ᠵᠤᠬᠢᠶᠠᠭᠴᠢ:
ᠴᠠᠭ:2023-02-10
ᠥᠵᠡᠭᠰᠡᠨ : ℃
ᠢᠷᠡᠯᠲᠡ: ︽ᠥᠪᠥᠷ ᠮᠣᠩᠭᠤᠯ ᠤᠨ ᠡᠳᠦᠷ ᠤᠨ ᠰᠣᠨᠢᠨ︾
395 ᠲᠦᠮᠡᠨ ᠮᠦ︕ ᠮᠠᠨ ᠤ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ︽ᠬᠠᠪᠤᠷ ᠡᠬᠢᠯᠡᠮᠡᠭᠴᠡ ᠠᠵᠢᠯ ᠡᠬᠢᠯᠡᠪᠡ︾
ᠴᠠᠭᠠᠨ ᠰᠠᠷ᠎ᠠ ᠥᠩᠭᠡᠷᠡᠮᠡᠭᠴᠡ᠂ ᠪᠠᠶᠠᠨᠨᠠᠭᠤᠷ ᠬᠤᠳᠠ ᠶᠢᠨ 2023 ᠣᠨ ᠤ 93 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠨᠢᠭᠡᠨᠲᠡ ᠬᠦᠷ ᠬᠥᠭᠵᠢᠶᠡᠨ ᠲᠠᠢ ᠡᠬᠢᠯᠡᠪᠡ ᠃ ᠯᠢᠩᠾᠸ ᠲᠣᠭᠤᠷᠢᠭ ᠤᠨ ᠴᠸᠩᠭᠤᠸᠠᠨ ᠪᠠᠯᠭᠠᠰᠤᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠰᠢᠨ᠎ᠡ ᠪᠠᠷ ᠪᠠᠶᠢᠭᠤᠯᠬᠤ ᠲᠥᠷᠥᠯ ᠵᠦᠢᠯ ᠤᠨ ᠲᠣᠭᠤᠷᠢᠭ ᠤᠨ ᠪᠠᠷᠢᠯᠭ᠎ᠠ ᠶᠢᠨ ᠲᠤᠬᠠᠢ ᠶᠢᠨ ᠲᠠᠯᠠᠪᠠᠶ ᠳᠤ ᠂ ᠰᠢᠷᠣᠢ ᠲᠦᠯᠬᠢᠬᠦ ᠮᠠᠰᠢᠨ ᠂ ᠤᠬᠤᠭᠤᠷ ᠮᠠᠰᠢᠨ ᠵᠡᠷᠭᠡ ᠲᠣᠮᠣ ᠬᠡᠯᠪᠡᠷᠢ ᠶᠢᠨ ᠮᠠᠰᠢᠨ ᠮᠧᠬᠠᠨᠢᠭ ᠨᠠᠭᠠᠰᠢ ᠴᠠᠭᠠᠰᠢ ᠰᠦᠯᠵᠢᠯᠳᠦᠵᠦ ᠂ ᠥᠨᠳᠥᠷ ᠢ ᠨᠢ ᠲᠡᠭᠰᠢᠯᠡᠵᠦ ᠬᠤᠲᠣᠭᠤᠷ ᠢ ᠨᠢ ᠳᠦᠭᠦᠷᠭᠡᠵᠦ᠂ ᠭᠠᠵᠠᠷ ᠰᠢᠷᠣᠢ ᠶᠢ ᠲᠡᠭᠰᠢᠯᠡᠭᠰᠡᠨ ᠤ ᠳᠠᠷᠠᠭ᠎ᠠ ᠂ ᠠᠰᠬᠠᠨ ᠰᠢᠯᠤᠭᠤᠨ ᠤᠰᠤᠯᠠᠯᠲᠠ ᠶᠢᠨ ᠰᠤᠪᠠᠭ ᠪᠠ ᠮᠠᠰᠢᠨ ᠢᠶᠠᠷ ᠲᠠᠷᠢᠶᠠᠯᠠᠬᠤ ᠵᠠᠮ ᠠᠭᠠᠵᠢᠮ ᠢᠶᠠᠷ ᠪᠦᠷᠢᠯᠳᠦᠪᠡ ᠃
