᠭᠦᠯᠬᠦ ᠵᠡᠷᠭᠡ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠦ ᠂ ᠪᠢᠴᠢᠭ ᠮᠠᠲ᠋ᠧᠷᠢᠶᠠᠯ ᠶᠠᠪᠤᠭᠤᠯᠬᠤ᠂ ᠬᠦᠯᠢᠶᠡᠨ ᠠᠪᠬᠤ ᠪᠠ ᠭᠦᠢᠴᠡᠳᠬᠡᠬᠦ ᠬᠤᠷᠳᠤᠴᠠ ᠶᠢ ᠨᠡᠮᠡᠭᠳᠡᠭᠦᠯᠵᠦ ᠂ ᠲᠢᠩᠬᠢᠮ ᠤᠨ ᠤᠳᠤᠷᠢᠳᠤᠯᠭ᠎ᠠ 1 ᠠᠵᠢᠯᠯᠠᠬᠤ ᠡᠳᠦᠷ ᠤᠨ ᠳᠣᠲᠣᠷ᠎ᠠ ᠠᠯᠪᠠᠨ ᠪᠢᠴᠢᠭ ᠢ ᠤᠩᠰᠢᠨ ᠴᠣᠬᠤᠯᠠᠪᠥᠷᠢᠯᠠᠵᠦ ᠂ ᠭᠠᠵᠠᠷ ᠠᠯᠪᠠᠨ ᠭᠡᠷ ︵ᠨᠢᠭᠡᠴᠢ ︶ ᠤᠨ ᠬᠠᠷᠢᠭᠤᠴᠠᠯᠭᠠᠲᠠᠨ 1 ᠠᠵᠢᠯᠯᠠᠬᠤ ᠡᠳᠦᠷ ᠤᠨ ᠳᠣᠲᠣᠷ᠎ᠠ ᠡᠭᠦᠷᠭᠡ ᠶᠢ ᠠᠵᠢᠯᠲᠠᠨ ᠳᠤ ᠨᠠᠶᠢᠳᠠᠪᠤᠷᠢᠵᠢᠭᠤᠯᠤᠨ᠎ᠠ ︔ ᠰᠢᠮᠳᠠᠭᠤᠯᠤᠨ ᠭᠦᠢᠴᠡᠳᠬᠡᠬᠦ ᠵᠦᠢᠯᠡᠰ ᠤᠨ ᠡᠭᠦᠷᠭᠡ ᠶᠢ ᠬᠤᠪᠢᠶᠠᠷᠢᠯᠠᠬᠤ ᠂ ᠭᠦᠢᠴᠡᠳᠬᠡᠬᠦ᠂ ᠬᠠᠷᠢᠭᠤ ᠲᠤᠰᠬᠠᠬᠤ᠂ ᠴᠡᠭᠴᠡᠯᠡᠨ ᠰᠠᠶᠢᠵᠢᠷᠠᠭᠤᠯᠬᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠩ ᠤᠨ ᠪᠠᠶᠢᠳᠠᠯ ᠳᠤ 1—3 ᠠᠵᠢᠯᠯᠠᠬᠤ ᠡᠳᠦᠷ ᠤᠨ ᠳᠣᠲᠣᠷ᠎ᠠ ᠪᠠᠶᠢᠷᠢᠯᠠᠭᠤᠯᠤᠨ ᠨᠠᠶᠢᠳᠠᠪᠤᠷᠢᠵᠢᠭᠤᠯᠵᠤ᠂ 15 ᠠᠵᠢᠯᠯᠠᠬᠤ ᠡᠳᠦᠷ ᠤᠨ ᠳᠣᠲᠣᠷ᠎ᠠ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠪᠣᠶ ᠪᠣᠯᠭᠠᠨ᠎ᠠ︔ ᠰᠢᠮᠳᠠᠭᠤᠯᠤᠨ ᠭᠦᠢᠴᠡᠳᠬᠡᠬᠦ ᠡᠭᠦᠷᠭᠡ ᠶᠢᠨ ᠪᠥᠬᠦ ᠶᠠᠪᠤᠴᠠ ᠶᠢᠨ ᠬᠠᠮᠢᠶᠠᠷᠤᠯᠲᠠ ᠶᠢ ᠴᠢᠩᠭᠠᠳᠬᠠᠵᠤ᠂ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠤᠨ᠂ ᠪᠠᠶᠢᠴᠠᠭᠠᠨ ᠰᠤᠳᠤᠯᠤᠯᠲᠠ ᠶᠢᠨ ᠦᠷ᠎ᠡ ᠪᠦᠲᠦᠭᠡᠯ ᠤᠨ ᠤᠯᠠᠷᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤ ᠶᠢ ᠬᠠᠪᠰᠤᠷᠤᠨ ᠪᠣᠳᠠᠲᠠᠢ ᠠᠰᠠᠭᠤᠳᠠᠯ ᠢ ᠨᠢ ᠰᠢᠢᠳᠪᠦᠷᠢᠯᠡᠵᠦ ᠥᠭᠭᠦᠨ᠎ᠡ ︔ ᠦᠢᠯᠡᠴᠢᠯᠡᠭᠡᠨ ᠤ ᠵᠦᠢᠯᠡᠰ ᠢ ᠭᠦᠢᠴᠡᠳᠬᠡᠬᠦ ᠴᠠᠭ ᠢ ᠪᠣᠭᠤᠨᠢᠰᠬᠠᠵᠤ ᠂ ᠠᠵᠢᠯ ᠶᠠᠪᠤᠳᠠᠯ ᠭᠦᠢᠴᠡᠳᠬᠡᠬᠦ ᠭᠤᠭᠴᠤᠭ᠎ᠠ ᠶᠢ ᠴᠥᠭᠡᠳᠬᠡᠨ ᠂ ᠭᠤᠶᠤᠴᠢᠯᠠᠬᠤ ᠮᠠᠲ᠋ᠧᠷᠢᠶᠠᠯ ᠢ ᠴᠣᠮᠬᠠᠳᠬᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠤᠨ ᠶᠡᠷᠦᠩᠬᠡᠢ ᠠᠮᠠᠯᠠᠨ ᠭᠦᠢᠴᠡᠳᠬᠡᠬᠦ ᠴᠠᠭ ᠢ ᠬᠠᠤᠯᠢ ᠪᠠᠷ ᠲᠣᠭᠲᠠᠭᠠᠭᠰᠠᠨ ᠭᠦᠢᠴᠡᠳᠬᠡᠬᠦ ᠴᠠᠭ ᠠᠴᠠ 30% ᠠᠴᠠ ᠳᠡᠭᠡᠭᠰᠢ ᠪᠣᠭᠤᠨᠢᠰᠬᠠᠵᠤ ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠣᠩᠬᠤᠪᠴᠢ ᠶᠢᠨ ᠬᠠᠮᠤᠭ ᠠᠷᠪᠢᠨ ᠳᠤ ᠪᠠᠨ ᠨᠢᠭᠡ ᠤᠳᠠᠭ᠎ᠠ ᠭᠦᠶᠦᠯᠭᠡᠬᠦ ᠶᠢ ᠪᠡᠶᠡᠯᠡᠭᠦᠯᠬᠦ ᠵᠡᠷᠭᠡ ᠶᠢ ᠲᠣᠭᠲᠠᠭᠠᠪᠠ᠃