ᠡᠨᠡ ᠨᠢ ᠵᠥᠪᠬᠡᠨ ᠮᠠᠨ ᠤ ᠣᠷᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ《ᠬᠠᠪᠤᠷ ᠡᠬᠢᠯᠡᠮᠡᠭᠴᠡ ᠠᠵᠢᠯ ᠡᠬᠢᠯᠡᠬᠦ 》 ᠶᠢᠨ ᠨᠢᠭᠡᠨ ᠬᠤᠷᠢᠶᠠᠩᠭᠤᠢ ᠳᠦᠷᠰᠦ ᠪᠣᠯᠣᠨ᠎ᠠ᠃ ᠡᠨᠡ ᠵᠢᠯ ᠂ ᠤᠯᠤᠰ ᠠᠴᠠ 395 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠪᠠᠭᠤᠯᠭᠠᠪᠠ᠃ ᠮᠠᠨ ᠤ ᠣᠷᠣᠨ《ᠲᠥᠪᠯᠡᠷᠡᠭᠦᠯᠦᠭᠰᠡᠨ ᠬᠡᠪᠴᠢᠶ᠎ᠡ ᠨᠢ ᠶᠡᠭᠡ ᠂ ᠭᠠᠷᠤᠯᠲᠠ ᠶᠢᠨ ᠨᠡᠮᠡᠭᠳᠡᠴᠡ ᠨᠢ ᠶᠡᠭᠡ ᠂ ᠤᠰᠤ ᠠᠷᠪᠢᠯᠠᠬᠤ ᠳᠠᠯᠳᠠ ᠬᠦᠴᠦᠨ ᠨᠢ ᠶᠡᠭᠡ ᠂ ᠭᠠᠵᠠᠷ ᠰᠢᠷᠣᠢ ᠶᠢ ᠨᠡᠮᠡᠭᠳᠡᠭᠦᠯᠬᠦ ᠦᠷ᠎ᠡ ᠪᠦᠲᠦᠮᠵᠢ ᠨᠢ ᠶᠡᠭᠡ ᠪᠠᠶᠢᠯᠭᠠᠬᠤ 》 ᠪᠠᠷ ᠬᠠᠷᠠᠯᠲᠠ ᠪᠣᠯᠭᠠᠵᠤ ᠂ 2023 ᠣᠨ ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ ᠂ ᠲᠤᠬᠠᠢ ᠶᠢᠨ ᠵᠢᠯ ᠳᠤ ᠪᠠᠨ ᠠᠵᠢᠯ ᠳᠠᠭᠤᠰᠬᠠᠵᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠵᠤ ᠪᠠᠶᠢᠨ᠎ᠠ ᠃
ᠲᠦᠷᠤᠯ ᠵᠦᠢᠯ ᠢ ᠡᠷᠲᠡ ᠡᠬᠢᠯᠡᠭᠦᠯᠵᠦ ᠂ ᠡᠷᠲᠡ ᠪᠦᠲᠦᠭᠡᠨ ᠪᠠᠶᠢᠭᠤᠯᠤᠭᠰᠠᠨ ᠨᠢ ᠲᠦᠷᠤ ᠶᠢᠨ ᠪᠣᠳᠣᠯᠭ᠎ᠠ ᠶᠢ ᠲᠦᠷᠭᠡᠨ ᠨᠠᠶᠢᠳᠠᠪᠤᠷᠢᠵᠢᠭᠤᠯᠵᠤ᠂ ᠡᠮᠦᠨᠡᠬᠢ ᠬᠤᠭᠤᠴᠠᠭᠠᠨ ᠤ ᠠᠵᠢᠯ ᠢ ᠲᠦᠷᠭᠡᠨ ᠬᠢᠵᠦ ᠂ ᠪᠡᠯᠡ ᠮᠥᠩᠭᠦ ᠶᠢ ᠲᠦᠷᠭᠡᠨ ᠪᠠᠭᠤᠯᠭᠠᠭᠰᠠᠨ ᠤ ᠬᠦᠴᠦᠲᠡᠢ ᠪᠠᠲᠤᠯᠠᠭ᠎ᠠ ᠠᠴᠠ ᠪᠣᠯᠤᠭᠰᠠᠨ ᠶᠤᠮ ᠃ ᠨᠢᠳᠤᠨᠤᠨ ᠮᠠᠨ ᠤ ᠣᠷᠣᠨ 《ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠠᠷᠪᠠᠨ ᠨᠢᠭᠡᠨ ᠵᠤᠷᠪᠤᠰ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠲᠤᠬᠠᠢ ᠮᠡᠳᠡᠭᠳᠡᠯ》 ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ ᠂ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠲᠠᠷᠢᠶᠠᠯᠠᠬᠤ ᠮᠠᠯᠵᠢᠬᠤ ᠣᠷᠣᠨ ᠤ ᠲᠢᠩᠬᠢᠮ ᠠᠴᠠ ᠪᠢᠴᠢᠭ ᠮᠠᠲ᠋ᠧᠷᠢᠶᠠᠯ ᠳᠤ ᠳᠤᠷᠠᠳᠤᠭᠰᠠᠨ ᠬᠠᠮᠢᠶ᠎ᠠ ᠪᠦᠬᠦᠢ ᠠᠷᠭ᠎ᠠ ᠬᠡᠮᠵᠢᠶ᠎ᠡ ᠶᠢ ᠳᠠᠷᠤᠢ ᠲᠦᠷᠭᠡᠨ 54 ᠵᠦᠢᠯ ᠤᠨ ᠪᠣᠳᠠᠲᠠᠢ ᠠᠵᠢᠯ ᠪᠣᠯᠭᠠᠨ ᠬᠤᠪᠢᠶᠠᠵᠤ ᠂ ᠲᠣᠰ ᠲᠣᠰ ᠠᠵᠢᠯ ᠤᠨ ᠠᠭᠤᠯᠭ᠎ᠠ ᠂ ᠬᠠᠷᠢᠭᠤᠴᠠᠯᠭᠠᠲᠤ ᠨᠢᠭᠡᠴᠢ ᠂ ᠬᠠᠷᠢᠭᠤᠴᠠᠯᠭᠠᠲᠤ ᠬᠥᠮᠥᠨ ᠪᠠ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠪᠠ᠃ ᠡᠭᠦᠨ ᠤ ᠬᠠᠮᠲᠤ ᠂ 7 ᠵᠦᠢᠯ ᠤᠨ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠶᠢ ᠳᠠᠷᠤᠮᠠᠯᠯᠠᠨ ᠲᠠᠷᠬᠠᠭᠠᠵᠤ ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠬᠢᠨᠠᠨ ᠵᠥᠪᠰᠢᠶᠡᠷᠡᠬᠦ ᠶᠠᠪᠤᠴᠠ ᠶᠢ ᠶᠡᠭᠡ ᠬᠡᠮᠵᠢᠶ᠎ᠡ ᠪᠠᠷ ᠳᠥᠭᠦᠮᠴᠢᠯᠡᠵᠦ ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠪᠣᠭᠤᠨᠢᠰᠬᠠᠨ ᠂ ᠲᠥᠷᠥᠯ ᠵᠦᠢᠯ ᠤᠨ ᠠᠵᠢᠯ ᠡᠬᠢᠯᠡᠬᠦ ᠶᠢ ᠨᠥᠯᠥᠭᠡᠯᠡᠬᠦ ᠲᠥᠷᠥ ᠶᠢᠨ ᠪᠣᠳᠣᠯᠭ᠎ᠠ ᠶᠢᠨ ᠲᠦᠭᠵᠢᠷᠡᠯ ᠢ ᠨᠡᠪᠲᠡᠷᠡᠭᠦᠯᠪᠡ᠃ ᠪᠠᠰᠠ ᠲᠦᠷᠦᠯ ᠵᠦᠢᠯ ᠤᠨ ᠬᠠᠳᠠᠭᠠᠯᠠᠮᠵᠢ ᠶᠢᠨ ᠬᠥᠮᠥᠷᠭᠡ ᠶᠢᠨ ᠮᠡᠳᠡᠭᠡ ᠵᠠᠩᠭᠢ ᠶᠢ ᠢᠳᠡᠪᠬᠢᠲᠡᠢ ᠲᠡᠭᠦᠯᠳᠡᠷᠵᠢᠭᠦᠯᠵᠦ ᠂ ᠵᠢᠷᠤᠭ ᠲᠥᠯᠥᠪᠯᠡᠭᠡ ᠂ ᠳᠠᠭᠠᠭᠠᠴᠢᠯᠠᠯᠲᠠ ᠵᠠᠷᠯᠠᠬᠤ ᠵᠡᠷᠭᠡ ᠡᠮᠦᠨᠡᠬᠢ ᠬᠤᠭᠤᠴᠠᠭᠠᠨ ᠤ ᠠᠵᠢᠯ ᠢ ᠤᠷᠢᠳᠴᠢᠯᠠᠨ ᠲᠥᠯᠥᠪᠵᠢᠭᠦᠯᠵᠦ ᠂ ᠤᠷᠢᠳᠴᠢᠯᠠᠨ ᠡᠬᠢᠯᠡᠭᠦᠯᠪᠡ᠃ ᠣᠳᠣᠬᠠᠨ ᠳᠤ ᠨᠢᠭᠡᠨᠲᠡ 206 ᠲᠦᠮᠡᠨ ᠮᠦ ᠵᠢᠷᠤᠭ ᠲᠥᠯᠥᠪᠯᠡᠭᠡ ᠶᠢᠨ ᠳᠠᠭᠠᠭᠠᠴᠢᠯᠠᠯᠲᠠ ᠵᠠᠷᠯᠠᠬᠤ ᠶᠢ ᠪᠡᠶᠡᠯᠡᠭᠦᠯᠵᠦ ᠂ 70 ᠲᠦᠮᠡᠨ ᠮᠦ ᠵᠢᠷᠤᠭ ᠲᠥᠯᠥᠪᠯᠡᠭᠡ ᠶᠢᠨ ᠬᠢᠨᠠᠨ ᠲᠣᠭᠲᠠᠭᠠᠯᠲᠠ ᠶᠢ ᠪᠡᠶᠡᠯᠡᠭᠦᠯᠵᠦ ᠂ ᠲᠥᠷᠥᠯ ᠵᠦᠢᠯ ᠤᠨ ᠠᠬᠢᠴᠠ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠶᠡᠭᠡ ᠪᠠᠷ ᠤᠷᠢᠲᠠᠪᠠ ᠃ ᠮᠠᠨ ᠤ ᠣᠷᠣᠨ ᠪᠠᠰᠠ ᠲᠥᠷᠥ ᠶᠢᠨ ᠪᠣᠳᠣᠯᠭ᠎ᠠ ᠨᠡᠶᠢᠲᠡᠯᠡᠵᠦ ᠂ 2022 ᠣᠨ ᠤ ᠡᠳ᠋ ᠤᠨ ᠵᠠᠰᠠᠭ ᠤᠨ ᠨᠥᠬᠦᠪᠦᠷᠢ ᠶᠢᠨ ᠪᠠᠷᠢᠮᠵᠢᠶ᠎ᠠ ᠪᠠᠷ ᠯᠠᠪᠯᠠᠯᠲᠠ ᠪᠣᠯᠭᠠᠵᠤ ᠂ ᠠᠶᠢᠮᠠᠭ ᠬᠤᠲᠠ ᠂ ᠬᠤᠰᠢᠭᠤ ᠰᠢᠶᠠᠨ ᠤ ᠵᠠᠰᠠᠭ ᠤᠨ ᠣᠷᠳᠣᠨ ᠤ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠪᠦᠬᠦᠨ ᠢ ᠲᠥᠪ ᠵᠢᠴᠢ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠡᠳ᠋ ᠤᠨ ᠵᠠᠰᠠᠭ ᠠᠴᠠ ᠡᠭᠦᠷᠭᠡᠯᠡᠵᠦ ᠂ ᠪᠥᠬᠦ ᠣᠷᠣᠨ ᠤ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠤᠷᠤᠭᠰᠢᠲᠠᠢ ᠶᠠᠪᠤᠭᠳᠠᠬᠤ ᠶᠢ ᠬᠦᠴᠦᠲᠡᠢ ᠪᠠᠲᠤᠯᠠᠬᠤ ᠪᠣᠯᠣᠨ᠎ᠠ᠃
ᠡᠨᠡ ᠵᠢᠯ ᠂ ᠮᠠᠨ ᠤ ᠣᠷᠣᠨ 《ᠨᠢᠭᠡ ᠳᠠᠶᠢᠯᠠᠯᠳᠤᠭᠠᠨ ᠢ ᠰᠠᠶᠢᠲᠤᠷ ᠬᠢᠵᠦ ᠂ ᠭᠤᠷᠪᠠᠨ ᠶᠡᠭᠡ ᠡᠭᠦᠷᠭᠡ ᠶᠢ ᠪᠡᠶᠡᠯᠡᠭᠦᠯᠬᠦ》 ᠭᠤᠣᠯᠳᠠᠯᠭ᠎ᠠ ᠲᠠᠢ ᠬᠦᠴᠦᠯᠡᠬᠦ ᠪᠣᠯᠣᠨ᠎ᠠ᠃ 《ᠨᠢᠭᠡ ᠳᠠᠶᠢᠯᠠᠯᠳᠤᠭᠠᠨ 》 ᠨᠢ ᠲᠤᠬᠠᠶᠢᠯᠠᠪᠠᠯ ᠬᠠᠪᠤᠷ ᠤᠨ ᠤᠯᠠᠷᠢᠯ ᠤᠨ ᠭᠠᠵᠠᠷ ᠲᠠᠷᠢᠶ᠎ᠠ ᠶᠢ ᠲᠡᠭᠰᠢᠯᠡᠬᠦ ᠬᠠᠮᠲᠤᠷᠠᠭᠰᠠᠨ ᠳᠠᠢᠯᠠᠯᠳᠤᠭᠠᠨ ᠪᠣᠯᠣᠨ᠎ᠠ ᠃ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠲᠠᠷᠢᠶᠠᠯᠠᠬᠤ ᠮᠠᠯᠵᠢᠬᠤ ᠣᠷᠣᠨ ᠤ ᠲᠢᠩᠬᠢᠮ ᠠᠴᠠ ᠡᠯ᠎ᠡ ᠭᠠᠵᠠᠷ ᠢ ᠵᠣᠬᠢᠶᠠᠨ ᠪᠠᠶᠢᠭᠤᠯᠤᠨ ᠤᠷᠢᠳᠴᠢᠯᠠᠨ ᠲᠥᠯᠥᠪᠵᠢᠭᠦᠯᠵᠦ ᠂ 《ᠭᠤᠷᠪᠠ ᠶᠢ ᠡᠪᠳᠡᠬᠦ ᠂ ᠲᠠᠪᠤ ᠶᠢ ᠨᠢᠭᠡᠳᠬᠡᠬᠦ ᠂ ᠨᠢᠭᠡ ᠶᠢ ᠳᠠᠬᠢᠨ ᠬᠤᠪᠢᠶᠠᠷᠢᠯᠠᠨ ᠡᠵᠡᠩᠨᠡᠬᠦ 》 ᠪᠦᠲᠦᠭᠡᠨ ᠪᠠᠶᠢᠭᠤᠯᠤᠯᠲᠠ ᠶᠢᠨ ᠵᠠᠭᠪᠤᠷ ᠢᠶᠠᠷ ᠲᠥᠷᠥᠯ ᠵᠦᠢᠯ ᠢ 《ᠤᠷᠢᠳ ᠢᠶᠠᠷ ᠲᠡᠭᠰᠢᠯᠡᠵᠦ ᠂ ᠳᠠᠷᠠᠭ᠎ᠠ ᠨᠢ ᠪᠦᠲᠦᠭᠡᠨ ᠪᠠᠶᠢᠭᠤᠯᠬᠤ》 ᠪᠣᠯᠣᠨ᠎ᠠ ᠃ ᠣᠳᠣᠬᠠᠨ ᠤ ᠠᠬᠢᠴᠠ ᠪᠠᠷ ᠲᠥᠰᠥᠭᠡᠯᠡᠨ ᠪᠤᠳᠤᠪᠠᠯ ᠂ ᠭᠠᠵᠠᠷ ᠰᠢᠷᠣᠢ ᠶᠢ ᠲᠡᠭᠰᠢᠯᠡᠬᠦ ᠬᠠᠮᠲᠤᠷᠠᠭᠰᠠᠨ ᠳᠠᠶᠢᠯᠠᠯᠳᠤᠭᠠᠨ ᠢᠶᠠᠷ ᠳᠠᠮᠵᠢᠨ ᠂ ᠰᠢᠨ᠎ᠡ ᠪᠠᠷ 400 ᠲᠦᠮᠡᠨ ᠮᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠬᠠᠪᠤᠷ ᠤᠨ ᠲᠠᠷᠢᠶᠠᠯᠠᠭ᠎ᠠ ᠶᠢᠨ ᠦᠶ᠎ᠡ ᠳᠤ ᠠᠰᠢᠭᠯᠠᠯᠲᠠ ᠳᠤ ᠣᠷᠣᠭᠤᠯᠵᠤ ᠂ ᠡᠨᠡ ᠨᠢ ᠨᠢᠳᠤᠨᠤᠨ ᠤ ᠭᠠᠵᠠᠷ ᠰᠢᠷᠣᠢ ᠶᠢ ᠲᠡᠭᠰᠢᠯᠡᠬᠦ ᠬᠠᠮᠲᠤᠷᠠᠭᠰᠠᠨ ᠳᠠᠶᠢᠯᠠᠯᠳᠤᠭᠠᠨ ᠤ ᠦᠶ᠎ᠡ ᠶᠢᠨ ᠬᠢ ᠠᠴᠠ 146 ᠲᠦᠮᠡᠨ ᠮᠦ ᠨᠡᠮᠡᠭᠳᠡᠵᠦ ᠂ 2023 ᠣᠨ ᠳᠤ ᠪᠦᠬᠦ ᠣᠷᠣᠨ ᠤ ᠠᠮᠤ ᠪᠤᠳᠠᠭᠠᠨ ᠤ ᠦᠢᠯᠡᠳᠪᠦᠷᠢᠯᠡᠯ ᠤᠨ ᠴᠢᠳᠠᠪᠤᠷᠢ ᠶᠢ 8 ᠳ᠋ᠦᠩᠰᠢᠭᠤᠷ ᠵᠢᠩ ᠰᠢᠨ᠎ᠡ ᠪᠠᠷ ᠨᠡᠮᠡᠭᠳᠡᠭᠦᠯᠬᠦ ᠶᠢ ᠳᠠᠶᠢᠴᠢᠯᠠᠬᠤ ᠪᠣᠯᠣᠨ᠎ᠠ ᠃
ᠡᠭᠦᠨ ᠤ ᠵᠡᠷᠭᠡ ᠳᠤ᠂ ᠪᠠᠰᠠ ᠬᠦᠴᠦᠨ ᠢᠶᠠᠨ ᠲᠥᠪᠯᠡᠷᠡᠭᠦᠯᠦᠨ 《 ᠭᠤᠷᠪᠠᠨ ᠶᠡᠭᠡ ᠡᠭᠦᠷᠭᠡ 》 ᠶᠢ ᠪᠡᠶᠡᠯᠡᠭᠦᠯᠦᠨ᠎ᠡ᠃ ᠡᠨᠡ ᠵᠢᠯ ᠡᠭᠦᠷᠭᠡ ᠶᠢᠨ ᠬᠡᠮᠵᠢᠶ᠎ᠡ ᠨᠢ 15 ᠲᠦᠮᠡᠨ ᠮᠦ ᠶᠢ ᠳᠠᠪᠠᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ 20 ᠬᠤᠰᠢᠭᠤ ᠰᠢᠶᠠᠨ ᠢ ᠪᠣᠶ ᠪᠣᠯᠭᠠᠨ᠎ᠠ︔ ᠤᠯᠤᠰ ᠤᠨ ᠪᠦᠯᠦᠭ ᠤᠨ ᠪᠥᠬᠦ ᠣᠷᠣᠨ ᠪᠦᠰᠡ ᠪᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠤᠷᠰᠢᠯᠲᠠ ᠶᠢᠨ ᠴᠡᠭ ᠪᠣᠯᠬᠤ ᠪᠠᠷ ᠢᠳᠡᠪᠬᠢᠲᠡᠢ ᠴᠢᠷᠮᠠᠶᠢᠵᠤ ᠂ ᠪᠠᠶᠠᠨᠨᠠᠭᠤᠷ ᠬᠤᠲᠠ ᠪᠠ ᠬᠢᠩᠭᠠᠨ ᠠᠶᠢᠮᠠᠭ ᠤᠨ ᠵᠠᠯᠠᠶᠢᠳ ᠬᠤᠰᠢᠭᠤᠨ ᠤ ᠪᠥᠬᠦ ᠣᠷᠣᠨ ᠪᠦᠰᠡ ᠪᠠᠷ ᠠᠬᠢᠭᠤᠯᠬᠤ ᠲᠤᠷᠰᠢᠯᠲᠠ ᠶᠢᠨ ᠴᠡᠭ ᠢ ᠭᠤᠣᠯᠳᠠᠯᠭ᠎ᠠ ᠲᠠᠢ ᠳᠡᠮᠵᠢᠨ᠎ᠡ︔ ᠨᠢᠭᠡ ᠪᠦᠯᠦᠭ ᠲᠥᠪᠯᠡᠷᠡᠨ ᠵᠠᠯᠭᠠᠯᠳᠤᠭᠰᠠᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠤᠨ᠎ᠠ ᠂ ᠡᠭᠦᠨ ᠳᠤ ᠪᠠᠶᠠᠨᠨᠠᠭᠤᠷ ᠬᠤᠲᠠ ᠶᠢᠨ ᠤᠷᠠᠳ ᠤᠨ ᠡᠮᠦᠨᠡᠲᠦ ᠬᠤᠰᠢᠭᠤᠨ ᠳᠤ 8 ᠲᠦᠮᠡᠨ ᠮᠦ ᠲᠥᠪᠯᠡᠷᠡᠨ ᠵᠠᠯᠭᠠᠯᠳᠤᠭᠰᠠᠨ ᠵᠢᠱᠢᠶ᠎ᠡ ᠦᠵᠡᠭᠦᠯᠬᠦ ᠣᠷᠣᠨ ᠢ ᠪᠠᠶᠢᠭᠤᠯᠵᠤ ᠂ ᠣᠷᠳᠣᠰ ᠬᠤᠲᠠ ᠶᠢᠨ ᠳᠠᠯᠠᠳ ᠬᠤᠰᠢᠭᠤ ᠂ ᠬᠥᠯᠥᠨ ᠪᠤᠶᠢᠷ ᠬᠤᠲᠠ ᠶᠢᠨ ᠵᠠᠯᠠᠨ ᠠᠶᠢᠯ ᠬᠤᠲᠠ ᠂ ᠠᠷᠤᠨ ᠬᠤᠰᠢᠭᠤ ᠪᠥᠬᠦ ᠲᠣᠰᠬᠤᠨ ᠢᠶᠠᠷ ᠢᠶᠠᠨ ᠠᠬᠢᠭᠤᠯᠬᠤ ᠵᠠᠭᠪᠤᠷ ᠢᠶᠠᠷ 2 ᠲᠦᠮᠡᠨ ᠮᠦ ᠠᠴᠠ ᠳᠡᠭᠡᠭᠰᠢᠬᠢ ᠲᠠᠩ ᠬᠡᠰᠡᠭ ᠲᠠᠢ ᠲᠥᠷᠥᠯ ᠵᠦᠢᠯ ᠤᠨ ᠣᠷᠣᠨ ᠢ ᠪᠠᠶᠢᠭᠤᠯᠤᠨ᠎ᠠ᠃